2024-07-21 13:10:40
ᠤᠢᠷ᠎ᠠ ᠳᠤ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠠᠴᠠ ᠭᠤᠤᠯᠯᠠᠨ ᠡᠷᠭᠢᠯᠡᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ ᠬᠡᠦᠬᠡᠳ᠎ᠦᠨ ᠲᠥᠪ᠎ᠡᠴᠡ ᠳᠠᠭᠠᠭᠠᠴᠢᠯᠠᠨ ᠡᠷᠭᠢᠯᠡᠭ᠌ᠰᠡᠨ 《ᠲᠣᠮᠣ ᠬᠦᠷᠦᠨ᠎ᠤ ᠪᠠᠭᠠᠴᠤᠳ· ᠢᠷᠡᠭᠡᠳᠦᠶ᠎ᠳᠦ ᠪᠢᠳᠡ ᠪᠠᠢᠨ᠎ᠠ》 ᠬᠥᠬᠡᠬᠣᠲᠠ᠎ᠶ᠋ᠢᠨ ᠠᠷᠪᠠᠳᠤᠭᠠᠷ ᠬᠤᠭᠤᠴᠠᠭᠠᠨ᠎ᠤ 《ᠪᠢ ᠪᠣᠯ ᠪᠢᠴᠢᠬᠠᠨ ᠥᠯᠢᠭᠡᠷᠴᠢ》 ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠤᠷᠠᠯᠢᠭ᠎ᠤᠨ ᠲᠣᠭ᠍ᠯᠠᠯᠲᠠ᠎ᠶ᠋ᠢᠨ ᠱᠠᠩᠨᠠᠯ ᠣᠯᠭᠣᠬᠤ ᠶᠣᠰᠣᠯᠠᠯ ᠬᠥᠬᠡᠬᠣᠲᠠ᠎ᠳᠤ ᠶᠠᠪᠤᠭ᠍ᠳᠠᠪᠠ᠃
ᠱᠠᠩᠨᠠᠯ ᠣᠯᠭᠣᠬᠤ ᠶᠣᠰᠣᠯᠠᠯ ᠳᠡᠭᠡᠷ᠎ᠡ᠂ ᠡᠯ᠎ᠡ ᠳᠤᠭᠤᠢᠯᠠᠩ᠎ᠤᠨ ᠱᠢᠯᠢᠳᠡᠭ ᠪᠦᠲᠦᠭᠡᠯ《ᠡᠬᠡ ᠤᠯᠤᠰ᠎ᠵᠢᠡᠨ ᠮᠠᠭ᠍ᠲᠠᠨ ᠳᠠᠭᠤᠯᠠᠨᠠᠮ》᠂ 《ᠲᠠ ᠬᠡᠨ ᠪᠤᠢ》᠂ 《ᠳᠤᠮᠳᠠᠳᠤ᠎ᠶ᠋ᠢᠨ ᠮᠠᠭ᠍ᠲᠠᠭᠠᠯ》᠂ 《ᠪᠠᠭᠠᠲᠤᠷ᠎ᠤᠨ ᠮᠠᠬᠳᠠᠭᠠᠯ》 ᠵᠡᠷᠭᠡ ᠵᠢ ᠲᠣᠭ᠍ᠯᠠᠨ᠂ 《ᠤᠮᠠᠷᠠᠲᠤ ᠬᠢᠯᠢ᠎ᠶ᠋ᠢᠨ ᠠᠨᠠᠷ᠎ᠤᠨ ᠦᠷ᠎ᠡ ᠪᠠᠭᠠᠴᠤᠳ ᠬᠡᠦᠬᠡᠳ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ》 ᠤ᠋ᠨ ᠪᠢᠴᠢᠬᠠᠨ ᠲᠠᠢᠯᠪᠤᠷᠢᠯᠠᠬᠴᠢ ᠥᠷᠭᠡᠨ ᠤᠯᠠᠨ ᠪᠠᠭᠠᠴᠤᠳ ᠬᠡᠦᠬᠡᠳ ᠵᠢᠴᠢ ᠭᠡᠷ᠎ᠦᠨ ᠠᠬᠠᠮᠠᠳ᠎ᠲᠤ 《ᠪᠢ ᠪᠣᠯ ᠪᠢᠴᠢᠬᠠᠨ ᠬᠤᠪᠢᠰᠭᠠᠯᠳᠤ ᠤᠬᠠᠭᠤᠯᠤᠭ᠍ᠴᠢ》 ᠭᠡᠬᠦ ᠴᠠᠷᠬᠢᠯ ᠬᠤᠯᠪᠤᠭ᠎ᠠ ᠶᠠᠷᠢᠵᠤ᠂ 《ᠪᠠᠭᠠᠴᠤᠳ ᠡᠴᠡ ᠪᠠᠭᠠᠴᠤᠳ᠎ᠲᠤ ᠶᠠᠷᠢᠵᠤ ᠥᠭ᠌ᠬᠦ》 ᠬᠡᠯᠪᠡᠷᠢ᠎ᠪᠡᠷ ᠨᠢᠭᠡᠨ ᠤᠳᠠᠭ᠎ᠠ ᠵᠢᠨ ᠤᠬᠠᠭᠤᠯᠤᠨ ᠲᠠᠢᠯᠪᠤᠷᠢᠯᠠᠯᠲᠠ ᠬᠢᠵᠦ᠂ ᠪᠦᠬᠦ᠌ ᠣᠷᠣᠨ᠎ᠤ ᠪᠠᠭᠠᠴᠤᠳ ᠬᠡᠦᠬᠡᠳ᠎ᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ 《ᠵᠢᠵᠢᠭ ᠠᠨᠠᠷ᠎ᠤᠨ ᠦᠷ᠎ᠠ》 ᠪᠤᠯᠬᠤ ᠪᠡᠷ ᠴᠢᠷᠮᠠᠢᠬᠤ ᠵᠢ ᠬᠦᠲᠦᠯᠦᠨ ᠲᠠᠭᠠᠭᠤᠯᠪᠠ᠃
ᠲᠣᠰ ᠤᠳᠠᠭ᠎ᠠ ᠶᠢᠨ ᠲᠤᠬᠯᠠᠯᠲᠠ ᠶ᠋ᠢᠨ ᠠᠵᠢᠯᠯᠠᠭ᠎ᠠ 16 ᠡᠳᠦᠷ ᠶᠠᠪᠤᠭ᠍ᠳᠠᠵᠤ᠂ ᠬᠥᠬᠡᠬᠣᠲᠠ ᠣᠷᠣᠨ᠎ᠠᠴᠠ ᠢᠷᠡᠭ᠌ᠰᠡᠨ 352 ᠪᠠᠭᠠᠴᠤᠳ ᠬᠡᠦᠬᠡᠳ ᠠᠵᠢᠯᠯᠠᠭ᠎ᠠ᠎ᠳᠤ ᠣᠷᠣᠯᠴᠠᠪᠠ᠃ ᠦᠯᠢᠭᠡᠷ᠂ ᠱᠢᠯᠦᠭ ᠳᠠᠭᠤᠯᠠᠯ᠂ ᠶᠠᠷᠢᠶ᠎ᠠ ᠢᠯᠡᠳᠭᠡᠯ ᠵᠡᠷᠭᠡ ᠲᠣᠭ᠍ᠯᠠᠯᠲᠠ᠎ᠶ᠋ᠢᠨ ᠬᠡᠯᠪᠡᠷᠢ ᠪᠡᠷ ᠨᠠᠮ᠎ᠤᠨ ᠲᠡᠦᠬᠡ᠎ᠶ᠋ᠢᠨ ᠦᠯᠢᠭᠡᠷ᠂ ᠨᠠᠮ᠎ᠤᠨ ᠲᠡᠦᠬᠡ᠎ᠶ᠋ᠢᠨ ᠨᠡᠷᠡᠳᠦ ᠬᠥᠮᠦᠰ᠂ ᠡᠬᠡ ᠤᠯᠤᠰ᠎ᠢᠶᠠᠨ ᠮᠠᠭ᠍ᠲᠠᠨ ᠳᠠᠭᠤᠯᠠᠬᠤ᠂ ᠬᠣᠱᠢᠭᠤᠴᠢ ᠳᠠᠭᠤᠷᠢᠶᠠᠯ ᠪᠠ ᠦᠨᠳᠦᠰᠦᠲᠡᠨ᠎ᠦ ᠪᠦᠯᠬᠦᠮᠳᠡᠯ ᠵᠡᠷᠭᠡ ᠠᠭᠤᠯᠭ᠎ᠠ ᠪᠡᠷ ᠶᠠᠪᠤᠭᠳᠠᠵᠠᠢ᠃ ᠠᠵᠢᠯᠯᠠᠭ᠎ᠠ᠎ᠨᠢ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠦᠨᠳᠦᠰᠦᠲᠡᠨ᠎ᠦ ᠪᠦᠯᠬᠦᠮᠳᠡᠯ᠎ᠦᠨ ᠭᠤᠤᠯ ᠬᠥᠭ ᠠᠶᠠᠰ᠎ᠢ ᠴᠢᠪᠬᠠᠳᠠᠬᠤ》 ᠭᠤᠤᠯ ᠰᠡᠳᠦᠪ᠎ᠦᠨ ᠲᠣᠭᠣᠷᠢᠨ᠎ᠳᠤ᠂ ᠡᠷᠲᠡᠨ᠎ᠦ ᠮᠡᠷᠭᠡᠳ᠎ᠦᠨ ᠬᠡᠷ᠎ᠦᠨ ᠰᠤᠷᠲᠠᠯ᠂ ᠬᠤᠪᠢᠰᠭᠠᠯᠲᠤ ᠬᠡᠷ᠎ᠦᠨ ᠰᠤᠷᠲᠠᠯ᠂ ᠱᠢᠨ᠎ᠡ ᠴᠠᠭ ᠦᠶ᠎ᠡ᠎ᠶ᠋ᠢᠨ ᠡᠪ ᠬᠠᠮᠲᠤᠴᠤᠳ᠎ᠤᠨ ᠰᠠᠢᠨ ᠰᠠᠢᠬᠠᠨ ᠬᠡᠷ᠎ᠦᠨ ᠰᠤᠷᠲᠠᠯ ᠵᠡᠷᠭᠡ ᠥᠯᠢᠭᠡᠷ᠎ᠢ ᠤᠶᠠᠩᠭᠠᠯᠠᠨ ᠤᠩᠱᠢᠬᠤ᠎ᠪᠠᠷ ᠳᠠᠮᠵᠢᠭᠤᠯᠤᠨ᠂ ᠣᠷᠣᠨ᠎ᠤ ᠲᠥᠪ᠎ᠦᠨ ᠦᠨᠳᠦᠰᠦᠲᠡᠨ᠎ᠨᠦᠭᠦᠳ᠎ᠦᠨ ᠪᠠᠭᠠᠴᠤᠳ ᠬᠡᠦᠬᠡᠳ᠎ᠦᠨ ᠴᠣᠭ ᠪᠠᠳᠠᠷᠠᠩᠭᠤᠶ᠎ᠪᠠᠷ ᠤᠷᠤᠭ᠍ᠰᠢᠯᠠᠨ ᠳᠠᠪᠱᠢᠬᠤ ᠲᠦᠷᠰᠦ ᠪᠠᠢᠳᠠᠯ᠎ᠢ ᠭᠦᠶ᠋ᠴᠡᠳ ᠢᠯᠡᠷᠡᠭᠦᠯᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠴᠢᠨᠠᠷ ᠰᠠᠢᠲᠠᠶ ᠳᠡᠯᠭᠡᠷᠡᠭᠦᠯᠦᠨ ᠲᠦᠭᠡᠮᠡᠯᠵᠢᠭᠦᠯᠬᠦ᠌᠎ᠶ᠋ᠢ ᠪᠦᠲᠦᠮᠵᠢᠲᠡᠶ ᠠᠬᠢᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃