2024-02-06 10:00:10
ᠬᠢᠩᠭᠠᠨ ᠠᠢᠮᠠᠭ᠎ᠤᠨ ᠤᠯᠠᠭᠠᠨᠬᠣᠲᠠ᠎ᠶ᠋ᠢᠨ ᠢᠯᠠᠯᠲᠠ ᠭᠣᠣᠯ ᠪᠠᠭ᠎ᠠ ᠰᠤᠷᠭᠠᠭᠤᠯᠢ ᠶ᠋ᠢᠨ ᠤᠷᠠᠨ ᠪᠢᠴᠢᠯᠭᠡ᠎ᠶ᠋ᠢᠨ ᠬᠢᠴᠢᠶᠡᠯ᠎ᠦᠨ ᠭᠡᠷ᠎ᠲᠦ ᠰᠤᠷᠤᠭ᠍ᠴᠢ ᠸᠠᠩ ᠰᠢ ᠶᠣᠣ ᠲᠦᠪ ᠰᠠᠭᠤᠵᠤ᠂ ᠠᠩᠬᠠᠷᠤᠯ᠎ᠢᠶᠡᠨ ᠲᠥᠪᠯᠡᠷᠡᠭᠦᠯᠤᠨ ᠨᠢᠭᠡ ᠪᠢᠴᠢᠯᠭᠡ ᠨᠢᠭᠡ ᠵᠢᠷᠤᠯᠭ᠎ᠠ ᠪᠡᠷ ᠵᠢᠭᠳᠡ ᠰᠠᠢᠬᠠᠨ ᠪᠢᠴᠢᠵᠦ᠍᠂ ᠬᠢᠳᠠᠳ ᠦᠰᠦᠭ᠎ᠤᠨ ᠥᠪᠡᠷᠮᠢᠴᠡ ᠷᠢᠳᠢ ᠱᠢᠳᠢ᠎ᠶ᠋ᠢ ᠠᠮᠳᠠᠷᠬᠠᠨᠠ᠃ ᠬᠢᠴᠢᠶᠡᠯ᠎ᠦᠨ ᠲᠠᠢᠰᠠᠨ ᠳᠡᠭᠡᠷ᠎ᠡ᠂ ᠪᠠᠭ᠍ᠰᠢ ᠨᠢ ᠵᠢᠷᠤᠯᠭ᠎ᠠ ᠲᠠᠳᠠᠯᠭ᠎ᠠ ᠡᠴᠡ ᠡᠬᠢᠯᠡᠨ ᠦᠰᠦᠭ᠎ᠦᠨ ᠪᠦᠲᠦᠴᠡ ᠬᠦᠷᠲᠡᠯ᠎ᠡ ᠤᠷᠠᠨ ᠪᠢᠴᠢᠯᠭᠡ ᠶ᠋ᠢᠨ ᠤᠷᠠᠯᠢᠭ᠎ᠲᠤ ᠱᠢᠰᠲ᠋ᠧᠮ᠎ᠲᠡᠶ ᠲᠠᠢᠯᠪᠤᠷᠢᠯᠠᠯᠳᠠ ᠬᠢᠵᠦ᠍ ᠪᠠᠢᠯ᠎ᠠ᠃
《ᠤᠷᠠᠨ ᠪᠢᠴᠢᠯᠭᠡ ᠶ᠋ᠢᠨ ᠬᠢᠴᠢᠶᠡᠯ᠎ᠢᠶᠡᠷ ᠳᠡᠮᠵᠢᠨ ᠪᠢ ᠬᠢᠲᠠᠳ ᠥᠰᠥᠭ᠎ᠦᠨ ᠪᠦᠲᠦᠴᠡ᠎ᠶ᠋ᠢ ᠰᠠᠢᠠᠬᠨ ᠣᠢᠯᠠᠭᠠᠭ᠍ᠰᠠᠨ ᠪᠥᠭᠡᠳ ᠳᠤᠮᠳᠠᠳᠤ ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠨᠠᠩ ᠪᠠᠬᠠᠷᠬᠠᠬᠤ ᠪᠤᠯᠤᠯ᠎ᠠ》 ᠬᠡᠵᠦ ᠸᠠᠩ ᠰᠢ ᠶᠤᠤ ᠬᠡᠯᠡᠯ᠎ᠡ᠃
《ᠪᠢᠳᠠ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶ᠋ᠢ ᠴᠢᠩᠭᠠᠳᠭᠠᠬᠤ᠎ᠶ᠋ᠢᠨ ᠬᠠᠮᠲᠤ᠂ ᠵᠢᠭᠠᠨ ᠰᠤᠷᠭᠠᠯᠳᠠ ᠬᠢᠴᠢᠶᠡᠯ ᠰᠤᠷᠤᠯᠭ᠎ᠠ ᠳ᠋ᠤ ᠲᠤᠰᠠᠯᠠᠬᠤ ᠤᠯᠠᠨ ᠵᠦᠢᠯ᠎ᠤᠨ ᠠᠵᠢᠯ᠎ᠢ ᠦᠷᠨᠢᠬᠦᠯᠪᠡ᠃ ᠲᠤᠬᠠᠢᠯᠠᠪᠠᠯ᠂ ᠤᠩᠱᠢᠯᠭ᠎ᠠ ᠪᠠ ᠤᠷᠠᠨ ᠪᠢᠴᠢᠯᠭᠡ᠎ᠶ᠋ᠢᠨ ᠬᠢᠴᠢᠶᠡᠯ᠎ᠢ ᠨᠡᠮᠡᠵᠦ᠍ ᠲᠤᠬᠢᠷᠠᠭᠤᠯᠤᠨ᠂ ᠰᠤᠷᠤᠭ᠍ᠴᠢᠳ᠎ᠲᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠬᠤ ᠰᠠᠢ᠌ᠨ ᠰᠠᠢᠬᠠᠨ ᠣᠷᠴᠢᠨ ᠲᠣᠭᠣᠷᠢᠨ᠎ᠢ ᠬᠠᠩᠭᠠᠪᠠ》 ᠭᠡᠵᠦ᠍ ᠢᠯᠠᠯᠲᠠ ᠭᠣᠣᠯ ᠪᠠᠭ᠎ᠠ ᠰᠤᠷᠭᠠᠭᠤᠯᠢ ᠶ᠋ᠢᠨ ᠲᠤᠬᠠᠢᠯᠠᠭ᠍ᠰᠠᠨ ᠠᠵᠢᠯ᠎ᠤᠨ ᠳᠡᠳ᠋ ᠵᠠᠬᠢᠷᠤᠯ ᠴᠧᠨ ᠴᠧᠩ ᠴᠧᠩ ᠬᠡᠯᠡᠵᠤ ᠪᠠᠢᠪᠠ᠃
ᠣᠢᠷ᠎ᠠ᠎ᠶ᠋ᠢᠨ ᠵᠢᠯ ᠳ᠋ᠤ᠂ ᠤᠯᠠᠭᠠᠨᠬᠣᠲᠠ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠭᠤᠢᠪᠢᠰᠢ ᠥᠬᠡᠶ ᠳᠡᠯᠭᠡᠷᠡᠭᠦᠯᠦᠨ ᠬᠡᠷᠡᠭ᠌ᠯᠡᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠪᠥᠬᠥ᠌ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠍᠂ ᠵᠢᠭᠠᠨ ᠰᠤᠷᠭᠠᠯᠲᠠ᠎ᠶ᠋ᠢᠨ ᠵᠠᠭ᠍ᠪᠤᠷ᠎ᠢ ᠱᠢᠯᠢᠳᠡᠭ᠌ᠵᠢᠭᠦᠯᠬᠦ᠌᠂ ᠵᠢᠭᠠᠨ ᠰᠤᠷᠭᠠᠯᠲᠠ᠎ᠶ᠋ᠢᠨ ᠠᠭᠤᠯᠭ᠎ᠠ᠎ᠶ᠋ᠢ ᠪᠠᠶᠠᠯᠢᠭ᠍ᠵᠢᠭᠤᠯᠬᠤ ᠵᠡᠷᠭᠡ ᠠᠷᠭ᠎ᠠ ᠬᠡᠮᠵᠢᠶ᠎ᠡ ᠪᠡᠷ ᠳᠠᠮᠵᠢᠭᠤᠯᠤᠨ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠲᠠᠰᠤᠷᠠᠯᠲᠠ ᠥᠬᠡᠶ ᠰᠠᠢᠵᠢᠷᠠᠭᠤᠯᠵᠤ᠂ ᠰᠤᠷᠤᠭ᠍ᠴᠢᠳ᠎ᠤᠨ ᠪᠥᠬᠥ᠌ ᠲᠠᠯ᠎ᠠ᠎ᠪᠠᠷ ᠬᠥᠭ᠌ᠵᠢᠬᠦ᠌᠂ ᠡᠷᠡᠭᠦᠯ᠎ᠢᠶᠡᠷ ᠦᠰᠦᠨ ᠪᠣᠢᠵᠢᠬᠤ᠎ᠶ᠋ᠢ ᠠᠬᠢᠭᠤᠯᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠬᠦᠨᠳᠦ ᠡᠭᠦᠷᠭᠡ ᠶ᠋ᠢ ᠡᠭᠦᠷᠭᠡᠯᠡᠬᠦ᠌ ᠴᠠᠭ ᠦᠶ᠎ᠡ᠎ᠶ᠋ᠢᠨ ᠱᠢᠨ᠎ᠡ ᠬᠥᠮᠦᠨ᠎ᠢ ᠬᠦᠮᠦᠵᠢᠬᠦᠯᠬᠦ ᠪᠠᠷ ᠬᠦᠴᠦᠯᠡᠨ ᠴᠢᠷᠮᠠᠢᠪᠠ᠃
ᠤᠯᠠᠭᠠᠨᠬᠣᠲᠠ᠎ᠶ᠋ᠢᠨ ᠶᠢᠰᠦᠳᠦᠭᠡᠷ ᠳᠤᠮᠳᠠᠳᠤ ᠰᠤᠷᠭᠠᠭᠤᠯᠢ ᠶ᠋ᠢᠨ ᠬᠢᠴᠢᠶᠡᠯ᠎ᠦᠨ ᠭᠡᠷ᠎ᠲᠦ᠂ ᠬᠡᠯᠡ ᠪᠢᠴᠢᠭ᠎ᠦᠨ ᠪᠠᠭ᠍ᠰᠢ ᠪᠦᠦ ᠶᠢᠩ ᠭᠸ 《ᠮᠧᠢ ᠯᠢᠩ᠎ᠦᠨ ᠭᠤᠷᠪᠠᠨ ᠪᠦᠯᠦᠭ》 ᠭᠡᠬᠦ ᠰᠢᠯᠦᠭ᠎ᠢ ᠨᠠᠷᠢᠨ ᠬᠢᠨᠠᠮᠠᠭᠠᠢ ᠲᠠᠢᠯᠪᠤᠷᠢᠯᠠᠵᠤ᠂ ᠰᠤᠷᠤᠭᠴᠢᠳ ᠤᠷᠮ᠎ᠠ ᠰᠡᠳᠭᠢᠯᠭᠡ ᠲᠠᠢ ᠠᠮᠳᠠᠷᠬᠠᠨ ᠤᠩᠱᠢᠵᠤ᠂ ᠬᠢᠴᠢᠶᠡᠯ᠎ᠦᠨ ᠲᠠᠩᠬᠢᠮ᠎ᠤᠨ ᠠᠭᠤᠷ ᠠᠮᠢᠰᠭᠤᠯ ᠮᠠᠰᠢ ᠬᠥᠭ᠌ᠵᠢᠶᠡᠨᠲᠡᠢ ᠪᠠᠢᠯ᠎ᠠ᠃
《ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ ᠰᠠᠢᠲᠤᠷ ᠰᠤᠷᠤᠯᠴᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠬᠡᠷᠡᠭ᠌ᠯᠡᠬᠦ᠌ ᠨᠢ ᠰᠤᠷᠤᠭ᠍ᠴᠢᠳ᠎ᠤᠨ ᠠᠯᠤᠰ ᠬᠡᠳᠦ᠍᠎ᠶ᠋ᠢᠨ ᠬᠦᠰᠡᠯ ᠵᠣᠷᠢᠯᠳᠠ ᠵᠢ ᠪᠤᠢ ᠪᠣᠯᠭᠠᠬᠤ᠂ ᠬᠠᠷᠠᠭ᠎ᠠ ᠵᠢ ᠥᠷᠭᠡᠳᠭᠡᠬᠦ᠌᠂ ᠬᠤᠪᠢ ᠬᠥᠮᠦᠨ᠎ᠦ ᠶᠡᠷᠦᠩᠬᠡᠢ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠬᠦ᠌᠎ᠳᠦ ᠮᠠᠰᠢ ᠶᠡᠬᠡ ᠬᠠᠪᠰᠤᠷᠤᠯᠭ᠎ᠠ ᠪᠣᠯᠬᠤ᠎ᠶ᠋ᠢᠨ ᠬᠠᠮᠲᠤ ᠬᠡᠦᠬᠡᠳ᠎ᠦᠳ᠎ᠦᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠨᠡᠢᠭᠡᠮ᠎ᠦᠨ ᠬᠠᠷᠢᠭᠤᠴᠠᠯᠭᠠᠲᠤ ᠰᠡᠳᠭᠢᠯᠭᠡ᠎ᠶ᠋ᠢ ᠴᠢᠩᠭᠠᠳᠭᠠᠬᠤ᠎ᠳᠤ ᠲᠤᠢᠯ᠎ᠤᠨ ᠶᠡᠬᠡ ᠠᠬᠢᠭᠤᠯᠬᠤ ᠦᠢᠯᠡᠳᠦᠯ ᠦᠵᠡᠭᠦᠯᠦᠨ᠎ᠡ》 ᠭᠡᠵᠦ᠍ ᠪᠦᠦ ᠶᠢᠩ ᠭᠸ ᠬᠡᠯᠡᠪᠡ᠃
ᠤᠯᠠᠭᠠᠨᠬᠣᠲᠠ ᠱᠠᠲᠤ ᠳᠠᠷᠠᠭᠠᠯᠠᠨ ᠳᠠᠭᠠᠭᠠᠴᠢᠯᠠᠨ ᠬᠠᠷᠢᠯᠴᠠᠬᠤ᠂ ᠬᠠᠪᠰᠤᠷᠤᠯᠴᠠᠭ᠎ᠠ ᠪᠠᠢᠭᠤᠯᠤᠨ ᠬᠠᠮᠲᠤ ᠪᠠᠷ ᠪᠠᠢᠭᠤᠯᠬᠤ᠂ ᠪᠠᠭ᠍ᠰᠢ᠎ᠶ᠋ᠢᠨ ᠬᠢᠷᠢ ᠬᠡᠮ᠎ᠤᠨ ᠪᠣᠯᠪᠠᠰᠤᠷᠠᠯ ᠬᠦᠷᠳᠡᠭᠡᠭᠦ᠂ ᠵᠢᠭᠠᠨ ᠰᠤᠷᠭᠠᠯᠲᠠ᠎ᠶ᠋ᠢ ᠵᠢᠯᠣᠭᠣᠳᠭᠤ ᠵᠡᠷᠭᠡ ᠠᠷᠭ᠎ᠠ ᠬᠡᠮᠵᠢᠶ᠎ᠡ ᠪᠡᠷ ᠳᠠᠮᠵᠢᠭᠤᠯᠤᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠬᠡᠷᠡᠭ᠌ᠯᠡᠯᠲᠡ᠎ᠶ᠋ᠢ ᠯᠠᠪᠳᠠᠭᠤᠨ ᠠᠬᠢᠭᠤᠯᠵᠤ᠂ ᠤᠤᠯ᠎ᠤᠨ ᠦᠨᠳᠦᠰᠦᠲᠡᠨ᠎ᠦ ᠬᠡᠯᠡ ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ ᠶ᠋ᠢᠨ ᠰᠤᠷᠭᠠᠭᠤᠯᠢ ᠡᠷᠭᠢᠯᠡᠬᠦ᠌ ᠵᠠᠭ᠍ᠪᠤᠷ᠎ᠤᠨ ᠥᠭᠡᠷᠡᠴᠢᠯᠡᠯᠲᠡ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠪᠡᠷ ᠬᠢᠴᠢᠶᠡᠯᠯᠡᠵᠦ᠍ ᠪᠠᠢᠭ᠎ᠠ ᠰᠤᠷᠭᠠᠭᠤᠯᠢ ᠬᠢᠭᠡᠳ ᠤᠤᠯ᠎ᠤᠨ ᠦᠨᠳᠦᠰᠦᠲᠡᠨ᠎ᠦ ᠦᠭᠡ ᠬᠡᠯᠡ ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ᠎ᠶ᠋ᠢ ᠨᠢᠭᠡ ᠴᠣᠭ᠍ᠴᠠᠵᠢᠭᠤᠯᠬᠤ᠂ ᠪᠦᠯᠦᠭ᠌ᠵᠢᠭᠦᠯᠦᠨ ᠰᠤᠷᠭᠠᠭᠤᠯᠢ ᠡᠷᠭᠢᠯᠡᠬᠦ᠌᠎ᠶ᠋ᠢ ᠠᠬᠢᠭᠤᠯᠤᠨ᠂ ᠵᠢᠭᠠᠨ ᠰᠤᠷᠭᠠᠯᠲᠠ᠎ᠶ᠋ᠢ ᠬᠠᠮᠲᠤ ᠪᠠᠷ ᠰᠤᠳᠤᠯᠬᠤ᠂ ᠪᠠᠭ᠍ᠰᠢ ᠶ᠋ᠢ ᠬᠠᠷᠢᠯᠴᠠᠨ ᠲᠣᠮᠢᠯᠠᠬᠤ᠂ ᠬᠠᠮᠢᠶᠠᠷᠤᠯᠲᠠ᠎ᠶ᠋ᠢ ᠬᠠᠷᠢᠯᠴᠠᠨ ᠨᠡᠪᠲᠡᠷᠡᠬᠦᠯᠬᠦ᠌ ᠶ᠋ᠢ ᠬᠡᠷᠡᠭ᠌ᠵᠢᠭᠦᠯᠵᠦ᠍᠂ ᠵᠠᠰᠠᠭ ᠵᠠᠬᠢᠷᠭ᠎ᠠ ᠨᠢᠭᠡᠳᠦᠯᠲᠡᠶ᠂ ᠬᠠᠮᠢᠶᠠᠷᠤᠯᠲᠠ ᠨᠢᠭᠡᠳᠦᠯᠲᠡᠶ᠂ ᠬᠠᠷᠠᠯᠲᠠ ᠨᠢᠭᠡᠳᠦᠯᠲᠡᠶ᠂ ᠬᠢᠨᠠᠨ ᠱᠢᠯᠭᠠᠬᠤ ᠨᠢᠭᠡᠳᠦᠯᠲᠡᠶ 《ᠳᠥᠷᠪᠡᠨ ᠨᠢᠭᠡᠳᠦᠯᠲᠡᠶ》 ᠬᠠᠮᠢᠶᠠᠷᠤᠯᠲᠠ᠎ᠶ᠋ᠢᠨ ᠲᠤᠭᠳᠠᠴᠠ ᠵᠢ ᠪᠠᠢᠭᠤᠯᠪᠠ᠃ ᠣᠳᠣᠬᠠᠨ ᠪᠣᠯᠲᠠᠯ᠎ᠠ ᠤᠯᠠᠭᠠᠨᠬᠣᠲᠠ᠎ᠶ᠋ᠢᠨ ᠤᠤᠯ᠎ᠤᠨ ᠦᠨᠳᠦᠰᠦᠲᠡᠨ᠎ᠦ ᠬᠡᠯᠡ ᠪᠡᠷ ᠬᠢᠴᠢᠶᠡᠯᠯᠡᠵᠦ᠍ ᠪᠠᠢᠭ᠍ᠰᠠᠨ 6 ᠰᠤᠷᠭᠠᠭᠤᠯᠢ ᠵᠢᠨ ᠨᠡᠢᠲᠡ 240 ᠰᠣᠷᠣᠭ᠍ᠴᠢ᠂ 1 — 8 ᠳ᠋ᠤᠭᠠᠷ ᠣᠨ᠎ᠤ ᠡᠯ᠎ᠡ ᠬᠢᠴᠢᠶᠡᠯ ᠲᠥᠷᠥᠯ᠎ᠳᠦ ᠨᠢᠭᠡᠨᠲᠡ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠵᠢᠭᠠᠬᠤ ᠮᠠᠲ᠋ᠧᠷᠢᠶᠠᠯ᠎ᠢ ᠪᠥᠬᠥ᠌ ᠲᠠᠯ᠎ᠠ ᠪᠠᠷ ᠬᠡᠷᠡᠭ᠌ᠵᠢᠭᠦᠯᠦᠭ᠌ᠰᠡᠨ ᠪᠥᠭᠡᠳ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠡᠷ ᠬᠢᠴᠢᠶᠡᠯᠯᠡᠵᠦ᠍ ᠪᠤᠢ᠃
《ᠬᠣᠢᠱᠢᠳᠠ ᠪᠢᠳᠡ ᠬᠣᠲᠠ᠎ᠶ᠋ᠢᠨ ᠱᠠᠲᠤᠨ᠎ᠤ ᠤᠳᠤᠷᠢᠳᠤᠯᠭ᠎ᠠ ᠡᠴᠡ ᠰᠤᠷᠭᠠᠭᠤᠯᠢ ᠶ᠋ᠢᠨ ᠠᠵᠢᠯ᠎ᠢ ᠳᠠᠭᠠᠭᠠᠴᠢᠯᠠᠨ ᠬᠠᠷᠢᠯᠴᠠᠬᠤ ᠠᠵᠢᠯ᠎ᠤᠨ ᠲᠣᠭ᠍ᠲᠠᠴᠠ᠎ᠶ᠋ᠢ ᠦᠷᠭᠦᠯᠵᠢᠯᠡᠨ ᠨᠠᠢᠳᠠᠪᠤᠷᠢᠵᠢᠭᠤᠯᠵᠤ᠂ ᠪᠠᠭ᠍ᠰᠢ᠎ᠶ᠋ᠢᠨ ᠪᠠᠲᠤᠯᠠᠭ᠎ᠠ᠎ᠶ᠋ᠢ ᠴᠢᠩᠭᠠᠳᠭᠠᠨ᠂ ᠵᠢᠭᠠᠨ ᠰᠤᠷᠭᠠᠯᠲᠠ ᠵᠢᠨ ᠰᠤᠳᠤᠯᠭᠠᠨ᠎ᠢᠶᠠᠷ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠵᠤ᠂ ᠬᠡᠯᠡ ᠪᠢᠴᠢᠭ᠎ᠦᠨ ᠬᠢᠴᠢᠶᠡᠯ ᠲᠥᠷᠥᠯ᠎ᠦᠨ ᠵᠢᠭᠠᠨ ᠰᠤᠷᠭᠠᠯᠲᠠ᠎ᠶ᠋ᠢᠨ ᠴᠢᠳᠠᠪᠤᠷᠢᠲᠠᠨ᠂ ᠬᠢᠴᠢᠶᠡᠯ ᠲᠥᠷᠥᠯ᠎ᠦᠨ ᠳᠠᠭᠠᠭᠤᠯᠤᠭ᠍ᠴᠢ ᠪᠠᠭᠰᠢ᠂ ᠭᠤᠤᠯᠯᠠᠭ᠍ᠴᠢ ᠪᠠᠭ᠍ᠰᠢ᠂ ᠵᠢᠱ᠌ᠢᠶ᠎ᠡ ᠦᠵᠡᠬᠦᠯᠬᠦ ᠪᠠᠭᠰᠢ᠎ᠶ᠋ᠢ ᠰᠣᠩᠭᠣᠨ ᠣᠢᠷ᠎ᠠ ᠬᠠᠪᠢ ᠳ᠋ᠤᠨᠢ᠂ ᠳᠥᠭᠥᠮ ᠳᠥᠲᠡ ᠪᠠᠢᠬᠤ ᠵᠠᠷᠴᠢᠮᠵᠢᠡᠷ ᠲᠤᠰ ᠬᠣᠲᠠ ᠵᠢᠨ ᠡᠯ᠎ᠠ ᠰᠤᠷᠭᠠᠭᠤᠯᠢ ᠳ᠋ᠸ᠋ ᠬᠢᠴᠢᠶᠡᠯ ᠤᠷᠤᠭᠤᠯᠬᠤ ᠠᠷᠭ᠎ᠠ ᠮᠠᠶᠢᠭᠵᠢᠡᠷ ᠵᠢᠭᠠᠨ ᠵᠢᠯᠣᠭᠣᠳᠴᠤ᠌ ᠬᠠᠪᠰᠤᠷᠤᠨ ᠲᠡᠳᠬᠦᠬᠦ ᠠᠵᠢᠯᠯᠠᠭ᠎ᠠ ᠦᠷᠨᠢᠬᠦᠯᠵᠦ᠍᠂ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠤᠭ᠍ᠴᠢᠳ᠎ᠤᠨ ᠬᠡᠯᠡ ᠪᠢᠴᠢᠭ᠎ᠦᠨ ᠬᠢᠴᠢᠶᠡᠯ᠎ᠦᠨ ᠰᠤᠷᠤᠯᠭ᠎ᠠ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ》 ᠭᠡᠵᠦ᠍ ᠤᠯᠠᠭᠠᠨᠬᠣᠲᠠ᠎ᠶ᠋ᠢᠨ ᠰᠤᠷᠭᠠᠨ ᠬᠥᠮᠦᠵᠢᠯ᠎ᠦᠨ ᠲᠣᠪᠴᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠶᠡᠷᠦᠩᠬᠡᠶ ᠪᠠᠢᠴᠠᠭᠠᠭ᠍ᠴᠢ ᠯᠢ ᠳ᠋ᠦᠩ ᠮᠧᠶ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃