2024-03-15 10:37:37
《ᠡᠷᠳᠡ ᠤᠷᠢᠲᠤ ᠵᠢᠨ ᠴᠠᠬ ᠲᠸ᠋᠂ ᠠᠪᠤᠷᠭᠤ ᠬᠦᠷᠪᠡᠯ᠎ᠤᠨ ᠨᠢᠭᠡ ᠰᠠᠯᠠᠭ᠎ᠠ ᠨᠢ ᠤᠷᠲᠤ ᠤᠳᠠᠭᠠᠨ ᠬᠤᠪᠢᠰᠤᠯᠲᠠ ᠵᠢ ᠦᠩᠭᠡᠷᠡᠭᠡᠭᠡᠳ ᠡᠴᠦᠰ ᠲᠡᠭᠡᠨ ᠬᠠᠨ ᠤᠬᠳᠠᠷᠭᠤᠢ ᠳ᠋ᠦ ᠬᠠᠯᠢᠨ ᠲᠡᠬᠦᠯᠢᠬᠦ ᠰᠢᠪᠠᠭᠤ ᠪᠤᠯᠪᠠ ᠁》 3 ᠰᠠᠷ᠎ᠠ᠎ᠶ᠋ᠢᠨ 6᠎ᠤ᠋ ᠦᠳᠡ᠎ᠶ᠋ᠢᠨ ᠡᠮᠦᠨ᠎ᠡ᠂ ᠦᠬᠠᠶ ᠬᠣᠲᠠ᠎ᠶ᠋ᠢᠨ ᠶᠢᠰᠦᠳᠦᠭᠡᠷ ᠳᠤᠮᠳᠠᠳᠤ ᠰᠤᠷᠭᠠᠭᠤᠯᠢ᠎ᠶ᠋ᠢᠨ ᠳᠥᠷᠪᠡᠳᠦᠭᠡᠷ ᠣᠨ᠎ᠤ ᠵᠢᠷᠭᠤᠳᠤᠭᠠᠷ ᠠᠩᠭᠢ᠎ᠶ᠋ᠢᠨ ᠬᠡᠯᠡ ᠪᠢᠴᠢᠭ᠎ᠦᠨ ᠬᠢᠴᠢᠶᠡᠯ ᠳᠡᠭᠡᠷ᠎ᠡ ᠰᠤᠷᠤᠭ᠍ᠴᠢᠳ ᠬᠡᠯᠡ ᠪᠢᠴᠢᠭ᠎ᠦᠨ ᠪᠠᠭ᠍ᠰᠢ ᠸᠠᠩ ᠵᠢᠤᠸᠠᠨᠤ ᠳᠠᠭᠠᠭᠤᠯᠭᠠᠲᠤᠤᠷᠠ 《ᠬᠥᠬᠡ ᠣᠭ᠍ᠲᠠᠷᠭᠤᠶ᠎ᠳᠤ ᠨᠢᠰᠦᠭ᠌ᠰᠡᠨ ᠠᠪᠤᠷᠭᠤ ᠭᠦᠷᠪᠡᠯ》 ᠭᠡᠬᠦ᠌ ᠵᠣᠬᠢᠶᠠᠯ᠎ᠢ ᠨᠠᠷᠢᠨ ᠬᠢᠨᠠᠮᠠᠭᠠᠶ ᠤᠩᠱᠢᠵᠤ᠂ ᠢᠷᠠᠭᠤ ᠰᠠᠢᠬᠠᠨ ᠤᠩᠱᠢᠯᠭ᠎ᠠ᠎ᠶ᠋ᠢᠨ ᠲᠠᠭᠤᠨ ᠨᠢ ᠰᠤᠷᠭᠠᠭᠤᠯᠢ᠎ᠶ᠋ᠢᠨ ᠬᠦᠷᠢᠶᠡᠨ᠎ᠳᠦ ᠴᠤᠤᠷᠢᠶᠠᠳᠤᠨ᠎ᠠ᠃
ᠸᠠᠩ ᠵᠢᠤᠸᠠᠨ ᠪᠣᠯ 26 ᠵᠢᠯ ᠪᠠᠭ᠍ᠰᠢᠯᠠᠭ᠍ᠰᠠᠨ ᠬᠡᠯᠡ ᠪᠢᠴᠢᠭ᠎ᠦᠨ ᠪᠠᠭ᠍ᠰᠢ ᠶᠤᠮ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠰᠠᠢᠲᠤᠷ ᠰᠤᠷᠬᠤ ᠨᠢ ᠬᠡᠸ᠋ᠬᠡᠳ᠎ᠦᠨ ᠥᠰᠥᠭ ᠪᠢᠴᠢᠭ᠎ᠦᠨ ᠣᠢᠯᠠᠭᠠᠬᠤ ᠴᠢᠳᠠᠪᠤᠷᠢ᠂ ᠵᠣᠬᠢᠶᠠᠨ ᠪᠢᠴᠢᠬᠦ᠌ ᠴᠢᠳᠠᠪᠤᠷᠢ ᠪᠠ ᠢᠯᠡᠳᠭᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠪᠡᠷ ᠪᠠᠷᠠᠬᠤ ᠥᠬᠡᠶ ᠶᠣᠰᠣ ᠮᠣᠷᠠᠯ ᠬᠢᠭᠡᠳ ᠬᠠᠸ᠋ᠯᠢᠵᠢᠯ᠂ ᠲᠡᠸ᠋ᠬᠡ ᠵᠡᠷᠭᠡ ᠱᠢᠨᠵᠢᠯᠡᠭᠡᠨ᠎ᠦ ᠰᠠᠯᠠᠭ᠎ᠠ᠎ᠶ᠋ᠢ ᠰᠠᠢᠲᠤᠷ ᠰᠤᠷᠬᠤ᠎ᠳᠤ ᠴᠤ᠌ ᠮᠠᠰᠢ ᠶᠡᠬᠡ ᠬᠠᠪᠰᠤᠷᠤᠮᠵᠢ ᠪᠣᠯᠤᠨ᠎ᠠ ᠬᠡᠵᠦ ᠲᠡᠷᠡ ᠬᠡᠯᠡᠨ᠎ᠡ᠃
《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠭᠰᠠᠨ ᠨᠢ ᠨᠠᠳᠠ᠎ᠳᠤ ᠮᠠᠰᠢ ᠶᠡᠬᠡ ᠬᠠᠪᠰᠤᠷᠤᠮᠵᠢ ᠪᠣᠯᠵᠤ᠂ ᠮᠢᠨᠦ᠍ ᠬᠡᠯᠡ ᠪᠢᠴᠢᠭ᠎ᠦᠨ ᠬᠢᠴᠢᠶᠡᠯ᠎ᠦᠨ ᠬᠢᠷᠢ ᠪᠦᠲᠦᠮᠵᠢ᠎ᠶ᠋ᠢ ᠲᠡᠭᠡᠭᠰᠢᠯᠡᠭᠦᠯᠦᠭᠰᠡᠨ᠎ᠢᠶᠠᠷ ᠪᠠᠷᠠᠬᠤ ᠦᠭᠡᠶ ᠪᠠᠰᠠ ᠨᠣᠮ ᠤᠩᠱᠢᠬᠤ ᠲᠤᠷ᠎ᠠ ᠪᠠᠬ᠎ᠠ ᠲᠠᠢ ᠪᠤᠯᠵᠤ᠂ ᠦᠭᠡ ᠬᠡᠯᠡᠨ᠎ᠦ ᠢᠯᠡᠳᠭᠡᠬᠦ᠌ ᠴᠢᠳᠠᠪᠤᠷᠢ᠎ᠶ᠋ᠢ ᠴᠤ᠌ ᠳᠡᠭᠡᠭ᠌ᠰᠢᠯᠡᠭᠦᠯᠦᠭ᠌ᠰᠡᠨ ᠪᠠᠢᠨ᠎ᠠ》 ᠭᠡᠵᠦ᠍ ᠳᠥᠷᠪᠡᠳᠦᠭᠡᠷ ᠣᠨ᠎ᠤ ᠵᠢᠷᠭᠤᠳᠤᠭᠠᠷ ᠠᠩᠬᠢ᠎ᠶ᠋ᠢᠨ ᠰᠤᠷᠤᠭ᠍ᠴᠢ ᠵᠤᠤ ᠵᠢᠩ ᠼᠠᠨ ᠬᠡᠯᠡᠪᠡ᠃
ᠰᠤᠷᠭᠠᠭᠤᠯᠢ ᠪᠣᠯ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ᠌ ᠭᠣᠣᠯ ᠵᠢᠭ᠍ᠰᠠᠭᠠᠯ᠎ᠤᠨ ᠭᠠᠵᠠᠷ ᠮᠥᠨ᠃ ᠡᠳᠦᠭᠡ ᠦᠬᠠᠢ ᠬᠤᠳᠠ᠎ᠶ᠋ᠢᠨ ᠶᠢᠰᠦᠳᠦᠭᠡᠷ ᠳᠤᠮᠳᠠᠳᠤ ᠰᠤᠷᠭᠠᠭᠤᠯᠢ᠎ᠳᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠴᠤ᠌ ᠰᠠᠢᠲᠤᠷ ᠬᠡᠷᠡᠭ᠌ᠯᠡᠬᠦ᠌ ᠨᠢ ᠪᠠᠭ᠍ᠰᠢ ᠰᠤᠷᠤᠭ᠍ᠴᠢᠳ᠎ᠤᠨ ᠡᠳᠦᠷ ᠳᠤᠳᠤᠮ᠎ᠤᠨ ᠰᠤᠷᠤᠯᠴᠠᠯᠭ᠎ᠠ ᠠᠮᠢᠳᠤᠷᠠᠯ᠎ᠤᠨ ᠴᠢᠬᠤᠯᠠ ᠪᠦᠷᠢᠯᠳᠦᠬᠦᠨ ᠬᠡᠰᠡᠭ ᠪᠣᠯᠵᠠᠢ᠃
ᠲᠣᠰ ᠰᠤᠷᠭᠠᠭᠤᠯᠢ᠎ᠶ᠋ᠢᠨ ᠬᠢᠴᠢᠶᠡᠯ ᠬᠥᠮᠦᠵᠢᠯ᠎ᠦᠨ ᠭᠠᠵᠠᠷ᠎ᠤᠨ ᠳᠡᠳ᠋ ᠡᠷᠬᠢᠯᠡᠭ᠌ᠴᠢ ᠶᠠᠩ ᠵᠢᠩ᠎ᠤᠨ ᠲᠠᠨᠢᠯᠴᠠᠭᠤᠯᠤᠭᠰᠠᠨ ᠵᠢᠡᠷ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠰᠠᠢᠲᠤᠷ ᠰᠤᠷᠴᠤ᠌ ᠰᠠᠢᠲᠤᠷ ᠬᠡᠷᠡᠭ᠌ᠯᠡᠬᠦ᠌᠎ᠶ᠋ᠢᠨ ᠲᠥᠯᠥᠭᠡ ᠲᠠᠳᠠ ᠦᠭᠡ ᠬᠡᠯᠡ ᠥᠰᠥᠭ ᠪᠢᠴᠢᠭ᠎ᠦᠨ ᠣᠷᠴᠢᠨ ᠲᠤᠭᠤᠷᠢᠨ᠎ᠢ ᠪᠤᠢ ᠪᠤᠯᠭᠠᠬᠤ ᠵᠢ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠎ᠤᠨ ᠪᠠᠢᠭᠤᠯᠤᠯᠲᠠ᠎ᠲᠠᠶ ᠤᠶᠠᠯᠳᠤᠭᠤᠯᠵᠠᠶ᠃ ᠰᠤᠷᠭᠠᠭᠤᠯᠢ ᠵᠢᠨ ᠬᠢᠨ ᠪᠠᠰᠠ ᠬᠢᠴᠢᠶᠡᠯ᠎ᠦᠨ ᠪᠠᠢᠷᠢᠯᠠᠭᠤᠯᠤᠯᠲᠠ᠎ᠵᠢᠨ ᠲᠠᠯ᠎ᠠ ᠪᠡᠷ ᠶᠡᠬᠡᠭᠡᠨ ᠬᠦᠴᠦ᠍ ᠣᠷᠣᠭᠤᠯᠵᠤ᠂ ᠤᠤᠷ ᠰᠤᠶᠤᠯ᠎ᠤᠨ ᠬᠢᠴᠢᠶᠡᠯ᠂ ᠤᠷᠠᠨ ᠪᠢᠴᠢᠯᠭᠡ᠎ᠶ᠋ᠢᠨ ᠬᠢᠴᠢᠶᠡᠯ᠂ ᠤᠩᠱᠢᠯᠭ᠎ᠠ᠎ᠶ᠋ᠢᠨ ᠬᠢᠴᠢᠶᠡᠯ ᠨᠡᠭᠡᠭᠡᠬᠦ᠌ ᠪᠠ ᠨᠡᠢᠳᠡᠯᠢᠭ ᠬᠡᠯᠡ ᠵᠢ ᠲᠡᠯᠭᠡᠷᠡᠭᠦᠯᠬᠦ ᠭᠠᠷᠠᠭ᠎ᠤᠨ ᠠᠵᠢᠯᠯᠠᠭ᠎ᠠ ᠥᠷᠨᠢᠭᠦᠯᠬᠦ᠌᠎ᠪᠡᠷ ᠳᠠᠮᠵᠢᠭᠤᠯᠤᠨ ᠰᠤᠷᠤᠭ᠍ᠴᠢᠳ᠎ᠤᠨ ᠳᠦᠷᠢᠮᠵᠢᠭ᠌ᠰᠡᠨ ᠥᠰᠥᠭ ᠪᠢᠴᠢᠬᠦ᠌ ᠪᠠ ᠦᠭᠡ ᠬᠡᠯᠡᠨ᠎ᠦ ᠢᠯᠡᠳᠭᠡᠬᠦ᠌ ᠴᠢᠳᠠᠪᠤᠷᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃ ᠡᠭᠦᠨ᠎ᠦ ᠬᠠᠮᠲᠤ᠂ 《ᠭᠠᠷ ᠭᠠᠷ ᠵᠢᠡᠨ ᠬᠤᠯᠪᠤᠯᠴᠠᠬᠤ》 ᠠᠵᠢᠯᠯᠠᠭ᠎ᠠ᠂ ᠬᠡᠷ᠎ᠦᠨ ᠠᠬᠠᠮᠠᠳ᠎ᠤᠨ ᠬᠤᠷᠠᠯ ᠵᠡᠷᠭᠡ ᠠᠴᠢᠶᠠᠯᠠᠪᠤᠷᠢ᠎ᠪᠠᠷ ᠳᠠᠮᠵᠢᠭᠤᠯᠤᠨ ᠬᠡᠷ᠎ᠦᠨ ᠠᠬᠠᠮᠠᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠰᠤᠷᠤᠯᠴᠠᠨ ᠡᠵᠡᠮᠱᠢᠭᠦ ᠵᠢ ᠲᠠᠢᠴᠢᠯᠠᠵᠠᠢ᠃
ᠡᠭᠦᠨ᠎ᠡᠴᠡ ᠭᠠᠳᠠᠨ᠎ᠠ᠂ ᠪᠠᠭ᠍ᠰᠢ᠎ᠨᠠᠷ᠎ᠤᠨ ᠰᠣᠷᠣᠭ᠍ᠴᠢ᠎ᠶ᠋ᠢ ᠬᠥᠲᠥᠯᠥᠨ ᠳᠠᠭᠠᠭᠤᠯᠬᠤ ᠪᠠ ᠵᠢᠱ᠌ᠢᠶ᠎ᠡ ᠦᠵᠡᠭᠦᠯᠬᠦ᠌ ᠦᠢᠯᠡᠳᠦᠯ᠎ᠢ ᠪᠠᠳᠠᠷᠠᠭᠤᠯᠬᠤ ᠶ᠋ᠢᠨ ᠲᠥᠯᠥᠭᠡ ᠰᠤᠷᠭᠠᠭᠤᠯᠢ᠎ᠠᠴᠠ ᠪᠠᠭ᠍ᠰᠢ ᠠᠵᠢᠯᠲᠠᠨ᠎ᠢ ᠲᠣᠭ᠍ᠲᠠᠮᠠᠯ ᠬᠤᠭᠤᠴᠠᠭ᠎ᠠ᠎ᠲᠠᠶ ᠪᠠᠷ ᠵᠣᠬᠢᠶᠠᠨ ᠪᠠᠢᠭᠤᠯᠵᠤ ᠦᠭᠡ ᠬᠡᠯᠡ ᠥᠰᠥᠭ ᠪᠢᠴᠢᠭ᠎ᠦᠨ ᠳᠦᠷᠢᠮᠵᠢᠭ᠌ᠰᠡᠨ ᠰᠤᠷᠤᠯᠴᠠᠯᠭ᠎ᠠ᠎ᠶ᠋ᠢ ᠥᠷᠨᠢᠭᠦᠯᠪᠠ᠃ ᠣᠳᠣᠬᠠᠨ᠎ᠳᠤ᠂ ᠲᠣᠰ ᠰᠤᠷᠭᠠᠭᠤᠯᠢ᠎ᠶ᠋ᠢᠨ ᠪᠠᠭ᠍ᠰᠢ ᠨᠠᠷ᠎ᠤᠨ ᠨᠡᠢᠲᠡᠯᠢᠭ ᠬᠡᠯᠡ ᠨᠢ ᠪᠦᠬᠦᠨ᠎ᠢᠶᠡᠷ᠎ᠢᠶᠡᠨ ᠪᠠᠷᠢᠮᠵᠢᠶ᠎ᠠ᠎ᠳᠤ ᠬᠦᠷᠴᠦ᠍᠂ ᠣᠯᠠᠩᠬᠢ ᠪᠠᠭ᠍ᠰᠢ᠎ᠶ᠋ᠢᠨ ᠨᠡᠢᠲᠡᠯᠢᠭ ᠬᠡᠯᠡ ᠨᠢ ᠴᠥᠮ ᠬᠣᠶᠠᠳᠤᠭᠠᠷ ᠵᠡᠷᠭᠡ᠎ᠶ᠋ᠢᠨ ᠬᠥᠬᠡ ᠲᠡᠰ᠎ᠡᠴᠡ ᠳᠡᠭᠡᠭ᠌ᠰᠢ ᠬᠢᠷᠢ ᠲᠦᠪᠱᠢᠨ᠎ᠳᠦ ᠭᠦᠷᠦᠭ᠌ᠰᠡᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃