2024-03-31 11:29:17
ᠰᠢᠨ᠎ᠡ ᠬᠢᠴᠢᠶᠡᠯ᠎ᠦᠨ ᠪᠠᠷᠢᠮᠵᠢᠶ᠎ᠠ᠎ᠶᠢ ᠬᠡᠷᠡᠭᠵᠢᠬᠦᠯᠵᠦ ᠪᠦᠬᠦᠢ ᠠᠬᠤᠢ ᠪᠠᠢᠳᠠᠯ ᠳᠣᠣᠷᠠᠬᠢ ᠬᠡᠯᠡ ᠪᠢᠴᠢᠭ᠎ᠦᠨ ᠵᠢᠭᠠᠨ ᠰᠤᠷᠭᠠᠯᠲᠠ᠎ᠶᠢᠨ ᠪᠦᠲᠦᠮᠵᠢᠲᠡᠶ ᠠᠷᠭ᠎ᠠ ᠵᠠᠮ᠎ᠢ ᠰᠦᠪᠡᠭᠴᠢᠯᠡᠬᠦ᠎ᠶᠢᠨ ᠲᠥᠯᠥᠭᠡ᠂ ᠲᠦᠷᠦᠭᠦᠬᠡᠨ ᠬᠥᠬᠡᠬᠣᠲᠠ᠎ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠰᠤᠳᠤᠯᠭᠠᠨ᠎ᠤ ᠲᠥᠪ ᠬᠥᠬᠡᠬᠣᠲᠠ᠎ᠶᠢᠨ ᠭᠤᠴᠢᠳᠤᠭᠠᠷ ᠳᠤᠮᠳᠠᠳᠤ ᠰᠤᠷᠭᠠᠭᠤᠯᠢ᠎ᠳᠤ ᠪᠠᠭ᠎ᠠ ᠰᠤᠷᠭᠠᠭᠤᠯᠢ᠎ᠶᠢᠨ ᠬᠡᠯᠡ ᠪᠢᠴᠢᠭ᠎ᠦᠨ 《ᠰᠢᠨ᠎ᠡ ᠬᠢᠴᠢᠶᠡᠯ᠎ᠦᠨ ᠪᠠᠷᠢᠮᠵᠢᠶ᠎ᠠ᠎ᠳᠤ ᠰᠠᠭᠤᠷᠢᠯᠠᠨ ᠵᠢᠭᠠᠨ ᠰᠤᠷᠭᠠᠯᠲᠠ᠎ᠶᠢᠨ ᠦᠨᠡᠯᠡᠯᠲᠡ᠎ᠶᠢ ᠨᠢᠭᠡ ᠴᠣᠭᠴᠠᠵᠢᠭᠤᠯᠬᠤ ᠵᠢᠷᠤᠭ ᠲᠥᠯᠥᠪᠯᠡᠭᠡ᠎ᠶᠢ ᠴᠢᠩᠭᠠᠳᠬᠠᠬᠤ》ᠦᠵᠡᠭᠦᠯᠭᠡ ᠪᠠ ᠰᠣᠯᠢᠯᠴᠠᠭᠠᠨ᠎ᠤ ᠠᠵᠢᠯᠯᠠᠭ᠎ᠠ ᠥᠷᠨᠢᠭᠦᠯᠪᠡ᠃ ᠬᠥᠬᠡᠬᠣᠲᠠ᠎ᠶᠢᠨ ᠭᠤᠴᠢᠳᠤᠭᠠᠷ ᠳᠤᠮᠳᠠᠳᠤ ᠰᠤᠷᠭᠠᠭᠤᠯᠢ᠂ ᠬᠥᠬᠡᠬᠣᠲᠠ᠎ᠶᠢᠨ ᠮᠣᠩᠭᠣᠯ ᠦᠨᠳᠦᠰᠦᠲᠡᠨ᠎ᠦ ᠰᠤᠷᠭᠠᠭᠤᠯᠢ᠂ ᠬᠥᠬᠡᠬᠣᠲᠠ᠎ᠶᠢᠨ ᠦᠨᠳᠦᠰᠦᠲᠡᠨ᠎ᠦ ᠲᠤᠷᠰᠢᠯᠲᠠ᠎ᠶᠢᠨ ᠰᠤᠷᠭᠠᠭᠤᠯᠢ᠎ᠶᠢᠨ ᠬᠡᠯᠡ ᠪᠢᠴᠢᠭ᠎ᠦᠨ ᠪᠠᠭ᠍ᠰᠢ ᠨᠠᠷ ᠲᠣᠭᠣᠷᠢᠨ ᠦᠵᠡᠵᠦ ᠰᠠᠨᠠᠯ᠎ᠢᠶᠠᠨ ᠰᠣᠯᠢᠯᠴᠠᠵᠠᠢ᠃
ᠠᠵᠢᠯᠯᠠᠭ᠎ᠠ᠎ᠳᠤᠮᠳᠠ᠂ ᠬᠥᠬᠡᠬᠣᠲᠠ᠎ᠶᠢᠨ ᠭᠤᠴᠢᠳᠤᠭᠠᠷ ᠳᠤᠮᠳᠠᠳᠤ ᠰᠤᠷᠭᠠᠭᠤᠯᠢ ᠵᠢᠨ ᠼᠧᠨ ᠶᠠᠩ ᠶᠠᠩ ᠪᠠᠭ᠍ᠰᠢ ᠪᠣᠯᠣᠨ ᠬᠥᠬᠡᠬᠣᠲᠠ᠎ᠶᠢᠨ ᠮᠣᠩᠭᠣᠯ ᠦᠨᠳᠦᠰᠦᠲᠡᠨ᠎ᠦ ᠰᠤᠷᠭᠠᠭᠤᠯᠢ᠎ᠶᠢᠨ ᠵᠠᠩ ᠯᠠᠨ ᠪᠠᠭ᠍ᠰᠢ ᠠᠳᠠᠯᠢ ᠬᠢᠴᠢᠶᠡᠯᠢ᠋ ᠣᠨᠳᠣᠣ ᠬᠡᠯᠪᠡᠷᠢ᠎ᠪᠡᠷ ᠰᠡᠳᠬᠢᠮᠵᠢᠯᠡᠬᠦ ᠠᠷᠭ᠎ᠠ ᠪᠡᠷ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠤᠨ ᠳᠥᠷᠪᠡᠳᠦᠭᠡᠷ ᠣᠨ᠎ᠤ ᠬᠡᠯᠡ ᠪᠢᠴᠢᠭ᠎ᠦᠨ ᠳᠣᠣᠷᠠᠳᠤ ᠳᠡᠪᠲᠡᠷ᠎ᠦᠨ 《ᠮᠤᠤᠷ》 ᠬᠡᠬᠦ ᠬᠢᠴᠢᠶᠡᠯ ᠵᠢᠡᠷ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶᠢ ᠳᠡᠯᠭᠡᠨ ᠦᠵᠡᠭᠦᠯᠵᠡᠢ᠃ ᠼᠧᠨ ᠶᠠᠩ ᠶᠠᠩ ᠪᠠᠭ᠍ᠰᠢ ᠠᠬᠤᠢ ᠪᠠᠢᠳᠠᠯ ᠢ᠋ ᠪᠣᠶ ᠪᠤᠯᠭᠠᠬᠤ ᠬᠡᠯᠪᠡᠷᠢ ᠪᠡᠷ 《ᠡᠭᠦᠯᠡᠨ ᠳᠠᠪᠴᠠᠩ ᠳ᠋ᠡᠬᠢ ᠠᠮᠢᠲᠠᠨ᠎ᠤ ᠬᠦᠷᠢᠶᠡᠯᠡᠩ》 ᠢ᠋ ᠠᠰᠢᠭ᠍ᠯᠠᠨ ᠡᠬᠡ ᠪᠢᠴᠢᠭ ᠡᠯᠰᠡᠬᠦ ᠠᠵᠢᠯᠯᠠᠭ᠎ᠠ᠎ᠪᠠᠷ ᠰᠤᠷᠤᠯᠴᠠᠯᠭ᠎ᠠ᠎ᠪᠠᠨ ᠡᠬᠢᠯᠡᠭᠦᠯᠵᠦ᠂ ᠰᠤᠷᠤᠭ᠍ᠴᠢᠳ ᠢ᠋ ᠬᠥᠲᠥᠯᠥᠨ ᠵᠢᠯᠤᠭᠣᠳᠴᠤ ᠵᠣᠬᠢᠶᠠᠭ᠍ᠴᠢ ᠶ᠋ᠢᠨ ᠮᠤᠤᠷ᠎ᠲᠤ ᠳᠤᠷᠠᠲᠠᠢ ᠪᠠᠢᠬᠤ ᠪᠠᠷᠢᠮᠲᠠ ᠶ᠋ᠢ ᠡᠷᠢᠨ ᠪᠢᠴᠢᠬᠦ ᠪᠡᠷ ᠳᠠᠮᠵᠢᠭᠤᠯᠤᠨ᠂ ᠰᠤᠷᠤᠭᠴᠢᠳ᠎ᠤᠨ ᠭᠤᠤᠯᠳᠠᠯᠭ᠎ᠠ ᠵᠢ ᠠᠳᠬᠤᠨ ᠵᠤᠬᠢᠶᠠᠨ ᠪᠢᠴᠢᠬᠦ ᠴᠢᠳᠠᠪᠤᠷᠢ ᠵᠢ ᠪᠤᠯᠪᠠᠰᠤᠷᠠᠭᠤᠯᠵᠠᠢ᠃ ᠵᠠᠩ ᠯᠠᠨ ᠪᠠᠭ᠍ᠰᠢ ᠬᠢᠴᠢᠶᠡᠯ᠎ᠦᠨ ᠪᠠᠷᠢᠮᠵᠢᠶ᠎ᠠ ᠵᠢᠨ ᠱᠠᠭᠠᠷᠳᠠᠯᠭ᠎ᠠ ᠪᠡᠷ ᠨᠢᠭᠡᠴᠢ ᠶ᠋ᠢᠨ ᠶᠡᠬᠡ ᠠᠬᠤᠢ ᠪᠠᠢᠳᠠᠯ ᠢ᠋ ᠢᠯᠡᠷᠡᠭᠦᠯᠵᠦ᠂ ᠰᠤᠷᠤᠭ᠍ᠴᠢᠳ ᠢ᠋ ᠬᠥᠲᠥᠯᠥᠨ ᠵᠢᠯᠤᠭᠣᠳᠴᠤ ᠵᠠᠩᠭᠢᠯᠠᠭ᠎ᠠ ᠶ᠋ᠢᠨ ᠦᠭᠡ ᠥᠭᠦᠯᠡᠪᠦᠷᠢ ᠶ᠋ᠢ ᠵᠠᠳᠠᠯᠬᠤ ᠵᠢᠨ ᠬᠠᠮᠲᠤ ᠠᠮᠢᠳᠤᠷᠠᠯ᠎ᠤᠨ ᠠᠬᠤᠢ ᠪᠠᠢᠳᠠᠯ᠎ᠲᠠᠢ᠎ᠪᠠᠨ ᠤᠶᠠᠯᠳᠤᠭᠤᠯᠤᠨ᠂ ᠤᠩᠰᠢᠬᠤ ᠪᠠ ᠢᠯᠡᠳᠬᠡᠬᠦ ᠶ᠋ᠢ ᠤᠷᠠᠨ᠎ᠢᠶᠠᠷ ᠤᠶᠠᠯᠳᠤᠭᠤᠯᠵᠤ᠂ ᠤᠬᠤᠷ ᠵᠤᠬᠢᠶᠠᠯ ᠪᠢᠴᠢᠬᠦ ᠦᠢᠯᠡᠳᠦᠯᠭᠡ ᠬᠢᠯᠭᠡᠵᠡᠢ᠃ ᠬᠢᠴᠢᠶᠡᠯ᠎ᠤᠨ ᠳᠠᠷᠠᠭ᠎ᠠ ᠠᠵᠢᠯᠯᠠᠭ᠎ᠠ ᠳ᠋ᠤ ᠤᠷᠤᠯᠴᠠᠭᠰᠠᠨ ᠡᠯ᠎ᠠ ᠬᠢᠴᠢᠶᠡᠯ᠎ᠤᠨ ᠪᠠᠭᠰᠢ ᠨᠠᠷ ᠬᠢᠴᠢᠶᠡᠯ ᠢ᠋ ᠦᠨᠡᠯᠡᠨ ᠰᠤᠳᠤᠯᠤᠨ ᠶᠠᠷᠢᠯᠴᠠᠵᠠᠢ᠃
《ᠬᠢᠴᠢᠶᠡᠯ ᠪᠡᠯᠡᠳᠬᠡᠬᠦ ᠬᠣᠶᠠᠷ ᠪᠦᠯᠬᠦᠮ ᠰᠢᠨ᠎ᠡ ᠬᠢᠴᠢᠶᠡᠯ᠎ᠦᠨ ᠪᠠᠷᠢᠮᠵᠢᠶ᠎ᠠ ᠶ᠋ᠢᠨ ᠣᠢᠯᠠᠭᠠᠭᠳᠠᠬᠤᠨ ᠢ᠋ ᠦᠢᠯᠡᠳᠦᠯᠭᠡᠵᠢᠭᠦᠯᠵᠦ᠂ ᠵᠢᠭᠠᠬᠤ ᠮᠠᠲᠧᠷᠢᠶᠠᠯ᠎ᠤᠨ ᠲᠠᠢᠯᠤᠮᠵᠢ ᠶ᠋ᠢ ᠴᠢᠬᠤᠯᠠᠴᠢᠯᠠᠨ᠂ ᠬᠠᠷᠠᠯᠳᠠᠳᠤ ᠣᠷᠴᠢᠨ ᠠᠬᠤᠢ ᠶ᠋ᠢ ᠪᠤᠶ ᠪᠣᠯᠭᠠᠨ ᠰᠤᠷᠤᠯᠴᠠᠬᠤ ᠠᠵᠢᠯᠯᠠᠭ᠎ᠠ ᠥᠷᠨᠢᠭᠦᠯᠵᠦ᠂ ᠵᠢᠭᠠᠨ ᠰᠤᠷᠭᠠᠬᠤ ᠶᠠᠪᠤᠴᠠᠲᠤᠮᠳᠠ ᠰᠠᠨᠠᠭᠠᠴᠢᠯᠠᠭ᠎ᠠ ᠠ᠋ᠴᠠ᠎ᠪᠠᠨ ᠰᠤᠷᠤᠭ᠍ᠴᠢᠳ᠎ᠤᠨ ᠰᠤᠷᠤᠯᠴᠠᠯᠭ᠎ᠠ ᠶ᠋ᠢ ᠠᠩᠬᠠᠷᠴᠤ ᠂ ᠬᠡᠪ ᠪᠣᠯᠪᠠᠰᠤᠷᠠᠯ᠎ᠤᠨ ᠤᠳᠤᠷᠢᠳᠤᠮᠵᠢ ᠪᠣᠯᠣᠨ ᠦᠢᠯᠡᠳᠦᠯᠭᠡ᠎ᠪᠡᠷ ᠬᠥᠮᠥᠨ ᠬᠥᠮᠥᠵᠢᠭᠦᠯᠬᠦ ᠣᠨᠴᠠᠯᠢᠭ᠋ ᠢ᠋ ᠢᠯᠡᠷᠡᠬᠦᠯᠵᠡᠢ》 ᠭᠡᠵᠦ ᠬᠥᠬᠡᠬᠣᠲᠠ᠎ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠰᠤᠳᠤᠯᠭᠠᠨ᠎ᠤ ᠲᠥᠪ᠎ᠦᠨ ᠪᠠᠭ᠎ᠠ ᠰᠤᠷᠭᠠᠭᠤᠯᠢ᠎ᠶᠢᠨ ᠬᠡᠯᠡ ᠪᠢᠴᠢᠭ᠎ᠦᠨ ᠵᠢᠭᠠᠨ ᠰᠤᠳᠤᠯᠤᠭ᠍ᠴᠢ ᠵᠠᠩ ᠶᠢᠩ ᠬᠤᠢ ᠬᠡᠯᠡᠪᠡ᠃
ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠢ ᠲᠡᠯᠭᠡᠷᠡᠬᠦᠯᠦᠨ ᠬᠡᠷᠡᠭᠯᠡᠬᠦ ᠠᠵᠢᠯ᠎ᠤᠨ ᠬᠦᠴᠦᠯᠡᠬᠦ ᠴᠡᠭ᠎ᠦᠨ ᠨᠢᠭᠡ ᠪᠣᠯᠤᠭᠰᠠᠨ᠎ᠤ ᠬᠤᠪᠢ᠎ᠳᠤ᠂ ᠬᠥᠬᠡᠬᠣᠲᠠ᠎ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠰᠤᠳᠤᠯᠭᠠᠨ᠎ᠤ ᠲᠥᠪ ᠪᠥᠬᠥ ᠬᠣᠲᠠ᠎ᠶᠢᠨ ᠪᠠᠭ᠍ᠰᠢ᠎ᠨᠠᠷ᠎ᠤᠨ ᠰᠢᠨ᠎ᠡ ᠬᠢᠴᠢᠶᠡᠯ᠎ᠦᠨ ᠪᠠᠷᠢᠮᠵᠢᠶ᠎ᠠ᠎ᠶᠢ ᠰᠤᠷᠤᠯᠴᠠᠬᠤ ᠡᠷᠴᠢᠮᠢ᠋ ᠴᠢᠩᠭᠠᠷᠠᠭᠤᠯᠵᠤ᠂ ᠪᠠᠭ᠍ᠰᠢ ᠨᠠᠷ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠢ ᠪᠥᠬᠥ ᠲᠠᠯ᠎ᠠ᠎ᠪᠠᠷ ᠭᠦᠨᠵᠡᠭᠡᠢ ᠲᠠᠢᠯᠪᠤᠷᠢᠯᠠᠨ ᠰᠠᠢᠲᠤᠷ ᠬᠡᠷᠡᠭᠯᠡᠬᠦ᠎ᠵᠢ ᠠᠬᠢᠭᠤᠯᠪᠠ᠃
ᠲᠠᠨᠢᠯᠴᠠᠭᠤᠯᠤᠭᠰᠠᠨ᠎ᠢᠶᠠᠷ᠂ ᠬᠦᠬᠡᠬᠤᠳᠠ ᠵᠢᠨ ᠵᠢᠭᠠᠬᠤ ᠵᠢ ᠰᠤᠳᠤᠯᠬᠤ ᠲᠥᠪ᠎ᠡᠴᠡ ᠪᠥᠬᠥ ᠤᠯᠤᠰ᠎ᠤᠨ ᠨᠠᠷᠠᠲᠤ ᠪᠠᠭ᠎ᠠ ᠰᠤᠷᠭᠠᠭᠤᠯᠢ᠎ᠶᠢᠨ ᠬᠡᠯᠡ ᠪᠢᠴᠢᠭ᠎ᠦᠨ ᠲᠤᠰᠬᠠᠢ ᠮᠡᠷᠭᠡᠵᠢᠯᠲᠡᠨ᠎ᠢ ᠤᠷᠢᠵᠤ ᠪᠥᠬᠥ ᠬᠣᠲᠠ᠎ᠶᠢᠨ ᠪᠠᠭ᠎ᠠ ᠰᠤᠷᠭᠠᠭᠤᠯᠢ᠎ᠶᠢᠨ ᠬᠡᠯᠡ ᠪᠢᠴᠢᠭ᠎ᠦᠨ ᠪᠠᠭ᠍ᠰᠢ ᠨᠠᠷ᠎ᠲᠤ ᠬᠢᠴᠢᠶᠡᠯ᠎ᠦᠨ ᠪᠠᠷᠢᠮᠵᠢᠶ᠎ᠠ ᠵᠢᠴᠢ ᠵᠢᠭᠠᠬᠤ ᠮᠠᠲᠧᠷᠢᠶᠠᠯ᠎ᠤᠨ ᠬᠡᠷᠡᠭᠯᠡᠯᠲᠡ᠎ᠶᠢᠨ ᠲᠤᠬᠠᠢ ᠲᠤᠰᠬᠠᠢ ᠪᠣᠯᠪᠠᠰᠤᠷᠠᠯ ᠬᠦᠷᠲᠡᠭᠡᠪᠡ᠃ ᠬᠥᠬᠡᠬᠣᠲᠠ᠎ᠶᠢᠨ ᠣᠶᠤᠨᠲᠤ ᠰᠤᠷᠭᠠᠨ ᠬᠥᠮᠦᠵᠢᠯ᠎ᠦᠨ ᠦᠢᠯᠡᠴᠢᠯᠡᠭᠡᠨ᠎ᠦ ᠲᠠᠪᠴᠠᠩ᠎ᠢ ᠠᠰᠢᠬᠯᠠᠨ ᠰᠦᠯᠵᠢᠶᠡᠨ ᠰᠢᠭᠤᠳ ᠨᠠᠪᠲᠠᠷᠡᠭᠦᠯᠬᠡ ᠪᠡᠷ ᠪᠥᠬᠥ ᠬᠣᠲᠠ᠎ᠶᠢᠨ ᠬᠡᠯᠡ ᠪᠢᠴᠢᠭ᠎ᠦᠨ ᠪᠠᠭ᠍ᠰᠢ᠎ᠨᠠᠷ᠎ᠢ ᠵᠢᠯᠣᠭᠣᠳᠤᠨ ᠰᠢᠨ᠎ᠡ ᠬᠢᠴᠢᠶᠡᠯ᠎ᠦᠨ ᠪᠠᠷᠢᠮᠵᠢᠶ᠎ᠠ ᠵᠢᠨ ᠲᠤᠬᠠᠢ ᠣᠢᠯᠠᠭᠠᠯᠲᠠ᠎ᠶᠢ ᠭᠦᠨᠵᠡᠭᠡᠢᠷᠡᠭᠦᠯᠵᠦ᠂ ᠪᠠᠭ᠍ᠰᠢ ᠨᠠᠷ᠎ᠤᠨ ᠬᠢᠴᠢᠶᠡᠯ᠎ᠦᠨ ᠪᠠᠷᠢᠮᠵᠢᠶ᠎ᠠ ᠪᠠ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠤᠨ ᠲᠤᠬᠠᠢ ᠰᠤᠳᠤᠯᠭᠠᠨ᠎ᠤ ᠤᠬᠠᠮᠰᠠᠷ᠎ᠢ ᠴᠢᠩᠭᠠᠳᠬᠠᠪᠠ᠃
《ᠰᠤᠷᠬᠤ ᠦᠬᠡᠢ ᠪᠣᠯ ᠮᠡᠳᠡᠯᠭᠡ ᠦᠷᠬᠡᠵᠢᠵᠤ ᠴᠢᠳᠠᠬᠤ ᠦᠭᠡᠢ᠂ ᠰᠢᠭᠤᠳᠬᠤ ᠦᠭᠡᠢ ᠪᠣᠯ ᠰᠤᠷᠴᠤ ᠡᠵᠡᠮᠰᠢᠵᠦ ᠴᠢᠳᠠᠬᠤ ᠦᠭᠡᠢ᠃ ᠣᠯᠠᠨ᠎ᠢᠶᠠᠷ᠎ᠢᠶᠠᠨ ᠰᠡᠳᠬᠢᠯ ᠲᠠᠯᠪᠢᠨ ᠰᠤᠷᠤᠯᠴᠠᠵᠤ᠂ ᠳᠠᠰᠤᠷᠠᠯᠳᠠ ᠦᠬᠡᠢ ᠬᠤᠷᠠᠮᠳᠤᠭᠤᠯᠬᠤ ᠪᠡᠷ ᠳᠠᠮᠵᠢᠨ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠢ᠋ ᠰᠠᠢᠲᠤᠷ ᠬᠡᠷᠡᠭᠯᠡᠵᠦ᠂ ᠰᠢᠨ᠎ᠡ ᠬᠢᠴᠢᠶᠡᠯ᠎ᠦᠨ ᠪᠠᠷᠢᠮᠵᠢᠶ᠎ᠠ ᠶ᠋ᠢ ᠭᠦᠨᠵᠡᠭᠡᠢ ᠲᠠᠢᠯᠪᠤᠷᠢᠯᠠᠵᠤ᠂ ᠰᠢᠨ᠎ᠡ ᠬᠢᠴᠢᠶᠡᠯ᠎ᠦᠨ ᠪᠠᠷᠢᠮᠵᠢᠶ᠎ᠠ ᠶ᠋ᠢᠨ ᠣᠢᠯᠠᠭᠠᠭᠳᠠᠬᠤᠨ ᠢ᠋ ᠦᠢᠯᠡᠳᠦᠯᠭᠡᠵᠢᠭᠦᠯᠵᠦ᠂ ᠰᠤᠷᠤᠭ᠍ᠴᠢᠳ᠎ᠲᠤ ᠨᠡᠩ ᠢᠯᠡᠭᠦᠦ ᠰᠡᠳᠬᠢᠬᠦ ᠴᠠᠭ ᠪᠠ ᠣᠷᠣᠨ ᠵᠠᠢ ᠣᠯᠭᠣᠵᠤ᠂ ᠬᠡᠯᠡ ᠪᠢᠴᠢᠭ᠎ᠤᠨ ᠲᠤᠷ᠎ᠠ ᠰᠣᠨᠢᠷᠬᠠᠯ᠎ᠢ ᠬᠦᠮᠦᠵᠢᠬᠦᠯᠬᠦ ᠶ᠋ᠢᠨ ᠬᠠᠮᠲᠤ ᠣᠬᠣᠷᠬᠠᠨ ᠬᠤᠭᠤᠴᠠᠭᠠᠨ᠎ᠤ ᠳᠤᠷ᠎ᠠ ᠰᠣᠨᠢᠷᠬᠠᠯ ᠢ᠋ ᠨᠢ ᠤᠷᠲᠤ ᠬᠤᠭᠤᠴᠠᠭᠠᠨ᠎ᠤ ᠰᠤᠷᠤᠯᠴᠠᠬᠤ ᠳᠣᠲᠣᠭᠠᠳᠤ ᠬᠥᠳᠡᠯᠭᠡᠭᠴᠢ ᠬᠦᠴᠦᠨ ᠪᠣᠯᠭᠠᠬᠤ ᠶ᠋ᠢ ᠬᠦᠰᠡᠵᠦ ᠪᠠᠢᠨ᠎ᠠ》 ᠬᠡᠵᠦ ᠬᠥᠬᠡᠬᠣᠲᠠ᠎ᠶᠢᠨ 2024 ᠣᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠪᠠᠭ᠎ᠠ ᠰᠤᠷᠭᠠᠭᠤᠯᠢ᠎ᠶᠢᠨ ᠬᠡᠯᠡ ᠪᠢᠴᠢᠭ᠎ᠦᠨ ᠬᠢᠴᠢᠶᠡᠯ ᠲᠦᠷᠦᠯ᠎ᠦᠨ ᠬᠢᠴᠢᠶᠡᠯ᠎ᠦᠨ ᠪᠠᠷᠢᠮᠵᠢᠶ᠎ᠠ᠎ᠶᠢᠨ ᠪᠣᠯᠪᠠᠰᠤᠷᠠᠯ᠎ᠤᠨ ᠲᠠᠷᠠᠭ᠎ᠠ᠂ ᠵᠠᠩ ᠶᠢᠩ ᠬᠤᠢ ᠪᠦᠬᠦ ᠬᠤᠳᠠ᠎ᠶᠢᠨ ᠪᠠᠭ᠎ᠠ ᠰᠤᠷᠭᠠᠭᠤᠯᠢ᠎ᠶᠢᠨ ᠬᠡᠯᠡ ᠪᠢᠴᠢᠭ᠎ᠦᠨ ᠪᠠᠭ᠍ᠰᠢ᠎ᠨᠠᠷ ᠲᠸ᠋ ᠵᠠᠬᠢᠭᠰᠠᠨ ᠪᠠᠢᠯ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃