2024-05-27 11:29:34
ᠲᠦᠷᠦᠭᠦᠬᠡᠨ᠂ ᠤᠯᠠᠭᠠᠨᠴᠠᠪ ᠬᠣᠲᠠ᠎ᠶ᠋ᠢᠨ ᠱᠠᠩᠳᠤ ᠱᠢᠶᠠᠨ᠎ᠤ ᠫᠢᠩ ᠠᠨ ᠪᠠᠭ᠎ᠠ ᠰᠤᠷᠭᠠᠭᠤᠯᠢ᠎ᠶ᠋ᠢᠨ ᠬᠣᠶᠠᠳᠤᠭᠠᠷ ᠣᠨ ᠤ ᠭᠤᠷᠪᠠᠳᠤᠭᠠᠷ ᠠᠩᠭᠢ᠎ᠶ᠋ᠢᠨ ᠬᠡᠯᠡ ᠪᠢᠴᠢᠭ᠎ᠦᠨ ᠬᠢᠴᠢᠶᠡᠯ ᠳᠡᠭᠡᠷ᠎ᠡ᠂ ᠱᠢᠩ ᠶᠠ ᠬᠣᠶ ᠪᠠᠭ᠍ᠰᠢ ᠶᠠᠭ ᠰᠤᠷᠤᠭ᠍ᠴᠢᠳ᠎ᠲᠤ ᠬᠢᠲᠠᠳ ᠥᠰᠥᠭ᠎ᠢ ᠳᠦᠷᠢᠮᠵᠢᠭᠦᠨ ᠪᠢᠴᠢᠬᠦ᠌ ᠶ᠋ᠢ ᠬᠦᠯᠢᠴᠡᠨᠭᠬᠦᠢ ᠪᠡᠷ ᠰᠤᠷᠤᠭᠴᠢᠳ ᠲᠸ᠋ ᠲᠠᠢᠯᠪᠤᠷᠢᠯᠠᠨ ᠦᠭᠴᠤ᠂ ᠰᠤᠷᠤᠭ᠍ᠴᠢᠳ ᠪᠠᠭ᠍ᠰᠢ᠎ᠶ᠋ᠢᠨ᠎ᠢᠶᠠᠨ ᠵᠠᠬᠢᠶ᠎ᠠ ᠶᠤᠰᠤᠭᠠᠷ ᠨᠠᠷᠢᠨ ᠬᠢᠨᠠᠮᠠᠭᠠᠶ ᠴᠡᠪᠡᠷ ᠲᠡᠭᠰᠢᠭᠡᠨ ᠪᠢᠴᠢᠨ᠎ᠠ᠃ ᠱᠢᠩ ᠶᠠ ᠬᠤᠢ᠄ 《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠪᠣᠯ ᠳᠤᠮᠳᠠᠳᠤ᠎ᠶ᠋ᠢᠨ ᠲᠠᠪᠤᠨ ᠮᠢᠩᠭᠠᠨ ᠵᠢᠯ᠎ᠦᠨ ᠲᠡᠦᠬᠡ ᠶ᠋ᠢ ᠠᠴᠢᠶᠠᠯᠠᠵᠤ ᠪᠠᠢᠳᠠᠭ᠂ ᠪᠢᠳᠡ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠢ ᠪᠢᠴᠢᠭ ᠵᠢᠭᠠᠵᠤ ᠬᠥᠮᠦᠨ ᠢ ᠬᠥᠮᠦᠵᠢᠭᠦᠯᠬᠦ᠌ ᠪᠦᠬᠦ ᠶᠠᠪᠤᠴᠠ᠎ᠳᠦ ᠲᠤᠭᠤᠱᠢᠯᠠᠭᠤᠯᠬᠤ ᠡᠬᠦᠷᠭᠡᠬᠠᠷᠢᠭᠤᠴᠠᠯᠭᠠ ᠲᠠᠶ》 ᠬᠡᠵᠦ ᠬᠡᠯᠡᠨ᠎ᠡ᠃
ᠤᠢ᠍ᠢᠷ᠎ᠠ᠎ᠶ᠋ᠢᠨ ᠵᠢᠯ᠎ᠡᠴᠡ᠂ ᠱᠠᠩᠳᠤ ᠱᠢᠶᠠᠨ ᠤᠯᠤᠰ᠎ᠦᠨ ᠪᠠ ᠥᠪᠡᠷᠲᠡᠭᠡᠨ ᠵᠠᠰᠠᠬᠤ ᠣᠷᠣᠨ᠎ᠤ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠵᠤ᠂ ᠦᠭᠡ ᠬᠡᠯᠡ ᠦᠰᠦᠭ ᠪᠢᠴᠢᠭ᠎ᠦᠨ ᠵᠢᠷᠦᠮᠵᠢᠭᠤᠯᠦᠯᠳᠠ ᠵᠢᠨ ᠠᠵᠢᠯ᠎ᠢ ᠰᠤᠷᠭᠠᠨ ᠬᠥᠮᠦᠵᠢᠯ ᠰᠣᠶᠣᠯ᠎ᠤᠨ ᠬᠥᠭ᠌ᠵᠢᠯᠲᠡ᠎ᠶ᠋ᠢᠨ ᠡᠯ᠎ᠡ ᠲᠠᠯ᠎ᠠ᠎ᠳᠤ ᠣᠷᠣᠭᠤᠯᠬᠤ᠎ᠶ᠋ᠢ ᠪᠠᠷᠢᠮᠲᠠᠯᠠᠪᠠ᠃ ᠰᠤᠷᠭᠠᠭᠤᠯᠢ ᠪᠣᠯ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠢ ᠰᠠᠢᠲᠤᠷ ᠬᠢᠬᠦ᠌ ᠴᠢᠬᠤᠯᠠ ᠵᠢᠭ᠍ᠰᠠᠭᠠᠯ᠎ᠤᠨ ᠭᠠᠵᠠᠷ ᠮᠥᠨ᠂ ᠱᠠᠩᠳᠤ ᠱᠢᠶᠠᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠣᠩᠭᠣᠳᠠᠭ ᠱᠢᠯᠦᠭ ᠵᠣᠬᠢᠶᠠᠯ᠎ᠤᠨ ᠬᠥᠮᠦᠵᠢᠯ᠎ᠢ ᠦᠷᠭᠦᠯᠵᠢᠯᠡᠨ ᠴᠢᠩᠭᠠᠳᠭᠠᠵᠤ᠂ ᠬᠢᠲᠠᠳ ᠦᠰᠦᠭ ᠦᠨ ᠪᠢᠴᠢᠯᠭᠡ ᠵᠢᠨ ᠬᠥᠮᠦᠵᠢᠯ᠎ᠢ ᠵᠢᠷᠤᠮᠵᠢᠭᠤᠯᠵᠤ᠂ ᠳᠤᠮᠳᠠᠳᠤ᠎ᠶ᠋ᠢᠨ ᠰᠣᠩᠭᠣᠳᠠᠭ ᠵᠣᠬᠢᠶᠠᠯ᠎ᠢ ᠤᠩᠱᠢᠬᠤ ᠢᠨᠵᠧᠨᠧᠷᠢᠩ᠎ᠢ ᠬᠡᠷᠡᠭ᠌ᠵᠢᠭᠦᠯᠵᠦ᠍᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠦᠨ ᠴᠡᠴᠡᠷᠯᠢᠭ ᠦᠨ ᠪᠠᠭ᠍ᠰᠢ ᠶ᠋ᠢ ᠵᠣᠬᠢᠶᠠᠨ ᠪᠠᠢᠭᠤᠯᠵᠤ᠂ ᠡᠯ᠎ᠡ ᠱᠠᠲᠤᠨ᠎ᠤ ᠡᠯ᠎ᠡ ᠲᠦᠷᠦᠯ᠎ᠦᠨ ᠳᠤᠮᠳᠠᠳᠤ᠎ᠶ᠋ᠢᠨ ᠰᠣᠩᠭᠣᠳᠠᠭ ᠵᠣᠬᠢᠶᠠᠯ ᠢ ᠤᠩᠱᠢᠬᠤ ᠪᠢᠴᠢᠬᠦ᠌ ᠶᠠᠷᠢᠬᠤ ᠤᠷᠤᠯᠳᠤᠭᠠᠨ᠎ᠳᠤ ᠣᠷᠣᠯᠴᠠᠭᠤᠯᠵᠤ᠂ ᠡᠯ᠎ᠡ ᠰᠤᠷᠭᠠᠭᠤᠯᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠦᠨ ᠵᠢᠭᠠᠨ ᠰᠤᠷᠭᠠᠯᠲᠠ᠎ᠶ᠋ᠢᠨ ᠠᠵᠢᠯ᠎ᠢ ᠰᠠᠢᠲᠤᠷ ᠬᠢᠬᠦ᠌ ᠬᠠᠷᠢᠭᠤᠴᠠᠯᠭᠠᠲᠤ ᠰᠡᠳᠭᠢᠯᠭᠡ ᠪᠣᠯᠤᠨ ᠤᠬᠠᠮᠰᠠᠷᠲᠤ ᠴᠢᠨᠠᠷ᠎ᠢ ᠴᠢᠩᠭᠠᠳᠭᠠᠪᠠ᠃
ᠱᠠᠩᠳᠤ ᠱᠢᠶᠠᠨ ᠳᠤᠮᠳᠠᠳᠤ ᠪᠠᠭ᠎ᠠ ᠰᠤᠷᠭᠠᠭᠤᠯᠢ᠎ᠳᠤ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠵᠢᠭᠦᠯᠵᠦ᠍᠂ ᠪᠠᠭ᠍ᠰᠢ᠎ᠶ᠋ᠢᠨ ᠬᠢᠷᠢ ᠬᠡᠮ ᠦᠨ ᠦᠨᠡᠮᠯᠡᠯ᠂ ᠨᠡᠢᠲᠡᠯᠢᠭ ᠬᠡᠯᠡᠨ᠎ᠦ ᠳᠡᠰ᠎ᠤᠨ ᠦᠨᠡᠮᠯᠡᠯ᠎ᠢᠶᠡᠷ ᠠᠵᠢᠯ᠎ᠤᠨ ᠪᠠᠢᠷᠢ᠎ᠳᠤ ᠭᠠᠷᠬᠤ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠪᠠᠭ᠍ᠰᠢ᠎ᠶ᠋ᠢᠨ《ᠭᠤᠷᠪᠠᠨ ᠦᠰᠦᠭ ᠨᠢᠭᠡ ᠬᠡᠯᠡ》 (ᠤ ᠵᠢᠨ ᠪᠢᠷ᠎ᠦᠨ ᠦᠰᠦᠭ᠂ ᠪᠤᠯᠤᠳ ᠪᠢᠷ᠎ᠦᠨ ᠦᠰᠦᠭ᠂ ᠦᠰᠦᠨ ᠪᠢᠷ᠎ᠦᠨ ᠦᠰᠦᠭ᠂ ᠨᠡᠢᠲᠡᠯᠢᠭ ᠬᠡᠯᠡ) ᠵᠡᠷᠭᠡ ᠦᠭᠡ ᠬᠡᠯᠡ ᠦᠰᠦᠭ ᠪᠢᠴᠢᠭ ᠦᠨ ᠦᠨᠳᠦᠰᠦᠨ ᠪᠣᠯᠪᠠᠰᠤᠷᠠᠯ᠎ᠢ ᠴᠢᠩᠭᠠᠳᠭᠠᠪᠠ᠃
ᠭᠣᠣᠯᠳᠠᠯᠭ᠎ᠠ᠎ᠲᠠᠶ ᠬᠥᠮᠦᠰ᠎ᠦᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠱᠠᠩᠳᠤ ᠱᠢᠶᠠᠨ ᠪᠠᠭ᠍ᠰᠢ᠂ ᠵᠠᠯᠠᠭᠤ ᠢᠳᠡᠷ ᠬᠥᠳᠡᠯᠮᠦᠷᠢ ᠬᠦᠴᠦ᠍᠂ ᠠᠯᠪᠠᠳᠠᠨ ᠵᠡᠷᠭᠡ ᠬᠦᠮᠦᠰ ᠲᠡᠬᠢ ᠨᠡᠢᠲᠡᠯᠢᠭ ᠬᠡᠯᠡᠨ᠎ᠦ ᠪᠣᠯᠪᠠᠰᠤᠷᠠᠯ᠎ᠤᠨ ᠡᠷᠴᠢᠮ᠎ᠢᠶᠡᠨ ᠴᠢᠩᠭᠠᠷᠠᠭᠤᠯᠵᠤ᠂ ᠵᠢᠯ ᠪᠦᠷᠢ ᠡᠮᠡᠭ᠌ᠲᠡᠢᠴᠦᠳ᠎ᠦᠨ ᠬᠣᠯᠪᠣᠭ᠎ᠠ᠎ᠲᠠᠶ ᠬᠠᠮᠲᠤᠷᠠᠨ《ᠭᠠᠷ ᠭᠠᠷ᠎ᠢᠶᠠᠨ ᠬᠣᠯᠪᠣᠯᠴᠠᠨ ᠨᠡᠢᠲᠡᠯᠢᠭ ᠬᠡᠯᠡ ᠰᠤᠷᠬᠤ》 ᠠᠵᠢᠯᠯᠠᠭ᠎ᠠ ᠥᠷᠨᠢᠭᠦᠯᠪᠡ᠃ 2023 ᠣᠨ᠎ᠳᠤ᠂ ᠱᠠᠩᠳᠤ ᠱᠢᠶᠠᠨ ᠪᠣᠯᠤᠨ ᠥᠪᠥᠷ ᠮᠣᠩᠭᠣᠯ᠎ᠤᠨ ᠡᠯᠧᠺᠲ᠋ᠷᠣᠨ ᠮᠡᠳᠡᠭᠡ ᠵᠠᠩᠭᠢ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠬᠠᠮᠲᠤ᠎ᠪᠠᠷ ᠵᠠᠯᠠᠭᠤ ᠢᠳᠡᠷ ᠬᠥᠳᠡᠯᠮᠦᠷᠢ ᠬᠦᠴᠦ ᠪᠣᠯᠤᠨ ᠦᠨᠳᠦᠰᠦᠨ ᠱᠠᠲᠤᠨ᠎ᠤ ᠺᠠᠳ᠋ᠷ᠎ᠤᠨ ᠨᠡᠢᠲᠡᠯᠢᠭ ᠬᠡᠯᠡ ᠶ᠋ᠢ ᠳᠡᠭᠡᠭ᠌ᠰᠢᠯᠡᠭᠦᠯᠬᠦ᠌ ᠪᠣᠯᠪᠠᠰᠤᠷᠠᠯ᠎ᠢ ᠵᠣᠬᠢᠶᠠᠨ ᠪᠠᠢᠭᠤᠯᠤᠨ ᠡᠷᠬᠢᠯᠡᠵᠦ᠂ 10 ᠱᠢᠶᠠᠩ ᠪᠠᠯᠭᠠᠰᠤᠨ᠎ᠤ 100 ᠰᠤᠷᠤᠬ᠍ᠴᠢ ᠣᠷᠣᠯᠴᠠᠵᠤ᠂ ᠭᠤᠷᠪᠠᠳᠤᠭᠠᠷ ᠳᠡᠰ᠎ᠤᠨ ᠬᠦᠬᠡ ᠲᠡᠰ ᠡᠴᠡ ᠳᠡᠭᠡᠭ᠌ᠰᠢᠬᠢ ᠳᠡᠰ᠎ᠲᠤ ᠬᠦᠷᠦᠭ᠌ᠰᠡᠨ ᠨᠤᠷᠮ᠎ᠠ 86% ᠳ᠋ᠤ ᠬᠦᠷᠴᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠳᠦᠷᠢᠮᠵᠢᠯ᠎ᠦᠨ ᠤᠬᠠᠮᠰᠠᠷ ᠪᠣᠯᠤᠨ ᠬᠡᠷᠡᠭ᠌ᠯᠡᠭᠡᠨ᠎ᠦ ᠴᠢᠳᠠᠪᠤᠷᠢ᠎ᠶ᠋ᠢ ᠦᠨᠡᠨ ᠬᠦ᠌ ᠳᠡᠭᠡᠭ᠌ᠰᠢᠯᠡᠭᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃