ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-05-23 19:35:41

ᠵᠣᠬᠢᠶᠠᠭ᠍ᠴᠢ᠄ ​ᠯᠢᠦ ᡁᠢ ᠱᠢᠶᠠᠨ ᠣᠩᠱᠢᠭ᠍ᠰᠠᠨ ᠣᠳᠠᠭ᠎ᠠ᠄ 3

ᠳᠤᠮᠳᠠᠳᠤ᠎ᠶ᠋ᠢᠨ ᠦᠨᠳᠦᠰᠦᠲᠡᠨ᠎ᠦ ᠤᠯᠠᠮᠵᠢᠯᠠᠯᠲᠤ ᠰᠣᠶᠣᠯ᠎ᠤᠨ ᠭᠤᠤᠯ ᠰᠡᠳᠦᠪᠲᠦ ᠠᠵᠢᠯᠯᠠᠭ᠎ᠠ ᠵᠢᠨ ᠬᠢᠴᠢᠶᠠᠯ ᠪᠤᠯᠬᠤ ᠳ᠋ᠦ ᠂ 《 ᠪᠠᠷᠠᠭᠤᠨᠰᠢ ᠵᠣᠷᠴᠢᠭ᠍ᠰᠠᠨ ᠲᠡᠮᠳᠡᠭ᠌ᠯᠡᠯ 》 ᠤ᠋ᠨ ᠭᠤᠤᠯ ᠰᠡᠳᠦᠪᠲᠦ ᠰᠡᠭᠦᠳᠡᠷ ᠵᠦᠴᠦᠭᠡ ᠡᠬᠢᠯᠡᠪᠡ᠃ 《ᠦᠵᠡᠭᠡᠴᠢ! ᠪᠡᠴᠢᠨ ᠪᠠᠭ᠍ᠰᠢ ᠭᠠᠬᠠᠶ ᠳᠡᠭᠦᠦ᠍ ᠪᠠᠨ ᠲᠠᠭᠠᠭᠤᠯᠤᠨ ᠭᠠᠷᠴᠤ᠌ ᠢᠷᠡᠯ᠎ᠡ》 ᠭᠡᠵᠤ ᠳᠤᠮᠳᠠ ᠭᠤᠷᠪᠠᠳᠤᠭᠠᠷ ᠠᠩᠭᠢ᠎ᠶ᠋ᠢᠨ ᠬᠡᠤᠬᠡᠳ ᠠ ᠽᠧ ᠧᠨ ᠲᠣᠭ᠍ᠯᠠᠯᠲᠠ᠎ᠳᠤ ᠶᠡᠬᠡᠳᠡ ᠲᠠᠲᠠᠭ᠍ᠳᠠᠵᠤ᠂ ᠬᠠᠮᠲᠤ ᠰᠤᠷᠤᠭ᠍ᠴᠢᠳ᠎ᠲᠠᠶ᠎ᠪᠠᠨ ᠵᠦᠴᠦᠭᠡ ᠰᠤᠨᠢᠷᠬᠠᠬᠤ ᠵᠢᠨ ᠳᠠᠭᠠᠤ ᠶᠠᠷᠢᠯᠴᠠᠵᠤ ᠪᠠᠢᠯ᠎ᠠ᠃

ᠰᠡᠭᠦᠳᠡᠷ ᠵᠦᠴᠦᠭᠡ᠂ ᠤᠶᠠᠵᠤ ᠪᠤᠳᠤᠬᠤ᠂ ᠦᠨᠦᠷᠲᠦ ᠤᠭᠤᠲᠠ ᠬᠢᠬᠦ᠌᠂ ᠴᠠᠭᠠᠰᠤ ᠬᠢᠬᠦ᠂ ᠬᠡᠦᠬᠡᠳ᠎ᠦᠨ ᠢᠯᠢᠵᠦ᠍ ᠨᠤᠬᠤᠯᠠᠬᠤ ᠁ ᠬᠥᠬᠡᠬᠣᠲᠠ᠎ᠶ᠋ᠢᠨ ᠢᠦᠢᠴᠢᠤᠸᠠᠨ ᠲᠣᠭᠣᠷᠢᠭ᠎ᠤᠨ ᠨᠢᠭᠡᠳᠦᠭᠡᠷ ᠬᠡᠦᠬᠡᠳ᠎ᠦᠨ ᠴᠡᠴᠡᠷᠯᠢᠭ᠎ᠦᠨ 《 ᠬᠠᠮᠤᠭ᠎ᠤᠨ ᠭᠤᠶᠤ ᠰᠠᠢᠬᠠᠨ ᠳᠤᠮᠳᠠᠳᠤ ᠤᠯᠤᠰ᠎ᠢ ᠬᠠᠷᠠᠬᠤᠢ》ᠭᠡᠬᠦ ᠳᠤᠮᠳᠠᠳᠤ᠎ᠶ᠋ᠢᠨ ᠦᠨᠳᠦᠰᠦᠲᠡᠨ᠎ᠦ ᠤᠯᠠᠮᠵᠢᠯᠠᠯᠲᠤ ᠰᠣᠶᠣᠯ᠎ᠤᠨ ᠠᠵᠢᠯᠯᠠᠭ᠎ᠠ᠎ᠶ᠋ᠢᠨ ᠲᠤᠰᠭᠠᠢ ᠲᠣᠭᠣᠷᠢᠭ᠎ᠲᠤ᠂ ᠪᠢᠴᠢᠬᠠᠨ ᠬᠡᠦᠬᠡᠳ ᠡᠯ᠎ᠡ ᠵᠦᠢᠯ᠎ᠦᠨ ᠤᠯᠠᠮᠵᠢᠯᠠᠯᠲᠤ ᠤᠷ᠎ᠠ ᠮᠡᠷᠭᠡᠵᠢᠯ᠂ ᠪᠣᠳᠠᠰ᠎ᠤᠨ ᠪᠤᠰᠤ ᠰᠣᠶᠣᠯ᠎ᠤᠨ ᠥᠪ ᠲᠠᠢ ᠤᠢᠷᠠᠳᠤᠵᠤ᠂ ᠡᠴᠡᠨ᠎ᠠ ᠭᠦᠨ ᠳᠤᠮᠳᠠᠳᠤ᠎ᠶ᠋ᠢᠨ ᠰᠣᠶᠣᠯ᠎ᠢ ᠣᠢᠯᠠᠭᠠᠵᠤ ᠪᠣᠯᠤᠨ᠎ᠠ᠃

《 ᠪᠢᠳᠡ 〈ᠬᠠᠮᠤᠭ᠎ᠤᠨ ᠭᠤᠶᠤ ᠰᠠᠢᠬᠠᠨ ᠳᠤᠮᠳᠠᠳᠤ ᠤᠯᠤᠰ᠎ᠢ ᠬᠠᠷᠠᠬᠤᠢ〉 ᠪᠡᠷ ᠭᠣᠣᠯ ᠦᠵᠡᠯ ᠰᠠᠨᠠᠭ᠎ᠠ ᠪᠣᠯᠭᠠᠵᠤ᠂ ᠪᠦᠬᠦ᠌ ᠠᠰᠠᠷ ᠵᠢᠡᠷ ᠵᠢᠡᠨ ᠬᠣᠯᠪᠣᠭᠠᠯᠠᠨ ᠬᠥᠳᠡᠯᠦᠯᠴᠡᠬᠦ᠌ ᠮᠠᠶᠢᠭ᠎ᠤᠨ ᠲᠣᠭ᠍ᠯᠠᠭᠠᠮ᠎ᠤᠨ ᠬᠢᠴᠢᠶᠡᠯ ᠭᠠᠷᠭᠠᠵᠤ᠂ ᠨᠢᠭᠡᠳᠦᠭᠡᠷ ᠳᠠᠪᠬᠤᠷᠯᠢᠭ ᠲᠤ᠌᠎ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠴᠦᠷᠬᠡᠭ ᠤᠯᠤᠰ᠂ ᠬᠣᠶᠠᠳᠤᠭᠠᠷ ᠳᠠᠪᠬᠤᠷᠯᠢᠭ ᠲᠤ᠌ ᠦᠨᠳᠦᠰᠦᠲᠡᠨ᠎ᠦ ᠪᠦᠯᠬᠦᠮᠳᠡᠯ᠂ ᠭᠤᠷᠪᠠᠳᠤᠭᠠᠷ ᠳᠠᠪᠬᠤᠷᠯᠢᠭ ᠲᠤ᠌ ᠳᠤᠮᠳᠠᠳᠤ᠎ᠶ᠋ᠢᠨ ᠦᠨᠳᠦᠰᠦᠲᠡᠨ᠎ᠦ ᠤᠯᠠᠮᠵᠢᠯᠠᠯᠲᠤ ᠰᠣᠶᠣᠯ᠎ᠢ ᠪᠠᠶᠠᠳᠠᠨ ᠤᠢᠯᠠᠭᠠᠬᠤ ᠠᠭᠤᠯᠭ᠎ᠠ ᠵᠢ ᠲᠤᠬᠢᠷᠠᠭᠤᠯᠵᠤ᠂ 〈ᠬᠠᠮᠤᠭ᠎ᠤᠨ ᠭᠤᠶᠤ ᠰᠠᠢᠬᠠᠨ ᠳᠤᠮᠳᠠᠳᠤ ᠤᠯᠤᠰ〉ᠤ᠋ᠨ ᠭᠠᠢᠬᠠᠮᠱᠢᠭ᠍ᠲᠤ ᠵᠢᠷᠤᠭ᠎ᠢ ᠴᠣᠭ᠍ᠴᠠᠯᠠᠵᠠᠢ᠂ ᠦᠨᠳᠦᠰᠦᠲᠡᠨ᠎ᠦ ᠪᠦᠯᠬᠦᠮᠳᠡᠯ᠎ᠦᠨ ᠰᠤᠷᠭᠠᠨ ᠬᠥᠮᠦᠵᠢᠯ᠂ ᠤᠯᠤᠰ᠎ᠢᠶᠠᠨ ᠬᠠᠢᠷᠠᠯᠠᠬᠤ ᠦᠵᠡᠯ᠎ᠦᠨ ᠰᠤᠷᠭᠠᠨ ᠬᠥᠮᠦᠵᠢᠯ᠎ᠲᠡᠶ ᠤᠶᠠᠯᠳᠤᠭᠤᠯᠤᠨ᠂ ᠬᠢᠴᠢᠶᠡᠯ᠂ ᠲᠣᠭ᠍ᠯᠠᠭᠠᠮ ᠬᠢᠭᠡᠳ ᠨᠡᠢᠭᠡᠮ᠎ᠦᠨ ᠶᠠᠪᠤᠯᠴᠠᠭ᠎ᠠ ᠪᠡᠷ ᠳᠠᠮᠵᠢᠨ ᠬᠡᠤᠬᠡᠳ ᠤ᠋ᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠥᠯᠥ᠍ ᠮᠡᠳᠡᠭ᠌᠎ᠢᠶᠡᠷ ᠳᠡᠭᠡᠭ᠌ᠰᠢᠯᠡᠭᠦᠯᠦᠨ᠎ᠡ᠂ ᠡᠨᠡ ᠪᠣᠯ ᠮᠠᠨ᠎ᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ ᠥᠪᠡᠷᠮᠢᠴᠡ ᠠᠷᠭ᠎ᠠ ᠬᠢᠳᠡᠯ ᠪᠣᠯᠤᠨ᠎ᠠ》 ᠭᠡᠵᠤ ᠴᠡᠴᠡᠷᠯᠢᠭ ᠤ᠋ᠨ ᠳᠡᠳ᠋ ᠳᠠᠷᠤᠭ᠎ᠠ ᠪᠤᠯᠤᠷ ᠲᠠᠨᠢᠯᠴᠠᠭᠤᠯᠪᠠ᠃

ᠪᠠᠯᠴᠢᠷ ᠬᠡᠦᠬᠡᠳ᠎ᠦᠨ ᠦᠭᠡ ᠬᠡᠯᠡᠨ᠎ᠦ ᠬᠥᠭ᠌ᠵᠢᠯᠲᠡ᠎ᠶ᠋ᠢᠨ ᠵᠠᠩᠭᠢᠯᠠᠭ᠎ᠠ᠎ᠶ᠋ᠢᠨ ᠬᠤᠭᠤᠴᠠᠭ᠎ᠠ᠎ᠶ᠋ᠢ ᠡᠵᠡᠮᠳᠡᠵᠦ᠍᠂ ᠬᠡᠦᠬᠡᠳ᠎ᠦᠨ ᠦᠭᠡ ᠬᠡᠯᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠲᠤᠰ ᠬᠡᠦᠬᠡᠳ᠎ᠦᠨ ᠴᠡᠴᠡᠷᠯᠢᠭ ᠪᠠᠰᠠ ᠣᠯᠠᠨ ᠬᠤᠭᠤᠴᠠᠭᠠᠨ᠎ᠤ 《 ᠪᠢᠴᠢᠬᠠᠨ ᠠᠩᠭᠠᠬᠠᠶ ᠬᠤᠨᠳᠠᠭᠠᠲᠤ 》 ᠬᠥᠲᠥᠯᠥᠭ᠌ᠴᠢ᠎ᠶ᠋ᠢᠨ ᠤᠷᠤᠯᠳᠤᠭᠠᠨ᠂ 《ᠠᠵᠢᠨᠠᠶ ᠬᠦᠯᠦᠭ ᠬᠤᠨᠳᠠᠭᠠᠲᠤ》 ᠡᠴᠢᠭᠡ ᠡᠬᠡ ᠪᠠ ᠬᠡᠤᠬᠡᠳ ᠤ᠋ᠨ ᠥᠯᠢᠭᠡᠷ᠂ ᠱᠢᠯᠦᠭ ᠳᠠᠭᠤᠯᠠᠯ᠎ᠤᠨ ᠤᠷᠤᠯᠳᠤᠭᠠᠨ᠂ ᠬᠡᠦᠬᠡᠳ᠎ᠦᠨ ᠰᠢ ᠵᠦᠴᠦᠭᠡ᠎ᠶ᠋ᠢᠨ ᠨᠠᠢᠷ ᠵᠡᠷᠭᠡ ᠱᠢᠷᠢᠰ ᠠᠵᠢᠯᠯᠠᠭ᠎ᠠ ᠵᠢ ᠡᠷᠭᠢᠯᠡᠪᠡ᠃ ᠶᠠᠷᠢᠶᠠᠲᠤ ᠵᠦᠴᠦᠭᠡ᠂ ᠳᠠᠭᠤᠷᠢ᠂ ᠪᠥᠵᠢᠭ᠌ᠲᠦ ᠵᠦᠴᠦᠭᠡ᠂ ᠬᠡᠸ᠋ᠬᠡᠯᠳᠡᠶ ᠵᠦᠴᠦᠭᠡ᠂ ᠰᠡᠭᠦᠳᠡᠷ ᠵᠦᠴᠦᠭᠡ᠂ ᠰᠢ ᠵᠦᠴᠦᠭᠡ ᠵᠡᠷᠭᠡ ᠪᠡᠷ ᠳᠠᠮᠵᠢᠭᠤᠯᠤᠨ᠂ ᠬᠡᠦᠬᠡᠳ ᠵᠢᠡᠷ ᠥᠯᠢᠭᠡᠷ ᠶᠠᠷᠢᠭᠤᠯᠬᠤ᠂ ᠵᠢᠷᠤᠭ᠍ᠲᠤ ᠳᠡᠪᠲᠡᠷ᠎ᠦᠨ ᠤᠩᠱᠢᠯᠭ᠎ᠠ᠂ ᠤᠷᠠᠨ ᠤᠩᠱᠢᠯᠭ᠎ᠠ᠂ ᠲᠣᠭ᠍ᠯᠠᠯᠲᠠ ᠵᠡᠷᠭᠡ ᠣᠯᠠᠨ ᠬᠦᠷᠢᠶ᠎ᠡ᠎ᠶ᠋ᠢ ᠬᠠᠮᠤᠷᠤᠨ᠂ ᠬᠡᠦᠬᠡᠳ᠎ᠦᠨ ᠵᠦᠴᠦᠭᠡ ᠵᠤᠬᠢᠶᠠᠬᠤ᠂ ᠡᠭᠦᠳᠦᠨ ᠪᠦᠲᠦᠭᠡᠬᠦ᠌᠂ ᠲᠣᠭ᠍ᠯᠠᠯᠲᠠ ᠭᠠᠷᠭᠠᠬᠤ ᠵᠡᠷᠭᠡ ᠶᠠᠪᠤᠴᠠ᠎ᠳᠤ᠂ ᠬᠡᠦᠬᠡᠳ᠎ᠦᠨ ᠦᠭᠡ ᠬᠡᠯᠡᠨ᠎ᠦ ᠢᠯᠡᠳᠭᠡᠬᠦ᠌ ᠴᠢᠳᠠᠪᠤᠷᠢ᠂ ᠶᠠᠪᠤᠯᠴᠠᠭᠠᠨ᠎ᠤ ᠴᠢᠳᠠᠪᠤᠷᠢ᠂ ᠦᠭᠡ ᠥᠰᠥᠭ᠎ᠦᠨ ᠣᠢᠯᠠᠭᠠᠬᠤ ᠴᠢᠳᠠᠪᠤᠷᠢ ᠵᠡᠷᠭᠡ ᠨᠢ ᠠᠶᠠᠨᠳᠠᠭᠠᠨ ᠳᠡᠭᠡᠭ᠌ᠰᠢᠯᠡᠭ᠌ᠰᠡᠨ ᠪᠠᠢᠨ᠎ᠠ᠃

《 ᠪᠢᠳᠡ ᠪᠠᠰᠠ ᠪᠠᠭ᠍ᠰᠢ᠎ᠶ᠋ᠢᠨ ᠬᠡᠯᠡᠨ᠎ᠦ ᠮᠡᠷᠭᠡᠵᠢᠯ᠎ᠦᠨ ᠬᠥᠮᠦᠵᠢᠯ᠎ᠢ ᠣᠨᠴᠠᠭᠠᠢᠯᠠᠨ ᠴᠢᠬᠤᠯᠠᠴᠢᠯᠠᠵᠤ᠂ ᠵᠢᠭᠠᠨ ᠰᠤᠳᠤᠯᠬᠤ᠂ ᠪᠣᠯᠪᠠᠰᠤᠷᠠᠭᠤᠯᠬᠤ᠂ ᠪᠠᠭ᠍ᠰᠢ ᠱᠠᠪᠢ ᠬᠤᠤᠰᠯᠠᠬᠤ ᠵᠡᠷᠭᠡ ᠬᠡᠯᠪᠡᠷᠢ᠎ᠪᠡᠷ ᠳᠠᠮᠵᠢᠭᠤᠯᠤᠨ᠂ ᠪᠠᠭ᠍ᠰᠢ᠎ᠶ᠋ᠢᠨ ᠬᠡᠯᠡᠨ᠎ᠦ ᠬᠦᠮᠦᠵᠢᠯ ᠤ᠋ᠨ ᠴᠢᠳᠠᠪᠤᠷᠢ᠎ᠶ᠋ᠢ ᠴᠢᠩᠭᠠᠳᠬᠠᠵᠠᠢ᠃ ᠣᠳᠣᠬᠠᠨ᠎ᠳᠤ᠂ ᠮᠠᠨ᠎ᠤ 70% ᠡᠴᠡ ᠳᠡᠭᠡᠭ᠌ᠰᠢᠬᠢ ᠪᠠᠭ᠍ᠰᠢ᠎ᠶ᠋ᠢᠨ ᠨᠡᠢᠲᠡᠯᠢᠭ ᠬᠡᠯᠡᠨ᠎ᠦ ᠬᠢᠷᠢ ᠬᠡᠮᠵᠢᠶ᠎ᠠ ᠬᠣᠶᠠᠳᠤᠭᠠᠷ ᠵᠡᠷᠭᠡ᠎ᠶ᠋ᠢᠨ ᠬᠦᠭᠡ ᠲᠡᠰ ᠡᠴᠡ ᠳᠡᠭᠡᠭ᠌ᠰᠢ ᠪᠠᠢᠵᠤ᠂ ᠴᠢᠨᠠᠭ᠍ᠰᠢᠯᠠᠪᠠᠯ ᠵᠠᠷᠢᠮ ᠪᠠᠭ᠍ᠰᠢ ᠪᠠᠰᠠ ᠨᠡᠢᠲᠡᠯᠢᠭ ᠬᠡᠯᠡᠨ᠎ᠦ ᠬᠢᠷᠢ ᠬᠡᠮᠵᠢᠶᠡᠨ᠎ᠦ ᠱᠢᠯᠭᠠᠭ᠍ᠴᠢ ᠮᠥᠨ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠬᠦᠮᠦᠵᠢᠯ ᠤ᠋ᠨ ᠬᠢᠷᠢ ᠲᠦᠪᠱᠢᠨ᠎ᠢ ᠳᠡᠭᠡᠭ᠌ᠰᠢᠯᠡᠭᠦᠯᠵᠦ᠍᠂ ᠬᠡᠦᠬᠡᠳ᠎ᠦᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠲᠤᠬᠠᠶ ᠣᠢᠯᠠᠭᠠᠬᠤ ᠴᠢᠳᠠᠪᠤᠷᠢ᠂ ᠢᠯᠡᠳᠭᠡᠬᠦ᠌ ᠴᠢᠳᠠᠪᠤᠷᠢ᠂ ᠪᠦᠲᠦᠭᠡᠯᠴᠢ ᠴᠢᠳᠠᠪᠤᠷᠢ᠎ᠶ᠋ᠢ ᠳᠡᠭᠡᠭᠰᠢᠯᠡᠭᠦᠯᠬᠦ ᠪᠣᠯ ᠮᠠᠨ᠎ᠤ ᠡᠳᠦᠷ ᠲᠤᠲᠤᠮ᠎ᠤᠨ ᠠᠵᠢᠯ᠎ᠤᠨ ᠬᠣᠶᠠᠷ ᠭᠤᠤᠯᠳᠠᠯᠭ᠎ᠠ ᠮᠥᠨ》 ᠭᠡᠵᠤ ᠢᠦᠢᠴᠢᠤᠸᠠᠨ ᠲᠣᠭᠣᠷᠢᠭ᠎ᠤᠨ ᠨᠢᠭᠡᠳᠦᠭᠡᠷ ᠬᠡᠦᠬᠡᠳ᠎ᠦᠨ ᠴᠡᠴᠡᠷᠯᠢᠭ᠎ᠦᠨ ᠵᠢᠭᠠᠨ ᠰᠤᠳᠤᠯᠬᠤ ᠡᠷᠬᠢᠯᠡᠭ᠌ᠴᠢ ᠴᠧᠨ ᠱᠢᠨ ᠲᠠᠨᠢᠯᠴᠠᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面