ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-07-05 10:41:47

ᠵᠣᠬᠢᠶᠠᠭ᠍ᠴᠢ᠄ ᠭᠣᠸ᠋ ᠮᠢᠨ ᠨᠠ ᠨᠠᠬᠢᠶ᠎ᠠ ᠣᠩᠱᠢᠭ᠍ᠰᠠᠨ ᠣᠳᠠᠭ᠎ᠠ᠄ 3

ᠭᠤᠤᠯ᠎ᠤᠨ ᠪᠠᠢᠰᠢᠩ ᠪᠠᠭ᠎ᠠ ᠰᠤᠷᠭᠠᠭᠤᠯᠢ᠎ᠳᠤ᠂ 《ᠤᠯᠠᠭᠠᠨ ᠰᠢᠰᠢ》 ᠵᠢᠨ ᠠᠬᠤᠢ ᠦᠵᠡᠭᠳᠡᠯᠲᠦ ᠬᠢᠯᠪᠡᠬᠡᠨ ᠵᠦᠴᠦᠭᠡ ᠨᠢ ᠤᠷᠠᠨ ᠤᠩᠰᠢᠯᠭ᠎ᠠ ᠪᠠ ᠬᠡᠯᠡ ᠶᠠᠷᠢᠶᠠᠨ᠎ᠤ ᠪᠦᠯᠬᠦᠮ ᠤ᠋ᠨ ᠲᠠᠳᠠᠬᠤ ᠬᠦᠴᠦᠨ᠎ᠢ ᠦᠷᠬᠦᠯᠵᠢᠯᠡᠨ ᠨᠡᠮᠡᠭᠳᠡᠬᠦᠯᠦᠨ᠎ᠡ;ᠪᠠᠶᠠᠨᠬᠤᠰᠢᠭᠤ ᠬᠣᠶᠠᠳᠤᠭᠠᠷ ᠪᠠᠭ᠎ᠠ ᠰᠤᠷᠭᠠᠭᠤᠯᠢ᠎ᠳᠤ᠂ ᠰᠤᠷᠤᠭ᠍ᠴᠢᠳ ᠪᠣᠯᠣᠨ ᠭᠡᠷ᠎ᠦᠨ ᠠᠬᠠᠮᠠᠳ ᠬᠤᠪᠢᠰᠬᠠᠯᠳᠤ ᠰᠣᠩᠭᠣᠳᠠᠭ ᠪᠦᠲᠦᠭᠡᠯ᠎ᠢ ᠬᠠᠮᠲᠤ᠎ᠪᠠᠷ ᠤᠩᠰᠢᠬᠤ ᠳᠤᠮᠳᠠ ᠵᠡᠷᠭᠡᠪᠡᠷ ᠤᠷᠤᠭᠰᠢᠯᠠᠨ ᠲᠠᠪᠰᠢᠨ᠎ᠠ; ᠪᠠᠶᠠᠨᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ᠎ᠳᠤ᠂ ᠰᠤᠷᠤᠭ᠍ᠴᠢᠳ ᠦᠪᠡᠷᠮᠢᠴᠡ ᠤᠨᠴᠠᠯᠢᠭ ᠪᠦᠬᠦᠢ ᠶᠠᠷᠢᠶᠠᠲᠤ ᠵᠦᠴᠦᠭᠡ 《ᠠᠶᠤᠩᠭᠠᠲᠤ ᠪᠣᠷᠣᠭᠠᠨ》 ᠢ᠋ ᠤᠷᠠᠯᠢᠭ᠎ᠤᠨ ᠲᠠᠪᠴᠠᠩ᠎ᠳᠤ ᠭᠠᠷᠭᠠᠵᠤ᠂ ᠤᠷᠠᠯᠢᠭ᠎ᠤᠨ ᠷᠢᠳᠢ ᠰᠢᠳᠢ ᠵᠢ ᠭᠠᠢᠬᠠᠭᠤᠯᠤᠨ᠎ᠠ ᠁

ᠣᠢᠷ᠎ᠠ᠎ᠶᠢᠨ ᠵᠢᠯ᠎ᠡᠴᠡ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠰᠤᠷᠭᠠᠨ ᠬᠥᠮᠦᠵᠢᠯ᠎ᠦᠨ ᠰᠢᠰᠲ᠋ᠧᠮ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠰᠤᠷᠬᠤ ᠪᠢᠴᠢᠭ᠎ᠦᠨ ᠵᠢᠭᠠᠬᠤ ᠮᠠᠲᠧᠷᠢᠶᠠᠯ᠎ᠢᠶᠠᠷ ᠠᠴᠢᠶᠠᠯᠠᠪᠤᠷᠢ ᠪᠣᠯᠭᠠᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠰᠤᠷᠤᠭ᠍ᠴᠢᠳ᠎ᠤᠨ ᠰᠤᠷᠤᠯᠴᠠᠯᠭ᠎ᠠ ᠠᠮᠢᠳᠤᠷᠠᠯ᠎ᠤᠨ ᠪᠦᠬᠦ ᠶᠠᠪᠤᠴᠠ᠎ᠳᠤ ᠠᠭᠤᠰᠬᠠᠵᠤ᠂ ᠠᠵᠢᠯᠯᠠᠭ᠎ᠠ᠎ᠶᠢᠨ ᠬᠡᠯᠪᠡᠷᠢ ᠵᠢᠨ ᠰᠢᠨ᠎ᠡ ᠵᠢ ᠡᠬᠦᠳᠴᠦ᠂ ᠰᠣᠩᠭᠣᠳᠠᠭ ᠵᠣᠬᠢᠶᠠᠯ ᠤᠩᠰᠢᠬᠤ᠂ ᠶᠠᠷᠢᠶ᠎ᠠ ᠢᠯᠡᠳᠬᠡᠯ ᠤ᠋ᠨ ᠤᠷᠤᠯᠳᠤᠭᠠᠨ ᠡᠷᠬᠢᠯᠡᠬᠦ᠂ ᠬᠠᠷᠢᠯᠴᠠᠨ ᠬᠠᠪᠰᠤᠷᠤᠯᠴᠠᠨ ᠬᠠᠷᠢᠯᠴᠠᠨ ᠰᠤᠷᠤᠯᠴᠠᠬᠤ ᠵᠡᠷᠭᠡ ᠪᠠᠶᠠᠯᠢᠭ᠋ ᠰᠠᠢᠬᠠᠨ ᠠᠵᠢᠯᠯᠠᠭ᠎ᠠ ᠥᠷᠨᠢᠭᠦᠯᠵᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠵᠤ ᠬᠡᠷᠡᠭᠯᠡᠬᠦ ᠰᠠᠢᠨ ᠰᠠᠢᠬᠠᠨ ᠠᠭᠤᠷ ᠠᠮᠢᠰᠬᠤᠯ᠎ᠢ ᠪᠤᠢ ᠪᠣᠯᠭᠠᠪᠠ᠃

《ᠮᠠᠨ᠎ᠤ ᠰᠤᠷᠭᠠᠭᠤᠯᠢ〈1×2×3 ᠤᠩᠰᠢᠵᠤ ᠪᠢᠴᠢᠬᠦ ᠢᠨᠵᠧᠨᠧᠷᠢᠩ〉 ᠢ᠋ ᠨᠠᠷᠢᠨ ᠨᠢᠮᠪᠠᠢ ᠵᠣᠬᠢᠶᠠᠨ ᠪᠠᠢᠭᠤᠯᠤᠨ ᠬᠡᠷᠡᠭᠵᠢᠭᠦᠯᠵᠦ ᠂ ᠲᠣᠳᠣᠷᠬᠠᠢ ᠴᠠᠭ᠎ᠤᠨ ᠲᠥᠯᠦᠪᠵᠢᠭᠦᠯᠭᠡ ᠪᠠ ᠰᠢᠨᠵᠢᠯᠡᠬᠦ ᠤᠬᠠᠭᠠᠨᠴᠢ ᠵᠢᠭᠠᠨ ᠰᠤᠷᠭᠠᠬᠤ ᠠᠷᠭ᠎ᠠ᠎ᠪᠠᠷ ᠳᠠᠮᠵᠢᠭᠤᠯᠤᠨ ᠂ ᠰᠤᠷᠤᠭ᠍ᠴᠢᠳ᠎ᠤᠨ ᠰᠠᠢᠨ ᠰᠠᠢᠬᠠᠨ ᠤᠩᠰᠢᠵᠤ ᠪᠢᠴᠢᠬᠦ ᠳᠠᠳᠬᠠᠯ ᠢ᠋ ᠪᠦᠲᠦᠮᠵᠢᠲᠡᠶ ᠬᠥᠮᠥᠵᠢᠭᠦᠯᠵᠦ ᠪᠠᠢᠨ᠎ᠠ》ᠬᠡᠵᠦ ᠭᠤᠤᠯ ᠤ᠋ᠨ ᠪᠠᠢᠰᠢᠩ ᠪᠠᠭ᠎ᠠ ᠰᠤᠷᠭᠠᠭᠤᠯᠢ᠎ᠶᠢᠨ ᠵᠢᠭᠠᠨ ᠰᠤᠷᠭᠠᠬᠤ ᠭᠠᠵᠠᠷ᠎ᠤᠨ ᠡᠷᠬᠢᠯᠡᠭᠴᠢ ᠪᠦᠦ ᠹᠧᠢ ᠹᠧᠢ ᠬᠡᠯᠡᠪᠡ᠃ ᠳᠡᠷᠡ᠂ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ ᠪᠠᠢᠭᠰᠠᠨ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠬᠡᠷᠡᠭᠯᠡᠭᠡᠨ᠎ᠦ ᠴᠢᠳᠠᠪᠤᠷᠢ᠎ᠶᠢ ᠢᠳᠡᠭ ᠢᠳᠡᠭ᠎ᠢᠶᠠᠷ ᠳᠡᠭᠡᠭᠰᠢᠯᠡᠭᠦᠯᠬᠦ᠎ᠶᠢᠨ ᠲᠥᠯᠥᠭᠡ ᠂ ᠭᠤᠤᠯ᠎ᠤᠨ ᠪᠠᠢᠰᠢᠩ ᠪᠠᠭ᠎ᠠ ᠰᠤᠷᠭᠠᠭᠤᠯᠢ 《 ᠨᠡᠢᠲᠡᠯᠢᠭ ᠬᠡᠯᠡᠨ᠎ᠦ ᠬᠠᠷᠢᠯᠴᠠᠨ ᠬᠠᠪᠰᠤᠷᠤᠯᠴᠠᠵᠤ ᠬᠠᠷᠢᠯᠴᠠᠨ ᠰᠤᠷᠤᠯᠴᠠᠬᠤ ᠠᠵᠢᠯ᠎ᠤᠨ ᠪᠠᠢᠷᠢ》ᠶ᠋ᠢ ᠣᠨᠴᠠᠭᠠᠢᠯᠠᠨ ᠲᠣᠬᠢᠷᠠᠭᠤᠯᠵᠤ᠂ ᠤᠯᠤᠰ᠎ᠤᠨ ᠨᠡᠢᠳᠡᠮ ᠬᠡᠷᠡᠭᠯᠡᠬᠦ ᠬᠡᠯᠡ᠎ᠪᠡᠷ ᠬᠢᠴᠢᠶᠡᠯᠯᠡᠵᠦ ᠪᠠᠢᠭ᠎ᠠ ᠠᠩᠭᠢ᠎ᠶᠢᠨ ᠰᠣᠷᠣᠭ᠍ᠴᠢ ᠪᠤᠯᠤᠨ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ ᠪᠠᠢᠭᠰᠠᠨ ᠠᠩᠭᠢ᠎ᠶᠢᠨ ᠰᠣᠷᠣᠭ᠍ᠴᠢ᠎ᠵᠢᠨ ᠬᠤᠭᠤᠷᠤᠨᠳᠤ ᠬᠠᠪᠰᠤᠷᠤᠯᠴᠠᠭ᠎ᠠ ᠪᠠᠢᠭᠤᠯᠵᠤ᠂ ᠡᠳᠦᠷ ᠲᠤᠲᠤᠮ᠎ᠤᠨ ᠰᠤᠷᠤᠯᠴᠠᠯᠭ᠎ᠠ ᠠᠮᠢᠳᠤᠷᠠᠯ᠎ᠤᠨ ᠳᠤᠮᠳᠠ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ ᠪᠠᠢᠭᠰᠠᠨ ᠰᠣᠷᠣᠭ᠍ᠴᠢ᠎ᠶᠢ ᠬᠠᠪᠰᠤᠷᠤᠨ ᠠᠪᠢᠶᠠᠯᠠᠭ᠎ᠠ᠎ᠶᠢ ᠨᠢ ᠵᠠᠯᠠᠷᠠᠭᠤᠯᠵᠤ ᠂ ᠢᠯᠡᠳᠬᠡᠬᠦ ᠴᠢᠳᠠᠪᠤᠷᠢ᠎ᠶᠢ ᠨᠢ ᠳᠡᠭᠡᠭᠰᠢᠯᠡᠭᠦᠯᠦᠨ᠂ ᠦᠨᠳᠦᠰᠦᠲᠡᠨ᠎ᠨᠦᠭᠦᠳ᠎ᠦᠨ ᠰᠣᠷᠣᠭ᠍ᠴᠢ᠎ᠶᠢᠨ ᠡᠶ᠎ᠡ ᠵᠣᠬᠢᠴᠠᠩᠭᠤᠢ ᠠᠭᠤᠰᠤᠯᠴᠠᠯ᠎ᠢ ᠠᠬᠢᠭᠤᠯᠪᠠ᠃ ᠡᠭᠦᠨ᠎ᠦ ᠬᠠᠮᠲᠤ᠂ ᠬᠢᠴᠢᠶᠡᠯ ᠵᠢᠭᠠᠬᠤ ᠪᠠᠭ᠍ᠰᠢ ᠨᠠᠷ᠎ᠤᠨ ᠬᠣᠭᠣᠷᠣᠨᠳᠤ᠎ᠪᠠᠨ ᠴᠸ᠋ ᠬᠠᠷᠢᠯᠴᠠᠨ ᠬᠠᠪᠰᠤᠷᠤᠯᠴᠠᠵᠤ᠂ ᠬᠢᠴᠢᠶᠡᠯᠯᠡᠬᠦ ᠠᠷᠭ᠎ᠠ ᠮᠠᠶᠢᠭ᠋᠂ ᠵᠢᠭᠠᠨ ᠰᠤᠷᠭᠠᠯᠲᠠ᠎ᠶᠢ ᠰᠤᠳᠤᠯᠤᠨ ᠶᠠᠷᠢᠯᠴᠠᠬᠤ ᠵᠡᠷᠬᠡ᠎ᠪᠠᠷ ᠳᠡᠮᠵᠢᠭᠤᠯᠤᠨ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠬᠢᠷᠢ ᠲᠦᠪᠰᠢᠨ ᠵᠢᠡᠨ ᠳᠡᠬᠡᠭᠰᠢᠯᠡᠬᠦᠯᠵᠦ ᠪᠤᠢ ᠬᠡᠪᠡ᠃

ᠪᠠᠶᠠᠨᠬᠤᠰᠢᠭᠤ ᠲᠠᠪᠤᠳᠤᠭᠠᠷ ᠳᠤᠮᠳᠠᠳᠤ ᠰᠤᠷᠭᠠᠭᠤᠯᠢ᠎ᠳᠤ᠂ ᠡᠯ᠎ᠡ ᠰᠤᠷᠤᠭ᠍ᠴᠢᠳ᠎ᠤᠨ ᠪᠦᠯᠬᠦᠮ ᠰᠣᠩᠭᠣᠳᠠᠭ ᠫᠷᠣᠭ᠌ᠷᠠᠮ᠂ ᠤᠷᠠᠨ ᠰᠠᠢᠬᠠᠨ᠎ᠤ ᠪᠦᠳᠦᠭᠡᠯ᠎ᠢ ᠲᠡᠯᠭᠡᠷᠡᠬᠦᠯᠦᠨ ᠠᠬᠢᠭᠤᠯᠵᠤ᠂ ᠰᠤᠷᠤᠭ᠍ᠴᠢᠳ ᠰᠣᠨᠣᠰᠬᠤ᠂ ᠶᠠᠷᠢᠬᠤ᠂ ᠤᠩᠰᠢᠬᠤ᠂ ᠪᠢᠴᠢᠬᠦ᠂ ᠲᠣᠭᠯᠠᠬᠤ ᠵᠡᠷᠭᠡ ᠴᠢᠳᠠᠪᠤᠷᠢ᠎ᠪᠠᠨ ᠲᠡᠭᠡᠭᠰᠢᠯᠡᠬᠦᠯᠬᠦ ᠲᠤᠭᠤᠷᠢᠨ ᠳ᠋ᠤ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠨᠡᠩ ᠰᠠᠢᠳᠤᠷ ᠰᠤᠷᠤᠯᠴᠠᠨ ᠳᠡᠯᠭᠡᠷᠡᠭᠦᠯᠵᠦ ᠪᠤᠢ᠃

《ᠮᠠᠨ᠎ᠤ ᠰᠤᠷᠭᠠᠭᠤᠯᠢ ᠰᠤᠷᠤᠭ᠍ᠴᠢᠳ᠎ᠤᠨ ᠦᠭᠡ ᠬᠡᠯᠡ ᠦᠰᠦᠭ ᠪᠢᠴᠢᠭ᠎ᠦᠨ ᠬᠡᠪ ᠪᠣᠯᠪᠠᠰᠤᠷᠠᠯ᠎ᠤᠨ ᠬᠦᠮᠦᠵᠢᠯ᠎ᠢ ᠴᠢᠬᠤᠯᠠᠴᠢᠯᠠᠵᠤ᠂ ᠡᠯᠪᠡᠭ ᠪᠠᠶᠠᠯᠢᠭ ᠨᠣᠮ ᠤᠩᠱᠢᠬᠤ ᠠᠵᠢᠯᠯᠠᠭ᠎ᠠ ᠪᠠ ᠡᠯ᠎ᠡ ᠵᠦᠢᠯ᠎ᠦᠨ ᠱᠢᠨᠵᠢᠯᠡᠭᠡᠨ᠎ᠦ ᠲᠦᠷᠦᠯ ᠵᠦᠢᠯ᠎ᠢᠶᠡᠷ ᠳᠠᠮᠵᠢᠭᠤᠯᠤᠨ᠂ ᠰᠤᠷᠤᠭ᠍ᠴᠢᠳ᠎ᠲᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠤᠬᠢ ᠱᠦᠯᠳᠦ᠎ᠵᠢ ᠡᠵᠡᠮᠱᠢᠭᠦᠯᠵᠦ ᠪᠠᠢᠨ᠎ᠠ》 ᠭᠡᠵᠦ᠍ ᠪᠠᠶᠠᠨᠬᠤᠱᠢᠭᠤ ᠲᠠᠪᠤᠳᠤᠭᠠᠷ ᠳᠤᠮᠳᠠᠳᠤ ᠰᠤᠷᠭᠠᠭᠤᠯᠢ᠎ᠶ᠋ᠢᠨ ᠵᠢᠭᠠᠨ ᠰᠤᠷᠭᠠᠯᠲᠠ᠎ᠶᠢᠨ ᠭᠠᠵᠠᠷ᠎ᠤᠨ ᠡᠷᠬᠢᠯᠡᠭ᠌ᠴᠢ ᠳ᠋ᠦᠩ ᠮᠧᠢ ᠬᠡᠯᠡᠪᠡ᠃

ᠣᠳᠣᠬᠠᠨ᠎ᠳᠤ ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠪᠠ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠰᠤᠷᠬᠤ ᠪᠢᠴᠢᠭ᠎ᠦᠨ ᠵᠢᠭᠠᠬᠤ ᠮᠠᠲ᠋ᠧᠷᠢᠶᠠᠯ᠎ᠤᠨ ᠥᠭᠡᠷᠡᠴᠢᠯᠡᠯᠲᠡ᠎ᠶ᠋ᠢᠨ ᠭᠦᠨᠵᠡᠭᠡᠢ ᠬᠡᠷᠡᠭ᠌ᠵᠢᠭᠦᠯᠦᠭ᠌ᠳᠡᠬᠦ᠌᠎ᠶ᠋ᠢ ᠳᠠᠭᠠᠯᠳᠤᠨ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠡᠯ᠎ᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠤᠯᠴᠠᠯᠭ᠎ᠠ ᠨᠢ ᠬᠠᠮᠲᠤ᠎ᠪᠠᠷ ᠰᠤᠷᠤᠯᠴᠠᠵᠤ ᠪᠠᠢᠭ᠍ᠰᠠᠨ᠎ᠠᠴᠠ᠎ᠪᠠᠨ ᠬᠣᠣᠰ ᠴᠢᠭ᠌ᠯᠡᠯ᠎ᠢᠶᠡᠷ ᠬᠠᠪᠰᠤᠷᠤᠯᠴᠠᠬᠤ ᠪᠤᠯᠵᠤ᠂ 《ᠪᠦᠬᠦ ᠲᠠᠯ᠎ᠠ》 ᠵᠢᠨ ᠪᠠᠢᠭᠰᠨᠨ ᠡᠴᠡ 《ᠤᠨᠢᠨ ᠳᠡᠭᠡᠷ᠎ᠡ》 ᠨᠢ ᠵᠢᠭᠠᠬᠤ ᠪᠤᠯᠵᠤ ᠂ ᠰᠠᠨᠠᠭᠠᠴᠢᠯᠠᠭᠠᠲᠤ ᠪᠤᠰᠤ᠎ᠠᠴᠠ ᠰᠠᠨᠠᠭᠠᠴᠢᠯᠠᠭ᠎ᠠ᠎ᠲᠠᠢ᠎ᠪᠤᠯᠵᠤ ᠂ 《ᠦᠰᠦᠭ ᠪᠢᠴᠢᠭ᠎ᠦᠨ ᠲᠥᠪ ᠬᠢᠴᠢᠶᠡᠨᠭᠭᠦᠢ》 ᠎ᠵᠢ ᠬᠥᠭᠡᠭᠡᠴᠡᠯᠳᠦᠵᠦ᠍ ᠪᠠᠢᠭ᠍ᠰᠠᠨ᠎ᠠᠴᠠ᠎ᠪᠠᠨ 《ᠥᠷᠭᠡᠨ ᠭᠦᠨᠵᠡᠭᠡᠢ 》 ᠎ᠵᠢ ᠬᠥᠭᠡᠭᠡᠴᠡᠯᠳᠦᠬᠦ ᠪᠤᠯᠪᠠ᠃

ᠡᠨᠡ ᠵᠢᠯ᠎ᠡᠴᠡ ᠨᠠᠭᠠᠰᠢ ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ 43 ᠳᠤᠮᠳᠠᠳᠤ ᠪᠠᠭ᠎ᠠ ᠰᠤᠷᠭᠠᠭᠤᠯᠢ (ᠬᠡᠦᠬᠡᠳ᠎ᠦᠨ ᠴᠡᠴᠡᠷᠯᠢᠭ) 《 ᠭᠠᠷ ᠬᠤᠯᠪᠤᠨ ᠨᠡᠢᠲᠡᠯᠢᠭ ᠬᠡᠯᠡ ᠵᠢ ᠬᠠᠮᠳᠤ ᠪᠡᠷ ᠰᠤᠷᠤᠯᠴᠠᠵᠤ ᠰᠠᠢᠳᠤᠷ ᠶᠠᠷᠢᠬᠤ》ᠠᠵᠢᠯᠯᠠᠭ᠎ᠠ᠎ᠶ᠋ᠢ ᠶᠡᠬᠡᠪᠡᠷ ᠥᠷᠨᠢᠭᠦᠯᠵᠦ᠍᠂ ᠵᠦᠪᠬᠡᠨ ᠰᠤᠷᠭᠠᠭᠤᠯᠢ᠎ᠶ᠋ᠢᠨ ᠬᠦᠷᠢᠶᠡᠨ᠎ᠳᠦ ᠲᠡᠳᠦᠢ ᠪᠢᠰᠢ᠂ ᠤᠯᠠᠨ ᠲᠠᠪᠴᠠᠩ ᠪᠠᠢᠭᠤᠯᠵᠤ᠂ ᠰᠠᠷ᠎ᠠ ᠪᠦᠷᠢ ᠠᠵᠢᠯᠯᠠᠭ᠎ᠠ ᠥᠷᠨᠢᠭᠦᠯᠵᠦ᠍᠂ ᠬᠣᠯᠪᠣᠭ᠍ᠳᠠᠯ ᠪᠥᠬᠥᠶ ᠠᠵᠢᠯᠯᠠᠭ᠎ᠠ᠎ᠶ᠋ᠢ ᠨᠡᠢᠲᠡ 586 ᠤᠳᠠᠭ᠎ᠠ ᠥᠷᠨᠢᠭᠦᠯᠵᠦ᠍ ᠂ 47740 ᠬᠥᠮᠦᠨ ᠤᠳᠠᠭ᠎ᠠ᠎ᠶ᠋ᠢ ᠬᠠᠮᠤᠷᠴᠠᠶ᠃ 《ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠰᠤᠷᠭᠠᠨ ᠬᠥᠮᠦᠵᠢᠯ᠎ᠦᠨ ᠱᠢᠰᠲ᠋ᠧᠮ᠎ᠦᠨ ᠬᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠥᠷᠭᠡᠨ ᠤᠯᠠᠨ ᠪᠠᠭ᠍ᠰᠢ ᠰᠤᠷᠤᠬ᠍ᠴᠢ ᠪᠣᠯᠤᠨ ᠭᠡᠷ᠎ᠦᠨ ᠠᠬᠠᠮᠠᠳ᠎ᠢ ᠬᠦᠳᠦᠯᠥᠨ ᠳᠠᠭᠠᠭᠤᠯᠵᠤ ᠪᠠᠢᠭᠠᠳ ᠨᠡᠢᠲᠡᠯᠢᠭ ᠬᠡᠯᠡ᠎ᠶ᠋ᠢ ᠰᠠᠨᠠᠭᠠᠴᠢᠯᠠᠭ᠎ᠠ᠎ᠠᠴᠠ᠎ᠪᠠᠨ ᠰᠤᠷᠴᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠵᠢᠷᠤᠮᠵᠢᠭᠤᠯᠤᠨ ᠬᠡᠷᠡᠭ᠌ᠯᠡᠵᠦ᠍᠂ ᠦᠭᠡ ᠬᠡᠯᠡᠨ᠎ᠦ ᠨᠡᠪᠲᠡᠷᠡᠯᠴᠡᠭᠡ᠎ᠪᠡᠷ ᠤᠶᠤᠨ ᠰᠠᠨᠠᠭᠠᠨ᠎ᠤ ᠨᠡᠪᠲᠡᠷᠡᠯᠴᠡᠭᠡ᠎ᠶ᠋ᠢ ᠨᠡᠮᠡᠭ᠌ᠳᠡᠭᠦᠯᠵᠦ᠍ ᠂ ᠦᠰᠦᠭ ᠪᠢᠴᠢᠭ᠎ᠦᠨ ᠨᠡᠪᠲᠡᠷᠡᠯᠴᠡᠭᠡ᠎ᠪᠡᠷ ᠰᠣᠶᠣᠯ᠎ᠤᠨ ᠨᠡᠪᠲᠡᠷᠡᠯᠴᠡᠭᠡ᠎ᠶ᠋ᠢ ᠨᠡᠮᠡᠭ᠌ᠳᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠲᠠᠰᠤᠷᠠᠯᠳᠠ ᠦᠭᠡᠢ ᠪᠡᠬᠢᠵᠢᠭᠦᠯᠦᠨ᠎ᠡ》 ᠭᠡᠵᠦ᠍ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠰᠤᠷᠭᠠᠨ ᠬᠥᠮᠦᠵᠢᠯ᠎ᠦᠨ ᠲᠣᠪᠴᠢᠶᠠᠨ᠎ᠤ ᠦᠭᠡ ᠬᠡᠯᠡ ᠦᠰᠦᠭ ᠪᠢᠴᠢᠭ᠎ᠦᠨ ᠠᠯᠪᠠᠨ ᠭᠡᠷ᠎ᠦᠨ ᠡᠷᠬᠢᠯᠡᠭ᠌ᠴᠢ ᠯᠢ ᠮᠢᠩ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面