ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-03-13 10:17:24

ᠵᠣᠬᠢᠶᠠᠭ᠍ᠴᠢ᠄ ᠪᠥᠸᠧ᠎ᠶ᠋ᠢᠨ ᠹᠸᠩ ᠣᠩᠱᠢᠭ᠍ᠰᠠᠨ ᠣᠳᠠᠭ᠎ᠠ᠄ 3

《ᠮᠢᠨᠦ ᠰᠢᠳᠦᠨ ᠪᠢᠰᠢᠷᠡᠳᠡᠭ ᠬᠡᠷᠡᠯ ᠪᠤᠯ ᠲᠠᠪᠤᠨ ᠬᠣᠱᠢᠭᠤᠲᠤ ᠣᠲᠣᠨ ᠬᠡᠷᠡᠯ ᠮᠥᠨ᠂ ᠮᠢᠨᠦ᠍ ᠪᠠᠬᠠᠷᠬᠠᠳᠠᠬ ᠤᠯᠠᠭᠠᠨ ᠦᠩᠭᠡ ᠪᠣᠯ ᠳᠤᠮᠳᠠᠳᠤ᠎ᠶ᠋ᠢᠨ ᠤᠯᠠᠭᠠᠨ ᠦᠩᠭᠡ ᠮᠥᠨ!》 ᠡᠪᠦᠯ᠎ᠦᠨ ᠠᠮᠠᠷᠠᠯᠲᠠ᠎ᠶ᠋ᠢᠨ ᠬᠤᠭᠤᠴᠠᠭᠠᠨ᠎ᠳᠤ᠂ ᠪᠠᠶᠠᠨᠨᠠᠭᠤᠷ ᠬᠤᠳᠠ᠎ᠶ᠋ᠢᠨ ᠯᠢᠨ ᠡᡁᠸ ᠲᠣᠭᠣᠷᠢᠭ᠎ᠤᠨ ᠢ ᠹᠦ᠋ ᠰᠤᠷᠭᠠᠭᠤᠯᠢ᠎ᠶ᠋ᠢᠨ ᠰᠤᠷᠤᠭ᠍ᠴᠢ ᠵᠢᠶᠠ ᠢ ᠨᠢᠩ ᠬᠤᠪᠢᠰᠬᠠᠯᠳᠤ ᠵᠢᠷᠤᠭ᠍ᠲᠤ ᠳᠡᠪᠲᠡᠷ 《ᠦᠳᠦᠨ ᠵᠠᠬᠢᠳᠠᠯ》 ᠢ᠋ ᠤᠩᠱᠢᠭ᠍ᠰᠠᠨ ᠲᠦᠷᠦᠭ᠌ᠳᠡᠯ᠎ᠢᠶᠡᠨ ᠨᠠᠷᠢᠨ ᠬᠢᠨᠠᠮᠠᠭᠠᠢ ᠲᠡᠮᠳᠡᠭᠯᠡᠪᠡ᠃

《ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠢᠳᠤᠷ ᠰᠤᠷᠤᠯᠴᠠᠭᠰᠠᠨ ᠵᠢᠡᠷ ᠪᠢ ᠤᠩᠰᠢᠬᠰᠠᠨ ᠬᠤᠪᠢᠰᠬᠠᠯᠳᠤ ᠦᠯᠢᠭᠡᠷ ᠵᠢᠡᠨ ᠪᠢᠴᠢᠬᠠᠨ ᠨᠠᠢᠵᠢ ᠨᠠᠷ ᠲᠠᠶ᠎ᠪᠠᠨ ᠨᠡᠩ ᠰᠠᠢ᠌ᠨ ᠬᠤᠪᠢᠶᠠᠯᠴᠠᠵᠤ᠂ ᠬᠤᠪᠢᠰᠭᠠᠯ᠎ᠤᠨ ᠦᠯᠢᠭᠡᠷ᠎ᠡᠴᠡ ᠠᠬᠠᠮᠠᠳ ᠦᠶ᠎ᠡ᠎ᠶ᠋ᠢᠨ ᠬᠢᠨ᠎ᠦ ᠡᠷᠡᠯᠬᠡᠭ᠌ᠯᠡᠨ ᠤᠷᠤᠭ᠍ᠰᠢᠯᠠᠬᠤ᠂ ᠦᠷᠡᠭ᠌ᠳᠡᠯ ᠰᠦᠢᠳᠦᠯ᠎ᠡᠴᠡ ᠠᠶᠤᠬᠤ ᠦᠭᠡᠢ ᠲᠡᠮᠡᠴᠡᠬᠦ᠌ ᠵᠣᠷᠢᠭ ᠰᠠᠨᠠᠭ᠎ᠠ᠎ᠶ᠋ᠢ ᠣᠢᠯᠠᠭᠠᠵᠤ᠂ ᠦᠨᠦᠳᠦᠷ᠎ᠤᠨ ᠰᠠᠢ᠌ᠨ ᠰᠠᠢᠬᠠᠨ ᠠᠮᠢᠳᠤᠷᠠᠯ ᠮᠠᠨᠢ ᠬᠢᠯᠪᠠᠷ ᠪᠤᠰᠤ ᠪᠠᠷ ᠢᠷᠡᠭ᠌ᠰᠡᠨ ᠭᠡᠳᠡᠭ᠎ᠢ ᠣᠢᠯᠠᠭᠠᠪᠠ》 ᠭᠡᠵᠦ᠍ ᠵᠢᠶᠠ ᠢ ᠨᠢᠩ ᠬᠡᠯᠡᠨ᠎ᠡ᠃

ᠡᠨᠡ ᠬᠡᠰᠡᠭ ᠬᠤᠭᠤᠴᠠᠭᠠᠨ᠎ᠳᠤ᠂ ᠢ ᠹᠦ᠋ ᠰᠤᠷᠭᠠᠭᠤᠯᠢ᠎ᠶ᠋ᠢᠨ ᠬᠢᠨ ᠨᠣᠮ ᠤᠩᠱᠢᠬᠤ ᠲᠠᠨᠢᠯᠴᠠᠭᠤᠯᠭ᠎ᠠ ᠵᠢᠨ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠬᠡᠦᠬᠡᠳ᠎ᠦᠳ ᠰᠣᠩᠭᠣᠳᠠᠭ ᠬᠤᠪᠢᠰᠬᠠᠯ᠎ᠤᠨ ᠨᠣᠮ ᠰᠤᠳᠤᠷ᠎ᠢ ᠰᠣᠩᠭᠣᠵᠤ᠂ ᠰᠦᠯᠵᠢᠶᠡᠨ ᠳᠡᠭᠡᠷ᠎ᠡ ᠤᠩᠱᠢᠯᠭ᠎ᠠ᠎ᠶ᠋ᠢᠨ ᠲᠦᠷᠦᠭ᠌ᠳᠡᠯ᠎ᠢᠶᠡᠨ ᠬᠤᠪᠢᠶᠠᠯᠴᠠᠪᠠ᠃ 《ᠲᠦᠷᠦᠭᠳᠡᠯ ᠵᠢᠡᠨ ᠬᠤᠪᠢᠶᠠᠯᠴᠠᠬᠤ ᠶᠠᠪᠤᠴᠠ᠎ᠳᠤ᠂ ᠬᠡᠦᠬᠡᠳ᠎ᠦᠳ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠢᠡᠷ ᠤᠩᠱᠢᠯᠭ᠎ᠠ᠎ᠶ᠋ᠢᠨ ᠣᠯᠤᠯᠲᠠ ᠲᠦᠷᠦᠭ᠌ᠳᠡᠯ᠎ᠢᠶᠡᠨ ᠢᠳᠡᠪᠬᠢᠲᠡᠢ ᠰᠣᠯᠢᠯᠴᠠᠵᠤ᠂ ᠬᠠᠷᠢᠯᠴᠠᠨ ᠰᠤᠷᠤᠯᠴᠠᠪᠠ᠂ ᠡᠢᠮᠦᠷᠬᠦᠦ ᠠᠵᠢᠯᠯᠠᠭ᠎ᠠ ᠪᠠᠷ ᠳᠠᠮᠵᠢᠭᠤᠯᠵᠤ᠂ ᠬᠡᠦᠬᠡᠳ᠎ᠦᠳ᠎ᠢ ᠦᠢᠯᠡᠳᠦᠯᠭᠡ᠎ᠶ᠋ᠢᠨ ᠳᠤᠮᠳᠠ ᠬᠤᠪᠢᠰᠭᠠᠯᠳᠤ ᠤᠳᠤᠮᠰᠢᠯ᠎ᠢ ᠤᠯᠠᠮᠵᠢᠯᠠᠵᠤ᠂ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠶ᠋ᠢ ᠤᠢ᠍ᠢᠯᠠᠭᠠᠵᠦ᠂ ᠵᠦᠭᠡᠯᠡᠨ ᠬᠤᠷ᠎ᠠ ᠲᠦᠮᠡᠨ ᠪᠤᠳᠠᠰ᠎ᠢ ᠤᠮᠳᠠᠯᠠᠬᠤ ᠠᠷᠭ᠎ᠠ ᠪᠠᠷ ᠰᠤᠷᠤᠭ᠍ᠴᠢᠳ᠎ᠤᠨ ᠤᠯᠤᠰ᠎ᠢᠶᠠᠨ ᠬᠠᠢᠷᠠᠯᠠᠬᠤ ᠰᠡᠳᠭᠢᠯᠭᠡ᠎ᠶ᠋ᠢ ᠬᠥᠮᠦᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠤᠯᠠᠮ ᠴᠢᠨᠠᠭ᠍ᠰᠢᠳᠠ ᠪᠠᠲᠤ ᠴᠤᠬᠴᠠᠯᠠᠨ᠎ᠠ》 ᠬᠡᠵᠦ ᠢ ᠹᠦ᠋ ᠰᠤᠷᠭᠠᠭᠤᠯᠢ᠎ᠶ᠋ᠢᠨ ᠵᠠᠬᠢᠷᠤᠯ ᠯᠢ ᠴᠢᠶᠠᠩ ᠲᠠᠨᠢᠯᠴᠠᠭᠤᠯᠪᠠ᠃

ᠲᠦᠷᠦᠭᠦᠬᠡᠨ ᠪᠠᠶᠠᠨᠨᠠᠭᠤᠷ ᠬᠣᠲᠠ᠎ᠶ᠋ᠢᠨ ᠰᠣᠶᠣᠯ᠎ᠤᠨ ᠦᠵᠡᠰᠭᠦᠯᠡᠩ᠎ᠦᠨ ᠲᠥᠪ᠎ᠲᠦ ᠶᠠᠪᠤᠭ᠍ᠳᠠᠭ᠍ᠰᠠᠨ 《ᠡᠬᠡ ᠤᠯᠤᠰ ᠵᠢᠡᠨ ᠬᠠᠢᠷᠠᠯᠠᠬᠤ》 ᠭᠣᠸ᠋ᠯ ᠰᠡᠳᠦᠪᠲᠦ ᠦᠵᠡᠭᠦᠯᠭᠡ ᠨᠢ᠎ᠮᠠᠰᠢ ᠣᠯᠠᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠠᠩᠬᠠᠷᠤᠯ᠎ᠢ ᠢᠳᠡᠪᠬᠢᠲᠡᠶ ᠲᠠᠳᠠᠯ᠎ᠠ᠃ ᠭᠣᠣᠯ ᠰᠡᠳᠦᠪᠲᠦ ᠦᠵᠡᠭᠦᠯᠭᠡ ᠨᠢ 《ᠮᠢᠨᠦ᠍ ᠡᠬᠡ ᠤᠯᠤᠰ》᠂ 《ᠦᠵᠡᠰᠭᠦᠯᠡᠩᠲᠦ ᠰᠠᠢᠬᠠᠨ ᠠᠭᠤᠯᠠ ᠤᠰᠤ》᠂ 《ᠭᠡᠷᠡᠯ ᠰᠠᠴᠤᠷᠠᠩᠭᠤᠢ ᠪᠣᠯᠪᠠᠰᠤᠨ》᠂ 《ᠠᠭᠤᠤ ᠶᠡᠬᠡ ᠵᠣᠷᠢᠭ ᠰᠠᠨᠠᠭ᠎ᠠ》᠂ 《ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠶ᠎ᠠ》᠂ 《ᠥᠪᠥᠷ ᠮᠣᠩᠭᠣᠯ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ》 ᠵᠡᠷᠭᠡ 6 ᠬᠡᠰᠡᠭ ᠬᠤᠪᠢᠶᠠᠵᠤ᠂ ᠳᠤᠮᠳᠠᠳᠤ᠎ᠶ᠋ᠢᠨ ᠰᠣᠶᠣᠯ᠎ᠤᠨ ᠲᠡᠮᠳᠡᠭ ᠪᠣᠯᠤᠨ ᠳᠤᠮᠳᠠᠳᠤ᠎ᠶ᠋ᠢᠨ ᠦᠨᠳᠦᠰᠦᠲᠡᠨ᠎ᠦ ᠲᠦᠷᠢ ᠲᠥᠷᠬᠦ᠌ ᠵᠢᠴᠢ ᠠᠭᠤᠤ ᠶᠡᠬᠡ ᠡᠬᠡ ᠤᠯᠤᠰ᠎ᠤᠨ ᠰᠦᠷᠯᠢᠭ ᠰᠠᠢᠬᠠᠨ ᠦᠵᠡᠮᠵᠢ ᠪᠠᠢᠳᠠᠯ ᠪᠣᠯᠤᠨ ᠭᠡᠷᠡᠯ ᠰᠠᠴᠤᠷᠠᠩᠭᠤᠢ ᠠᠮᠵᠢᠯᠲᠠ᠎ᠶ᠋ᠢ ᠳᠡᠯᠭᠡᠨ ᠦᠵᠡᠭᠦᠯᠵᠡᠢ᠃

ᠬᠤᠳᠠ᠎ᠶ᠋ᠢᠨ ᠰᠣᠶᠣᠯ᠎ᠤᠨ ᠦᠵᠡᠰᠭᠦᠯᠡᠩ᠎ᠦᠨ ᠲᠥᠪ᠎ᠲᠦ᠍ ᠲᠠᠪᠤᠨ ᠣᠳᠣᠲᠤ ᠤᠯᠠᠭᠠᠨ ᠲᠤᠭ᠎ᠤᠨ ᠡᠮᠦᠨ᠎ᠡ ᠬᠥᠮᠦᠨ ᠬᠠᠷ᠎ᠠ ᠴᠤᠭᠯᠠᠷᠠᠵᠤ᠂ ᠲᠣᠭᠣᠷᠢᠨ ᠦᠵᠡᠵᠦ᠍ ᠪᠠᠢᠭ᠍ᠰᠠᠨ ᠢ ᠹᠦ᠋ ᠰᠤᠷᠭᠠᠭᠤᠯᠢ᠎ᠶ᠋ᠢᠨ ᠳᠥᠷᠪᠡᠳᠦᠭᠡᠷ ᠣᠨ᠎ᠤ ᠰᠤᠷᠤᠭ᠍ᠴᠢ ᠸᠠᠩ ᡁᠢ ᠬᠠᠨ᠄ 《ᠰᠣᠨᠣᠰᠭᠤᠯᠠᠷ ᠡᠨᠡ ᠤᠯᠤᠰ᠎ᠤᠨ ᠲᠤᠭ ᠲᠢᠶᠠᠨ ᠠᠨ ᠮᠸᠨ ᠲᠠᠯᠠᠪᠠᠢ᠎ᠳᠤ ᠮᠠᠨᠳᠤᠵᠤ ᠥᠩᠭᠡᠷᠡᠭ᠌ᠰᠡᠨ ᠭᠡᠨ᠎ᠡ᠂ ᠡᠵᠢ ᠡᠨᠡ ᠵᠤᠨ᠎ᠤ ᠠᠮᠠᠷᠠᠯᠲᠠ᠎ᠳᠤ ᠨᠠᠮᠠᠶ᠋ᠢ ᠳᠠᠭᠠᠭᠤᠯᠵᠤ ᠲᠢᠶᠠᠨ ᠠᠨ ᠮᠸᠨ ᠠᠭᠤᠳᠠᠮ ᠲᠠᠯᠠᠪᠠᠢ᠎ᠳᠤ ᠤᠯᠤᠰ᠎ᠤᠨ ᠲᠤᠭ ᠮᠠᠨᠳᠤᠭᠤᠯᠬᠤ ᠶᠣᠰᠣᠯᠠᠯ᠎ᠢ ᠰᠣᠨᠢᠷᠬᠠᠭᠤᠯᠤᠨ᠎ᠠ ᠭᠡᠵᠦ ᠪᠠᠢᠭᠰᠠᠨ᠂ ᠬᠠᠷᠢᠨ ᠦᠵᠡᠰᠬᠦᠯᠡᠩ᠎ᠤᠨ ᠲᠤᠬᠠᠢ ᠵᠢᠨ ᠲᠠᠯᠠᠪᠠᠢ ᠡᠴᠡ ᠪᠢ ᠡᠬᠡ ᠤᠯᠤᠰ᠎ᠤᠨ ᠵᠢᠡᠨ ᠠᠭᠤᠤ ᠶᠡᠬᠡ ᠵᠢ ᠰᠡᠳᠬᠢᠯ ᠵᠢᠡᠷ ᠵᠢᠡᠨ ᠮᠡᠳᠡᠷᠡᠪᠡ》 ᠭᠡᠵᠦ᠍ ᠲᠤᠩ ᠪᠠᠶᠠᠷᠳᠠᠢ ᠬᠡᠯᠡᠨ᠎ᠡ᠃

ᠬᠤᠪᠢᠰᠬᠠᠯᠳᠤ ᠤᠳᠤᠮᠰᠢᠯ᠎ᠢ ᠦᠶ᠎ᠡ᠎ᠶ᠋ᠢᠨ ᠦᠶ᠎ᠡ᠎ᠳᠦ ᠤᠯᠠᠮᠵᠢᠯᠠᠨ᠎ᠠ᠃ ᠡᠪᠦᠯ᠎ᠦᠨ ᠠᠮᠠᠷᠠᠯᠲᠠ᠎ᠶ᠋ᠢᠨ ᠬᠤᠭᠤᠴᠠᠭᠠᠨ᠎ᠳᠤ᠂ ᠯᠢᠨ ᠾᠧ ᠲᠣᠭᠣᠷᠢᠭ᠎ᠤᠨ ᠬᠢᠨ ᠪᠠᠭ᠍ᠰᠢ ᠰᠤᠷᠤᠭ᠍ᠴᠢ ᠨᠢᠭᠡᠪᠦᠷᠢ᠎ᠶ᠋ᠢ ᠬᠤᠪᠢᠰᠭᠠᠯ᠎ᠤᠨ ᠦᠯᠢᠭᠡᠷ᠎ᠢ ᠲᠠᠬᠢᠨ ᠰᠠᠨᠠᠭᠠᠯᠵᠠᠵᠤ᠂ ᠬᠤᠪᠢᠰᠭᠠᠯ᠎ᠤᠨ ᠨᠣᠮ ᠪᠢᠴᠢᠭ ᠤᠩᠱᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠷᠡᠮᠡᠬᠡᠢᠯᠡᠨ ᠤᠷᠤᠭ᠍ᠰᠢᠯᠠᠭ᠍ᠰᠠᠨ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠶ᠋ᠢ ᠣᠢᠯᠠᠭᠠᠬᠤ᠎ᠶ᠋ᠢ ᠵᠣᠷᠢᠭ᠍ᠵᠢᠭᠤᠯᠪᠠ᠃ ᠬᠤᠪᠢᠰᠬᠠᠯ᠎ᠤᠨ ᠨᠣᠮ ᠪᠢᠴᠢᠭ ᠤᠩᠱᠢᠬᠤ᠂ ᠬᠤᠪᠢᠰᠬᠠᠯ᠎ᠤᠨ ᠺᠢᠨᠣ᠋᠎ᠶ᠋ᠢ ᠰᠣᠨᠢᠷᠬᠠᠬᠤ᠎ᠪᠠᠷ ᠳᠠᠮᠵᠢᠭᠤᠯᠤᠨ᠂ ᠬᠤᠪᠢᠰᠬᠠᠯᠳᠤ ᠤᠳᠤᠮᠰᠢᠯ᠎ᠤᠨ ᠰᠦᠭ ᠰᠦᠨᠡᠰᠦ᠎ᠶ᠋ᠢ ᠱᠤᠭᠤᠵᠤ ᠬᠥᠮᠦᠨ᠎ᠢ ᠬᠥᠮᠦᠵᠢᠭᠦᠯᠬᠦ᠌ ᠢᠳᠡᠪᠬᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠰᠤᠷᠤᠭ᠍ᠴᠢᠳ᠎ᠤᠨ 《ᠬᠥᠮᠦᠨ᠎ᠦ ᠠᠮᠢᠳᠤᠷᠠᠯ᠎ᠤᠨ ᠠᠩᠬᠠᠨ᠎ᠤ ᠲᠣᠪᠴᠢ᠎ᠶ᠋ᠢ ᠰᠠᠢᠲᠤᠷ ᠲᠣᠪᠴᠢᠯᠠᠬᠤ》 ᠎ᠵᠢ ᠬᠥᠲᠥᠯᠥᠨ ᠵᠢᠯᠤᠭᠤᠳᠤᠨ᠎ᠠ᠃

ᠤᠢ᠍ᠢᠷ᠎ᠠ᠎ᠶ᠋ᠢᠨ ᠵᠢᠯ᠎ᠡᠴᠡ᠂ ᠯᠢᠨ ᠾᠧ ᠲᠣᠭᠣᠷᠢᠭ᠎ᠤᠨ ᠬᠢᠨ ᠰᠤᠷᠭᠠᠭᠤᠯᠢ᠎ᠶ᠋ᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ᠎ᠦᠨ ᠦᠨᠳᠦᠰᠦᠨ ᠵᠢᠭ᠍ᠰᠠᠭᠠᠯ᠎ᠤᠨ ᠭᠠᠵᠠᠷ ᠪᠣᠯᠭᠠᠬᠤ᠎ᠶ᠋ᠢ ᠢᠮᠠᠭ᠍ᠲᠠ ᠪᠠᠷᠢᠮᠲᠠᠯᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠦᠨ ᠳᠡᠯᠭᠡᠷᠡᠭᠦᠯᠬᠦ᠌ ᠠᠵᠢᠯ᠎ᠢ ᠪᠦᠬᠦ᠌ ᠲᠠᠯ᠎ᠠ᠎ᠪᠠᠷ ᠥᠷᠨᠢᠭᠦᠯᠵᠦ᠍᠂ 《ᠨᠠᠮ᠎ᠤᠨ ᠠᠴᠢ ᠳ᠋ᠦ ᠲᠠᠯᠠᠷᠬᠠᠵᠤ ᠨᠠᠮ᠎ᠤᠨ ᠦᠭᠡ᠎ᠶ᠋ᠢ ᠰᠣᠨᠣᠰᠴᠤ᠌ ᠨᠠᠮ᠎ᠢᠶᠠᠨ ᠲᠠᠭᠠᠶ᠎ᠠ》 ᠭᠡᠬᠦ ᠰᠣᠩᠭᠣᠳᠠᠭ ᠱᠢᠯᠦᠭ ᠳᠠᠭᠤᠯᠠᠯ᠎ᠤᠨ ᠤᠩᠰᠢᠯᠭ᠎ᠠ᠂ 《ᠳᠦᠷᠢᠮᠵᠢᠭ᠌ᠰᠡᠨ ᠦᠰᠦᠭ ᠪᠢᠴᠢᠶ᠎ᠡ ᠡᠭᠡ ᠤᠯᠤᠰ᠎ᠢᠶᠠᠨ ᠬᠠᠢᠷᠠᠯᠠᠶ᠎ᠠ》 ᠭᠡᠬᠦ ᠤᠷᠠᠨ ᠪᠢᠴᠢᠯᠭᠡ᠎ᠶ᠋ᠢᠨ ᠤᠷᠤᠯᠳᠤᠭᠠᠨ ᠵᠡᠷᠭᠡ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠭ᠌ᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ 《ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠪᠡᠷ ᠰᠠᠢᠲᠤᠷ ᠶᠠᠷᠢᠵᠤ᠂ ᠲᠦᠷᠢᠮᠵᠢᠭᠰᠡᠨ ᠦᠰᠦᠭ᠎ᠢ ᠰᠠᠢᠲᠤᠷ ᠪᠢᠴᠢᠬᠦ》 ᠬᠡᠪ ᠵᠠᠩᠰᠢᠯ᠎ᠢ ᠪᠤᠢ ᠪᠤᠯᠭᠠᠪᠠ᠃ ᠤᠳᠤᠬᠠᠨ ᠪᠤᠯᠳᠠᠯ᠎ᠠ᠂ ᠯᠢᠨ ᠾᠧ ᠲᠣᠭᠣᠷᠢᠭ᠎ᠤᠨ 44 (1 ᠠᠷᠠᠳ ᠡᠴᠡ ᠡᠷᠭᠢᠯᠡᠭ᠌ᠰᠡᠨ ᠰᠤᠷᠭᠠᠭᠤᠯᠢ ᠪᠠᠭ᠍ᠲᠠᠨ᠎ᠠ) ᠰᠤᠷᠭᠠᠭᠤᠯᠢ ᠪᠦᠬᠦᠨ᠎ᠢᠶᠡᠷ᠎ᠢᠶᠡᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢᠶᠠᠷ ᠬᠢᠴᠢᠶᠡᠯᠯᠡᠵᠦ᠍᠂ 10 ᠰᠤᠷᠭᠠᠭᠤᠯᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠰᠤᠷᠭᠠᠭᠤᠯᠢ ᠪᠤᠯᠵᠤ᠂ 2 ᠰᠤᠷᠭᠠᠭᠤᠯᠢ ᠳᠤᠮᠳᠠᠳᠤ ᠵᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ ᠵᠢᠱ᠌ᠢᠶ᠎ᠡ ᠦᠵᠡᠭᠦᠯᠬᠦ᠌ ᠰᠤᠷᠭᠠᠭᠤᠯᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠥᠮᠥᠷᠭᠡ᠎ᠳᠦ ᠤᠷᠤᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面