ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-03-03 11:38:00

ᠵᠣᠬᠢᠶᠠᠭ᠍ᠴᠢ᠄ ᠸᠠᠩ ᠶᠠ ᠵᠢᠩ ᠣᠩᠱᠢᠭ᠍ᠰᠠᠨ ᠣᠳᠠᠭ᠎ᠠ᠄ 3

《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠳᠤ ᠣᠷᠣᠯᠴᠠᠬᠤ᠎ᠪᠤᠯ ᠮᠠᠰᠢ ᠴᠢᠬᠤᠯᠠᠳᠠᠢ ᠶᠤᠮ᠃ ᠨᠢᠭᠡ ᠲᠠᠯ᠎ᠠ᠎ᠪᠠᠷ ᠬᠡᠦᠬᠡᠳ᠎ᠦᠨ ᠴᠡᠴᠡᠷᠯᠢᠭ᠎ᠦᠨ ᠱᠠᠲᠤ ᠦᠶ᠎ᠡ ᠪᠣᠯ ᠬᠡᠦᠬᠡᠳ᠎ᠦᠨ ᠦᠭᠡ ᠬᠡᠯᠡᠨ᠎ᠦ ᠬᠥᠭ᠌ᠵᠢᠯᠲᠡ᠎ᠶ᠋ᠢᠨ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ ᠂ ᠪᠠᠭ᠍ᠰᠢ᠎ᠨᠠᠷ᠎ᠢ ᠵᠢᠷᠤᠮᠵᠢᠭᠤᠯᠪᠠᠯ ᠰᠠᠶᠢ ᠬᠡᠦᠬᠡᠳ᠎ᠲᠦ ᠰᠠᠢᠲᠤᠷ ᠵᠢᠱ᠌ᠢᠶ᠎ᠡ ᠦᠵᠡᠭᠦᠯᠵᠦ᠍ ᠴᠢᠳᠠᠨ᠎ᠠ᠃ ᠨᠥᠭᠥᠭᠡ ᠲᠠᠯ᠎ᠠ᠎ᠪᠠᠷ ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ ᠨᠢ ᠪᠢᠳᠡᠨ᠎ᠢ ᠬᠠᠪᠰᠤᠷᠤᠨ ᠪᠠᠭ᠍ᠰᠢ ᠨᠠᠷ᠎ᠤᠨ ᠲᠤᠰᠭᠠᠶ ᠮᠡᠷᠭᠡᠵᠢᠯ᠎ᠦᠨ ᠬᠡᠪ ᠪᠣᠯᠪᠠᠰᠤᠷᠠᠯ᠎ᠢ ᠨᠠᠩ ᠰᠠᠢᠲᠤᠷ ᠳᠡᠭᠡᠭ᠌ᠰᠢᠯᠡᠭᠦᠯᠵᠦ᠍ ᠪᠣᠯᠤᠨ᠎ᠠ》ᠭᠡᠵᠦ ᠬᠥᠬᠡᠬᠣᠲᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠰᠤᠳᠤᠯᠭᠠᠨ᠎ᠤ ᠲᠥᠪ᠎ᠦᠨ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠰᠤᠳᠤᠯᠤᠭ᠍ᠴᠢ ᠶᠠᠩ ᠱᠠ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠦᠷᠦᠯ ᠵᠦᠢᠯ᠎ᠦᠨ ᠬᠣᠲᠣᠩ ᠠᠷᠠᠳ᠎ᠤᠨ ᠲᠣᠭᠣᠷᠢᠭ᠎ᠤᠨ ᠲᠦᠷᠦᠯ ᠵᠦᠢᠯ᠎ᠦᠨ ᠬᠦᠷᠢᠶᠡᠯᠡᠩ᠎ᠦᠨ ᠠᠵᠢᠯ᠎ᠢ ᠠᠬᠢᠭᠤᠯᠬᠤ ᠬᠤᠷᠠᠯ᠎ᠳᠤ ᠣᠷᠣᠯᠴᠠᠭ᠍ᠰᠠᠨ᠎ᠤ ᠳᠠᠷᠠᠭ᠎ᠠ ᠰᠡᠳᠭᠢᠯ ᠳᠣᠭ᠍ᠳᠣᠯᠤᠨ ᠬᠡᠯᠡᠪᠡ᠃

ᠠᠬᠢᠭᠤᠯᠬᠤ ᠬᠤᠷᠠᠯ ᠳᠡᠭᠡᠷ᠎ᠡ ᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠣᠶᠤᠨᠴᠢ ᠲᠤᠰᠠᠯᠠᠬᠤ ᠵᠢᠭᠠᠨ ᠰᠤᠷᠭᠠᠯᠳᠠ ᠵᠢᠨ ᠱᠢᠰᠲ᠋ᠧᠮ᠎ᠦᠨ ᠦᠵᠡᠭᠦᠯᠭᠡ ᠬᠢᠵᠦ᠍ ᠂ ᠬᠤᠷᠠᠯ᠎ᠳᠤ ᠣᠷᠣᠯᠴᠠᠭ᠍ᠰᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠨ᠎ᠦ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠥᠷᠥᠯ ᠵᠦᠶ᠋ᠯ᠎ᠦᠨ ᠠᠵᠢᠯᠲᠠᠨ ᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠵᠢᠭᠠᠨ ᠰᠤᠳᠤᠯᠤᠭ᠍ᠴᠢ ᠵᠢᠴᠢ ᠬᠣᠲᠣᠩ ᠠᠷᠠᠳ᠎ᠤᠨ ᠲᠣᠭᠣᠷᠢᠭ᠎ᠤᠨ ᠬᠡᠦᠬᠡᠳ᠎ᠦᠨ ᠴᠡᠴᠡᠷᠯᠢᠭ᠎ᠦᠨ ᠬᠠᠷᠢᠭᠤᠴᠠᠯᠭᠠᠲᠠᠨ ᠡᠴᠡ ᠬᠣᠲᠣᠩ ᠠᠷᠠᠳ᠎ᠤᠨ ᠲᠣᠭᠣᠷᠢᠭ᠎ᠤᠨ ᠤᠯᠤᠰ᠎ᠤᠨ ᠨᠡᠢᠳᠡᠮ᠎ᠬᠡᠷᠡᠭᠯᠡᠬᠦ ᠦᠭᠡ ᠬᠡᠯᠡᠨ᠎ᠦ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠥᠷᠥᠯ ᠵᠦᠶ᠋ᠯ᠎ᠦᠨ ᠠᠬᠢᠴᠠ᠎ᠶ᠋ᠢᠨ ᠪᠠᠢᠳᠠᠯ ᠪᠣᠯᠤᠨ ᠣᠳᠣᠬᠠᠨ᠎ᠤ ᠬᠡᠦᠬᠡᠳ᠎ᠦᠨ ᠰᠤᠷᠭᠠᠨ ᠬᠥᠮᠦᠵᠢᠯ᠎ᠦᠨ ᠠᠵᠢᠯ᠎ᠤᠨ ᠪᠣᠳᠠᠲᠤ ᠪᠠᠢᠳᠠᠯ᠎ᠤᠨ ᠲᠣᠭᠣᠷᠢᠨ᠎ᠳᠤ ᠭᠦᠨᠵᠡᠭᠡᠶ ᠰᠣᠯᠢᠯᠴᠠᠨ ᠰᠤᠳᠤᠯᠤᠨ ᠶᠠᠷᠢᠯᠴᠠᠪᠠ᠃

《2024 ᠣᠨ᠎ᠳᠤ ᠂ ᠬᠣᠲᠣᠩ ᠠᠷᠠᠳ᠎ᠤᠨ ᠲᠣᠭᠣᠷᠢᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠰᠤᠳᠤᠯᠭᠠᠨ᠎ᠤ ᠲᠥᠪ ᠦᠷᠭᠦᠯᠵᠢᠯᠡᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠨ᠎ᠦ ᠲᠦᠷᠦᠯ ᠵᠦᠢᠯ᠎ᠦᠨ ᠰᠤᠷᠭᠠᠨ ᠬᠥᠮᠦᠵᠢᠯ᠎ᠦᠨ ᠮᠡᠳᠡᠭᠡ ᠵᠠᠩᠭᠢ᠎ᠶ᠋ᠢᠨ ᠮᠡᠷᠭᠡᠵᠢᠯ᠎ᠦᠨ ᠬᠡᠷᠡᠭ᠌ᠯᠡᠭᠡᠨ᠎ᠦ ᠲᠠᠪᠴᠠᠩ᠎ᠳᠤ ᠲᠦᠱᠢᠭ᠌ᠯᠡᠵᠦ᠍᠂ ᠪᠠᠭ᠍ᠰᠢ᠎ᠶ᠋ᠢᠨ ᠳᠠᠷᠤᠭᠠᠰᠤ᠎ᠶ᠋ᠢ ᠬᠥᠩᠭᠡᠷᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠬᠦ᠌᠎ᠳᠦ ᠬᠦᠴᠦᠨ ᠨᠡᠮᠡᠷᠢᠯᠡᠨ᠎ᠡ᠃ ᠨᠢᠭᠡ᠎ᠳᠦ᠂ ᠪᠣᠯᠪᠠᠰᠤᠷᠠᠯ᠎ᠢ ᠴᠢᠩᠭᠠᠳᠭᠠᠵᠤ ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠨ᠎ᠦ ᠲᠦᠷᠦᠯ ᠵᠦᠢᠯ᠎ᠢ ᠭᠦᠨᠵᠡᠭᠡᠢ ᠬᠡᠷᠡᠭ᠌ᠵᠢᠭᠦᠯᠬᠦ᠌᠎ᠶ᠋ᠢ ᠠᠬᠢᠭᠤᠯᠵᠤ ᠂ ᠰᠠᠢ᠌ᠨ ᠰᠠᠢᠬᠠᠨ ᠬᠡᠷᠡᠭ᠌ᠯᠡᠭᠡᠨ᠎ᠦ ᠨᠥᠬᠥᠴᠡᠯ᠎ᠢ ᠪᠦᠷᠢᠯᠳᠦᠭᠦᠯᠦᠨ᠎ᠡ᠃ ᠬᠣᠶᠠᠷ᠎ᠲᠤ᠂ ᠠᠵᠢᠯᠯᠠᠭ᠎ᠠ᠎ᠪᠠᠷ ᠰᠤᠷᠤᠯᠴᠠᠯᠭ᠎ᠠ᠎ᠶ᠋ᠢ ᠠᠬᠢᠭᠤᠯᠵᠤ᠂ ᠤᠷᠤᠯᠳᠤᠭᠠᠨ᠎ᠢᠶᠠᠷ ᠳᠡᠭᠡᠭ᠌ᠰᠢᠯᠡᠯᠲᠡ᠎ᠶ᠋ᠢ ᠠᠬᠢᠭᠤᠯᠵᠤ᠂ ᠪᠠᠭ᠍ᠰᠢ᠎ᠨᠠᠷ᠎ᠤᠨ ᠰᠤᠷᠤᠯᠴᠠᠯᠭ᠎ᠠ᠎ᠳᠤ ᠢᠳᠡᠪᠬᠢᠲᠡᠶ ᠣᠷᠣᠯᠴᠠᠬᠤ᠎ᠶ᠋ᠢ ᠱᠠᠯᠠᠪᠳᠠᠭᠤᠯᠤᠨ᠂ ᠪᠠᠭ᠍ᠰᠢ᠎ᠨᠠᠷ᠎ᠤᠨ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢᠨ ᠪᠦᠬᠦᠯᠢ ᠴᠣᠭ᠍ᠴᠠ᠎ᠶ᠋ᠢᠨ ᠳᠡᠭᠡᠭ᠌ᠰᠢᠯᠡᠯᠲᠡ᠎ᠶ᠋ᠢ ᠪᠡᠶᠡᠯᠡᠭᠦᠯᠦᠨ᠎ᠡ᠃ ᠭᠤᠷᠪᠠ᠎ᠳᠤ᠂ ᠵᠢᠱ᠌ᠢᠶ᠎ᠡ ᠦᠵᠡᠭᠦᠯᠦᠨ ᠳᠠᠢᠴᠢᠯᠠᠬᠤ ᠵᠢ ᠴᠢᠬᠤᠯᠠᠴᠢᠯᠠᠵᠤ ᠂ ᠵᠢᠱ᠌ᠢᠶ᠎ᠡ ᠦᠵᠡᠭᠦᠯᠬᠦ᠌ ᠬᠦᠷᠢᠶᠡᠯᠡᠩ᠎ᠢ ᠱᠢᠯᠢᠨ ᠰᠣᠩᠭᠣᠬᠤ ᠠᠵᠢᠯ᠎ᠢ ᠢᠳᠡᠪᠬᠢᠲᠡᠶ ᠥᠷᠨᠢᠭᠦᠯᠦᠨ ᠂ ᠱᠢᠯᠢᠳᠡᠭ ᠲᠤᠷᠱᠢᠯᠭ᠎ᠠ ᠪᠣᠯᠤᠨ ᠣᠨᠴᠠᠯᠢᠭ ᠪᠥᠬᠥᠶ ᠬᠡᠷᠡᠭ᠎ᠦᠨ ᠵᠢᠱ᠌ᠢᠶ᠎ᠡ᠎ᠶ᠋ᠢ ᠬᠠᠢᠨ ᠰᠦᠪᠡᠭ᠌ᠴᠢᠯᠡᠵᠦ᠍ ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠨ᠎ᠦ ᠵᠦᠶ᠋ᠯᠡᠰ᠎ᠢ ᠪᠦᠬᠦᠯᠢ ᠴᠣᠭ᠍ᠴᠠ᠎ᠪᠠᠷ ᠨᠢ ᠳᠥᠯᠭᠢᠨ ᠠᠬᠢᠭᠤᠯᠬᠤ᠎ᠶ᠋ᠢ ᠨᠥᠯᠥᠭᠡᠯᠡᠨ ᠲᠠᠢᠴᠢᠯᠠᠨ᠎ᠠ》ᠭᠡᠵᠦ ᠬᠣᠲᠣᠩ ᠠᠷᠠᠳ᠎ᠤᠨ ᠲᠣᠭᠣᠷᠢᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠰᠤᠳᠤᠯᠭᠠᠨ᠎ᠤ ᠲᠥᠪ᠎ᠦᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠨ᠎ᠤ ᠲᠥᠷᠥᠯ ᠵᠦᠶ᠋ᠯ᠎ᠦᠨ ᠬᠠᠷᠢᠭᠤᠴᠠᠯᠭᠠᠲᠠᠨ ᠵᠠᠩ ᠬᠣᠩ ᠢᠦᠶ ᠲᠠᠨᠢᠯᠴᠠᠭᠤᠯᠪᠠ᠃

2022 ᠣᠨ᠎ᠤ 5 ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠦᠷᠦᠯ ᠵᠦᠢᠯ᠎ᠢ ᠡᠬᠢᠯᠡᠭᠦᠯᠦᠭ᠌ᠰᠡᠨ᠎ᠡᠴᠡ ᠨᠠᠭᠠᠰᠢ ᠂ ᠬᠣᠲᠣᠩ ᠠᠷᠠᠳ᠎ᠤᠨ ᠲᠣᠭᠣᠷᠢᠭ ᠸᠢᠳᠢᠣ᠋ ᠰᠤᠷᠤᠯᠴᠠᠬᠤ ᠲᠠᠪᠴᠠᠩ᠎ᠢ ᠪᠠᠢᠭᠤᠯᠬᠤ ᠂ ᠰᠤᠷᠤᠯᠴᠠᠬᠤ ᠵᠠᠭ᠍ᠪᠤᠷ᠎ᠤᠨ ᠱᠢᠨ᠎ᠡ᠎ᠶ᠋ᠢ ᠡᠭᠦᠳᠬᠦ᠌ ᠂ ᠪᠠᠭ᠍ᠰᠢ᠎ᠨᠠᠷ᠎ᠤᠨ ᠣᠷᠣᠯᠴᠠᠬᠤ ᠢᠳᠡᠪᠬᠢᠵᠢᠯ᠎ᠢ ᠳᠡᠭᠡᠭ᠌ᠰᠢᠯᠡᠭᠦᠯᠬᠦ᠌ ᠵᠡᠷᠭᠡ ᠭᠤᠷᠪᠠᠨ ᠲᠠᠯ᠎ᠠ ᠡᠴᠡ 《 ᠸᠢᠳᠢᠤ᠋ ᠰᠤᠷᠤᠯᠴᠠᠯᠭ᠎ᠠ + ᠤᠶᠤᠨᠴᠢᠯᠠᠯᠲᠠ 》 ᠳ᠋ᠤ ᠰᠠᠭᠤᠷᠢᠯᠠᠭ᠍ᠰᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠨ᠎ᠦ ᠬᠡᠷᠡᠭᠯᠡᠭᠡᠨ᠎ᠤ ᠴᠢᠳᠠᠪᠤᠷᠢ ᠵᠢ ᠲᠡᠭᠡᠭᠰᠢᠯᠡᠬᠦᠯᠬᠦ ᠬᠥᠳᠡᠯᠦᠩᠭᠦᠢ ᠰᠤᠷᠤᠯᠴᠠᠬᠤ ᠱᠢᠰᠲ᠋ᠧᠮ᠎ᠢ ᠪᠠᠢᠭᠤᠯᠪᠠ᠃

ᠡᠭᠦᠨ᠎ᠦ ᠬᠠᠮᠲᠤ ᠂ ᠬᠣᠲᠣᠩ ᠠᠷᠠᠳ᠎ᠤᠨ ᠲᠣᠭᠣᠷᠢᠭ ᠤᠷᠢᠳ ᠬᠣᠵᠢᠳ ᠬᠣᠶᠠᠷ ᠬᠤᠭᠤᠴᠠᠭᠠᠨ᠎ᠤ ᠪᠠᠭ᠍ᠰᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠰᠠᠷ᠎ᠠ᠎ᠶ᠋ᠢᠨ ᠠᠵᠢᠯᠯᠠᠭ᠎ᠠ ᠥᠷᠨᠢᠭᠦᠯᠵᠦ᠍ ᠂ ᠲᠤᠰᠭᠠᠢ ᠮᠡᠷᠭᠡᠵᠢᠯᠲᠡᠨ᠎ᠦ ᠱᠢᠭᠤᠳ ᠨᠡᠪᠲᠡᠷᠡᠭᠦᠯᠭᠡ᠎ᠶ᠋ᠢᠨ ᠬᠢᠴᠢᠶᠡᠯ ᠂ ᠰᠦᠯᠵᠢᠶᠡᠨ ᠳᠡᠭᠡᠷ᠎ᠡ ᠪᠣᠭᠣᠮᠲᠠ ᠱᠢᠪᠲᠤᠯᠬᠤ ᠬᠢᠴᠢᠶᠡᠯ ᠂ ᠤᠷᠠᠨ ᠤᠩᠱᠢᠯᠭ᠎ᠠ᠎ᠶ᠋ᠢᠨ ᠥᠷᠢᠰᠥᠯᠳᠦᠭᠡᠨ ᠵᠢᠴᠢ ᠰᠦᠯᠵᠢᠶᠡᠨ ᠳᠡᠭᠡᠷᠡᠬᠢ ᠪᠣᠯᠪᠠᠰᠤᠷᠠᠯ ᠪᠣᠯᠤᠨ ᠳᠠᠭᠤᠷᠢᠶᠠᠮᠠᠯ ᠱᠢᠯᠭᠠᠯᠲᠠ ᠵᠡᠷᠭᠡ ᠬᠡᠯᠪᠡᠷᠢ᠎ᠪᠡᠷ ᠳᠠᠮᠵᠢᠭᠤᠯᠤᠨ ᠂ ᠪᠠᠭ᠍ᠰᠢ᠎ᠨᠠᠷ᠎ᠲᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠰᠤᠷᠤᠯᠴᠠᠯᠭ᠎ᠠ᠎ᠶ᠋ᠢᠨ ᠲᠠᠪᠴᠠᠩ ᠬᠠᠩᠭᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面