ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-06-17 11:05:28

ᠵᠣᠬᠢᠶᠠᠭ᠍ᠴᠢ᠄ ᠭᠣᠣ ᠮᠢᠨ ᠨᠠ ᠣᠩᠱᠢᠭ᠍ᠰᠠᠨ ᠣᠳᠠᠭ᠎ᠠ᠄ 3

ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠨᠢᠭᠡᠳᠦᠭᠡᠷ ᠪᠠᠭ᠎ᠠ ᠰᠤᠷᠭᠠᠭᠤᠯᠢ ᠵᠢᠨ ᠬᠢᠨ ᠠᠩᠬᠢ ᠪᠤᠯᠭᠠᠨ ᠳ᠋ᠤ ᠦᠪᠡᠷ ᠤ᠋ᠨ ᠣᠨᠴᠠᠯᠢᠭᠳᠤ ᠨᠣᠮ ᠤᠩᠱᠢᠬᠤ ᠬᠢᠴᠢᠶᠡᠯ ᠳᠤᠬᠢᠷᠠᠭᠤᠯᠵᠦ᠂ ᠱᠢᠯᠦᠭ ᠳᠠᠭᠤᠯᠠᠯ ᠰᠣᠩᠭᠣᠳᠠᠭ ᠵᠣᠬᠢᠶᠠᠯ᠎ᠤᠨ ᠤᠩᠰᠢᠯᠭ᠎ᠠ ᠨᠢ ᠬᠡᠦᠬᠡᠳ ᠤ᠋ᠨ ᠤᠶᠤᠨ ᠰᠠᠨᠠᠭ᠎ᠠ ᠵᠢ ᠤᠮᠳᠠᠯᠠᠨ᠎ᠠ᠃

《ᠮᠠᠨ᠎ᠤ ᠰᠤᠷᠤᠭ᠍ᠴᠢᠳ ᠭᠠᠷᠠᠭ ᠪᠦᠷᠢ ᠦᠪᠡᠷ ᠤ᠋ᠨ ᠳᠤᠷ᠎ᠠ ᠪᠠᠬ᠎ᠠ ᠪᠡᠷ ᠵᠢᠡᠨ ᠬᠡᠯᠡᠨ ᠤ᠋ ᠤᠷᠠᠯᠢᠭ ᠂ ᠲᠠᠮᠢᠷ᠂ ᠤᠷᠠᠯᠢᠭ᠂ ᠣᠶᠤᠨᠴᠢᠷ ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠢᠴᠢᠶᠡᠯ᠂ ᠰᠢᠯᠢᠳᠡᠭ ᠰᠤᠷᠳᠠᠯ ᠤ᠋ᠨ ᠬᠢᠴᠢᠶᠡᠯ ᠵᠡᠷᠭᠡ 6 ᠶᠡᠬᠡ ᠲᠥᠷᠥᠯ᠎ᠦᠨ ᠤᠨᠴᠠᠯᠢᠭ᠍ᠲᠤ ᠬᠢᠴᠢᠶᠡᠯ᠎ᠡᠴᠡ ᠬᠣᠶᠠᠷ᠎ᠢ ᠨᠢ ᠰᠣᠩᠭᠣᠵᠤ ᠪᠣᠯᠬᠤ᠎ᠪᠠᠷ ᠪᠠᠷᠠᠬᠤ ᠥᠬᠡᠶ᠂ ᠪᠠᠰᠠ 〈ᠠᠨᠠᠷ᠎ᠤᠨ ᠦᠷ᠎ᠡ〉 ᠵᠢᠨ ᠵᠢᠵᠢᠭ ᠬᠢᠴᠢᠶᠡᠯ᠎ᠦᠨ ᠲᠠᠩᠬᠢᠮ᠂ ᠤᠷᠠᠨ ᠪᠢᠴᠢᠯᠭᠡ᠎ᠶ᠋ᠢᠨ ᠪᠦᠯᠬᠦᠮ᠂ ᠬᠠᠤᠯᠢ ᠴᠠᠭᠠᠵᠠ᠎ᠶ᠋ᠢᠨ ᠵᠢᠵᠢᠭ ᠬᠢᠴᠢᠶᠡᠯ᠎ᠦᠨ ᠲᠠᠩᠬᠢᠮ᠂ ᠪᠢᠴᠢᠬᠠᠨ ᠰᠤᠷᠪᠤᠯᠵᠢᠯᠠᠭ᠍ᠴᠢ᠎ᠶ᠋ᠢᠨ ᠤᠷᠠᠨ ᠤᠩᠱᠢᠯᠭ᠎ᠠ᠎ᠶ᠋ᠢᠨ ᠪᠦᠯᠬᠦᠮ ᠵᠡᠷᠭᠡ ᠠᠵᠢᠯᠯᠠᠭ᠎ᠠ᠎ᠳᠤ ᠣᠷᠣᠯᠴᠠᠵᠤ ᠪᠣᠯᠤᠨ᠎ᠠ᠃》 ᠲᠤᠰ ᠰᠤᠷᠭᠠᠭᠤᠯᠢ᠎ᠶ᠋ᠢᠨ ᠵᠠᠬᠢᠷᠤᠯ ᠽᠠᠨᠳᠠᠨᠭᠤᠤ᠎ᠠ ᠲᠠᠨᠢᠯᠴᠠᠭᠤᠯᠬᠤ᠎ᠳᠠᠭᠠᠨ᠂ ᠡᠲᠡᠭᠡᠷ ᠣᠨᠴᠠᠯᠢᠭ᠍ᠲᠤ ᠬᠢᠴᠢᠶᠡᠯ ᠪᠠ ᠠᠵᠢᠯᠯᠠᠭ᠎ᠠ ᠰᠤᠷᠤᠭ᠍ᠴᠢᠳ᠎ᠤᠨ ᠬᠢᠴᠢᠶᠡᠯ᠎ᠦᠨ ᠭᠠᠳᠠᠨᠠᠬᠢ ᠠᠮᠢᠳᠤᠷᠠᠯ᠎ᠢ ᠪᠠᠶᠠᠯᠢᠭ᠍ᠵᠢᠭᠤᠯᠤᠭ᠍ᠰᠠᠨ᠎ᠢᠶᠠᠷ ᠪᠠᠷᠠᠬᠤ ᠥᠬᠡᠶ ᠪᠠᠰᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠵᠢᠭᠠᠨ ᠰᠤᠷᠭᠠᠯᠲᠠ᠎ᠶ᠋ᠢᠨ ᠠᠭᠤᠯᠭ᠎ᠠ᠎ᠶ᠋ᠢ ᠰᠤᠷᠤᠭ᠍ᠴᠢᠳ᠎ᠤᠨ ᠡᠳᠦᠷ ᠲᠤᠲᠤᠮ᠎ᠤᠨ ᠠᠮᠢᠳᠤᠷᠠᠯ᠎ᠳᠤ ᠠᠭᠤᠰᠭᠠᠨ ᠣᠷᠣᠭᠤᠯᠪᠡ ᠭᠡᠵᠤ ᠪᠠᠢᠯ᠎ᠠ᠃

ᠣᠢᠷ᠎ᠠ᠎ᠶ᠋ᠢᠨ ᠵᠢᠯ᠎ᠳᠦ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠨᠢᠭᠡᠳᠦᠭᠡᠷ ᠪᠠᠭ᠎ᠠ ᠰᠤᠷᠭᠠᠭᠤᠯᠢ ᠥᠪᠡᠷ᠎ᠦᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠂ ᠬᠢᠴᠢᠶᠡᠯ ᠲᠥᠷᠥᠯ᠎ᠢᠶᠡᠷ ᠠᠴᠢᠶᠠᠯᠠᠪᠤᠷᠢ ᠪᠣᠯᠭᠠᠭ᠍ᠰᠠᠨ 《1 + X 》 ᠬᠢᠴᠢᠶᠡᠯ᠎ᠦᠨ ᠵᠠᠭ᠍ᠪᠤᠷ᠎ᠢ ᠡᠭᠦᠳᠴᠤ᠂ ᠨᠡᠢᠲᠡᠯᠢᠭ ᠬᠡᠯᠡᠨ᠎ᠦ ᠶᠠᠷᠢᠶ᠎ᠠ ᠢᠯᠡᠳᠭᠡᠯ᠎ᠦᠨ ᠤᠷᠤᠯᠳᠤᠭᠠᠨ᠂ ᠰᠣᠩᠭᠣᠳᠠᠭ ᠤᠩᠱᠢᠯᠭ᠎ᠠ᠎ᠶ᠋ᠢᠨ ᠤᠷᠤᠯᠳᠤᠭᠠᠨ ᠂ ᠬᠢᠲᠠᠳ ᠥᠰᠥᠭ᠎ᠦᠨ ᠰᠣᠨᠣᠰᠴᠤ᠌ ᠪᠢᠴᠢᠬᠦ᠌ ᠤᠷᠤᠯᠳᠤᠭᠠᠨ᠂ ᠤᠷᠠᠨ ᠪᠢᠴᠢᠯᠭᠡ᠎ᠶ᠋ᠢᠨ ᠤᠷᠤᠯᠳᠤᠭᠠᠨ ᠵᠡᠷᠭᠡ ᠡᠯᠪᠡᠭ ᠪᠠᠶᠠᠯᠢᠭ ᠠᠵᠢᠯᠯᠠᠭ᠎ᠠ᠎ᠶ᠋ᠢ ᠡᠷᠭᠢᠯᠡᠬᠦ᠌᠎ᠪᠡᠷ ᠳᠠᠮᠵᠢᠭᠤᠯᠤᠨ ᠂ ᠰᠤᠷᠤᠭ᠍ᠴᠢᠳ᠎ᠲᠤ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ ᠎ᠤᠨ ᠣᠬᠢ ᠰᠣᠳᠣ᠎ᠶ᠋ᠢ ᠣᠢᠯᠠᠭᠠᠭᠤᠯᠪᠠ᠃

《ᠪᠢ ᠬᠡᠯᠡᠨ ᠤ᠋ ᠤᠷᠠᠯᠢᠭ ᠤ᠋ᠨ ᠬᠢᠴᠢᠶᠡᠯ᠎ᠳᠦ ᠮᠠᠰᠢ ᠪᠠᠬᠠᠳᠠᠢ᠂ ᠤᠤᠯ ᠳ᠋ᠠᠭᠠᠨ ᠮᠢᠨᠦ᠍ ᠨᠡᠢᠳᠡᠯᠢᠭ ᠬᠡᠯᠡ ᠲᠡᠢᠮᠤ ᠪᠠᠷᠢᠮᠵᠢᠶ᠎ᠠ ᠪᠢᠰᠢ ᠪᠠᠢᠬᠰᠠᠨ᠂ ᠤᠳᠤ ᠪᠠᠭ᠍ᠰᠢ᠎ᠶ᠋ᠢᠨ ᠵᠢᠯᠣᠭᠣᠳᠤᠯᠭ᠎ᠠ ᠳᠤᠤᠷ᠎ᠠ ᠰᠠᠢᠬᠠᠨ ᠶᠠᠷᠢᠬᠤ ᠪᠤᠯᠵᠠᠢ᠃》 ᠲᠤᠰ ᠰᠤᠷᠭᠠᠭᠤᠯᠢ᠎ᠶ᠋ᠢᠨ ᠰᠤᠷᠤᠭ᠍ᠴᠢ ᠪᠦᠦ ᠰᠦ ᠬᠠᠨ ᠨᠡᠢᠲᠡᠯᠢᠭ ᠬᠡᠯᠡ᠎ᠶ᠋ᠢ ᠰᠠᠢᠲᠤᠷ ᠡᠵᠡᠮᠱᠢᠪᠡᠯ ᠰᠠᠢ᠌ᠨ ᠨᠠᠢᠵᠢ᠎ᠲᠠᠶ᠎ᠪᠠᠨ ᠠᠮᠢᠳᠤᠷᠠᠯ᠎ᠤᠨ ᠬᠠᠪᠤ ᠴᠡᠩᠭᠡᠯ᠎ᠢᠶᠡᠨ ᠬᠤᠪᠢᠶᠠᠯᠴᠠᠵᠤ ᠴᠢᠳᠠᠬᠤ ᠪᠥᠭᠡᠳ ᠨᠠᠡᠭ ᠤᠯᠠᠨ ᠨᠣᠮ ᠪᠢᠴᠢᠭ ᠤᠩᠰᠢᠵᠤ᠂ ᠬᠠᠷᠠᠭ᠎ᠠ᠎ᠪᠠᠨ ᠲᠠᠯᠡᠵᠦ ᠂ ᠱᠢᠨ᠎ᠡ ᠶᠢᠷᠲᠢᠨᠴᠦ᠍᠎ᠶ᠋ᠢᠨ ᠡᠭᠦᠳᠡ᠎ᠶ᠋ᠢ ᠨᠡᠭᠡᠭᠡᠵᠦ ᠴᠢᠳᠠᠨ᠎ᠠ ᠭᠡᠵᠦ ᠶᠠᠷᠢᠨ᠎ᠠ᠃

ᠲᠤᠰ ᠰᠤᠷᠭᠠᠭᠤᠯᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠢ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠎ᠤᠨ ᠪᠠᠢᠭᠤᠯᠤᠯᠲᠠ ᠪᠠ ᠪᠣᠯᠪᠠᠰᠤᠨ᠎ᠢ ᠡᠭᠦᠳᠦᠨ ᠪᠠᠢᠭᠤᠯᠬᠤ ᠪᠦᠬᠦᠯᠢ ᠴᠣᠭ᠍ᠴᠠ᠎ᠶ᠋ᠢᠨ ᠠᠵᠢᠯ᠎ᠳᠤ ᠣᠷᠣᠭᠤᠯᠵᠤ᠂ ᠰᠤᠷᠭᠠᠭᠤᠯᠢ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠡᠩ᠎ᠦᠨ ᠬᠠᠮᠢᠶᠠᠷᠤᠯᠲᠠ ᠪᠠ ᠬᠢᠴᠢᠶᠡᠯ᠎ᠦᠨ ᠲᠠᠩᠬᠢᠮ᠎ᠤᠨ ᠰᠤᠷᠭᠠᠨ ᠬᠥᠮᠦᠵᠢᠯ᠎ᠦᠨ ᠦᠨᠡᠯᠡᠯᠲᠡ᠎ᠶ᠋ᠢᠨ ᠪᠠᠷᠢᠮᠵᠢᠶ᠎ᠠ᠎ᠳᠤ ᠣᠷᠣᠭᠤᠯᠵᠤ᠂ ᠪᠠᠭ᠍ᠰᠢ᠎ᠶ᠋ᠢᠨ ᠦᠷᠭᠦᠯᠵᠢᠯᠡᠭ᠌ᠰᠡᠨ ᠰᠤᠷᠭᠠᠨ ᠬᠥᠮᠦᠵᠢᠯ᠎ᠦᠨ ᠢᠨᠵᠧᠨᠧᠷᠢᠩ᠎ᠳᠦ ᠣᠷᠣᠭᠤᠯᠬᠤ᠎ᠶ᠋ᠢᠨ ᠬᠠᠮᠲᠤ ᠂ ᠪᠠᠭ᠍ᠰᠢ᠎ᠶ᠋ᠢᠨ ᠦᠨᠳᠦᠰᠦᠨ ᠪᠣᠯᠪᠠᠰᠤᠷᠠᠯ ᠂ ᠬᠢᠷᠢ ᠬᠡᠮ᠎ᠦᠨ ᠮᠠᠭᠠᠳᠯᠠᠯᠲᠠ ᠪᠠ ᠲᠤᠱᠢᠶᠠᠯ᠎ᠤᠨ ᠦᠨᠡᠯᠡᠨ ᠤᠷᠢᠬᠤ ᠴᠢᠬᠤᠯᠠ ᠨᠥᠬᠥᠴᠡᠯ ᠪᠣᠯᠭᠠᠵᠤ ᠂ ᠰᠤᠷᠤᠭ᠍ᠴᠢᠳ᠎ᠤᠨ ᠪᠦᠬᠦ᠌ ᠲᠠᠯ᠎ᠠ᠎ᠪᠠᠷ ᠬᠥᠭ᠌ᠵᠢᠬᠦ ᠰᠤᠷᠭᠠᠨ ᠬᠥᠮᠦᠵᠢᠯ᠎ᠦᠨ ᠠᠵᠢᠯᠯᠠᠭ᠎ᠠ᠎ᠳᠤ ᠨᠡᠪᠴᠢᠭᠦᠯᠪᠡ᠃

《 ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠡᠬᠢᠯᠡᠵᠦ ᠬᠡᠷᠡᠭ᠌ᠵᠢᠭᠦᠯᠬᠦ᠌ ᠦᠶᠡᠰ ᠂ ᠬᠡᠯᠡ ᠪᠢᠴᠢᠭ᠎ᠦᠨ ᠪᠥᠬᠥ᠌ ᠪᠠᠭ᠍ᠰᠢ᠎ᠨᠠᠷ ᠡᠳᠦᠷ ᠪᠦᠷᠢ ᠬᠢᠴᠢᠶᠡᠯ᠎ᠦᠨ ᠳᠠᠷᠠᠭᠠᠬᠢ ᠨᠢᠭᠡ ᠴᠠᠭ᠎ᠢ ᠠᠱᠢᠭ᠍ᠯᠠᠨ᠂ ᠨᠢᠭᠡᠳᠦᠯᠲᠡᠶ ᠨᠠᠢᠷᠠᠭᠤᠯᠤᠭ᠍ᠰᠠᠨ ᠬᠡᠯᠡ ᠪᠢᠴᠢᠭ᠎ᠢ ᠰᠤᠷᠤᠯᠴᠠᠬᠤ᠎ᠳᠤ ᠬᠦᠴᠢᠷᠲᠡᠶ ᠰᠤᠷᠤᠭ᠍ᠴᠢᠳ᠎ᠲᠤ ᠬᠠᠨᠳᠤᠯᠭᠠᠲᠤ ᠴᠢᠨᠠᠷᠲᠠᠶ ᠬᠠᠪᠰᠤᠷᠤᠨ ᠵᠢᠯᠣᠭᠣᠳᠣᠯᠭ᠎ᠠ ᠬᠢᠵᠡᠢ᠃ ᠴᠦᠬᠦᠷᠡᠰᠢ ᠦᠭᠡᠢ ᠴᠢᠷᠮᠠᠢᠯᠭ᠎ᠠ ᠨᠢ ᠮᠠᠨ᠎ᠤ ᠰᠤᠷᠭᠠᠭᠤᠯᠢ᠎ᠶ᠋ᠢᠨ ᠰᠤᠷᠤᠭ᠍ᠴᠢ᠎ᠶ᠋ᠢᠨ ᠬᠡᠯᠡ ᠪᠢᠴᠢᠭ᠎ᠦᠨ ᠬᠢᠷᠢ ᠪᠦᠲᠦᠮᠵᠢ᠎ᠶ᠋ᠢ ᠢᠯᠡᠷᠬᠡᠶ ᠳᠡᠭᠡᠭ᠌ᠰᠢᠯᠡᠭᠦᠯᠦᠭ᠌ᠰᠡᠨ ᠪᠦᠭᠡᠳ ᠰᠤᠷᠤᠭ᠍ᠴᠢ᠎ᠶ᠋ᠢᠨ ᠬᠡᠯᠡ ᠪᠢᠴᠢᠭ ᠰᠤᠷᠬᠤ ᠢᠲᠡᠭᠡᠯ᠎ᠢ ᠨᠡᠮᠡᠭ᠌ᠳᠡᠭᠦᠯᠪᠡ᠃》 ᠲᠤᠰ ᠰᠤᠷᠭᠠᠭᠤᠯᠢ᠎ᠶ᠋ᠢᠨ ᠰᠤᠳᠤᠯᠭᠠᠨ᠎ᠤ ᠰᠡᠳᠦᠪ᠎ᠦᠨ ᠬᠠᠷᠢᠭᠤᠴᠠᠯᠭᠠᠲᠠᠨ ᠮᠡᠳᠡᠯᠭᠡᠲᠦ ᠲᠠᠨᠢᠯᠴᠠᠭᠤᠯᠬᠤ᠎ᠳᠠᠭᠠᠨ᠂ ᠬᠢᠴᠢᠶᠡᠯᠯᠡᠬᠦ᠌ ᠪᠠᠭ᠍ᠰᠢ᠎ᠶ᠋ᠢᠨ ᠨᠡᠢᠲᠡᠯᠢᠭ ᠬᠡᠯᠡᠨ᠎ᠦ ᠲᠦᠪᠱᠢᠨ᠎ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠰᠤᠷᠭᠠᠭᠤᠯᠢ᠎ᠶ᠋ᠢᠨ ᠨᠢᠭᠡᠳᠦᠯᠲᠡᠶ ᠨᠠᠢᠷᠠᠭᠤᠯᠤᠭ᠍ᠰᠠᠨ ᠬᠡᠯᠡ ᠪᠢᠴᠢᠭ᠎ᠦᠨ ᠬᠢᠴᠢᠶᠡᠯ ᠤ᠋ᠨ ᠪᠠᠭ᠍ᠰᠢ ᠨᠠᠷ᠎ᠢ ᠴᠥᠮ ᠨᠡᠢᠲᠡᠯᠢᠭ ᠬᠡᠯᠡᠨ᠎ᠦ ᠬᠣᠶᠠᠳᠤᠭᠠᠷ ᠳᠡᠰ᠎ᠤᠨ ᠬᠥᠬᠡ ᠲᠠᠰ᠎ᠲᠤ ᠬᠦᠷᠭᠡᠵᠠᠢ ᠭᠡᠵᠤ ᠪᠠᠢᠯ᠎ᠠ᠃

ᠣᠢᠷ᠎ᠠ᠎ᠶ᠋ᠢᠨ ᠵᠢᠯ᠎ᠳᠦ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠰᠤᠷᠭᠠᠨ ᠬᠥᠮᠦᠵᠢᠯ᠎ᠦᠨ ᠱᠢᠰᠲ᠋ᠧᠮ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠢ ᠨᠢᠳᠤᠨ ᠳ᠋ᠤ ᠦᠵᠡᠭᠳᠡᠵᠤ ᠰᠡᠳᠬᠢᠯ ᠳ᠋ᠤ ᠰᠠᠭᠤᠬᠳᠠᠵᠤ ᠭᠠᠷ ᠲᠸ᠋ ᠪᠠᠷᠢᠬᠳᠠᠮ᠎ᠠ ᠬᠢᠪᠡ᠃ ᠳᠤᠮᠳᠠᠳᠤ ᠪᠠᠭ᠎ᠠ ᠰᠤᠷᠭᠠᠭᠤᠯᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍ ᠂ ᠰᠤᠷᠭᠠᠭᠤᠯᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠬᠦ᠌ ᠰᠠᠭᠤᠷᠢ ᠵᠢᠬᠰᠠᠭᠠᠯ᠎ᠤᠨ ᠭᠠᠵᠠᠷ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ ᠂ ᠰᠤᠷᠭᠠᠭᠤᠯᠢ᠎ᠶ᠋ᠢᠨ ᠦᠭᠡ ᠬᠡᠯᠡ ᠦᠰᠦᠭ ᠪᠢᠴᠢᠭ᠎ᠦᠨ ᠳᠦᠷᠢᠮᠵᠢᠯ᠎ᠦᠨ ᠲᠦᠪᠱᠢᠨ᠎ᠢ ᠳᠡᠭᠡᠭ᠌ᠰᠢᠯᠡᠭᠦᠯᠪᠡ᠃ ᠣᠳᠣᠬᠠᠨ ᠪᠣᠯᠲᠠᠯ᠎ᠠ ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ 19 ᠳᠤᠮᠳᠠᠳᠤ ᠪᠠᠭ᠎ᠠ ᠰᠤᠷᠭᠠᠭᠤᠯᠢ ᠴᠦᠮ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌᠎ᠶ᠋ᠢᠨ ᠬᠠᠮᠲᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠡᠷ ᠰᠤᠷᠭᠠᠨ ᠬᠥᠮᠦᠵᠢᠯ ᠵᠢᠭᠠᠨ ᠰᠤᠷᠭᠠᠯᠲᠠ ᠬᠢᠵᠦ᠍ ᠪᠤᠢ᠃ ᠡᠭᠦᠨ᠎ᠦ ᠬᠠᠮᠲᠤ 83 ᠬᠡᠦᠬᠡᠳ᠎ᠦᠨ ᠴᠡᠴᠡᠷᠯᠢᠭ ᠴᠥᠮ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠡᠷ ᠠᠰᠠᠷᠠᠨ ᠬᠥᠮᠦᠵᠢᠭᠦᠯᠬᠦ᠌ ᠬᠥᠮᠦᠵᠢᠯ ᠬᠢᠵᠦ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面