ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-02-29 13:27:05

ᠵᠣᠬᠢᠶᠠᠭ᠍ᠴᠢ᠄ ᠯᠢ ᠱᠢᠤᠸᠠᠢ ᠶᠣᠣ ᠣᠩᠱᠢᠭ᠍ᠰᠠᠨ ᠣᠳᠠᠭ᠎ᠠ᠄ 3

《ᠭᠡᠷ᠎ᠲᠡᠬᠡᠨ ᠤᠷᠢᠵᠤ ᠠᠷᠢᠬᠢ ᠲᠠᠷᠠᠰᠤ ᠪᠡᠯᠡᠳᠭᠡᠨ ᠠᠮᠳᠠᠳᠤ ᠬᠣᠭᠣᠯᠠ ᠪᠠᠵᠠᠭᠠᠵᠤ ᠵᠣᠴᠢᠯᠠᠬᠤ ᠨᠢ ᠲᠤᠭᠤᠷ᠎ᠤᠨ ᠬᠦᠷᠢᠶᠡᠯᠡᠩ᠎ᠦᠨ ᠬᠥᠮᠦᠰ᠎ᠦᠨ ᠶᠠᠮᠠᠷ ᠣᠨᠴᠠᠯᠢᠭ᠎ᠢ ᠬᠠᠷᠠᠭᠤᠯᠵᠤ ᠪᠠᠢᠬᠤ ᠪᠤᠢ? ᠲᠠ ᠨᠠᠷ ᠨᠢᠮᠪᠠᠢ ᠤᠩᠱᠢᠵᠤ ᠬᠠᠷᠢᠭᠤᠯᠤᠭᠠᠷᠠᠶ !》

ᠬᠤᠭᠤᠴᠠᠭᠠᠨ ᠰᠡᠬᠥᠯᠴᠢ ᠵᠢᠨ ᠱᠢᠯᠭᠠᠯᠲᠠ᠎ᠠᠴᠠ ᠡᠮᠦᠨᠡᠬᠡᠨ᠂ ᠤᠯᠠᠭᠠᠨᠬᠠᠳᠠ ᠬᠤᠳᠠ᠎ᠶ᠋ᠢᠨ ᠪᠠᠭᠠᠷᠢᠨ ᠵᠡᠭᠦᠨ ᠬᠣᠱᠢᠭᠤᠨ᠎ᠤ ᠯᠢᠨᠳᠦ᠋ᠩ᠎ᠦᠨ ᠳᠣᠯᠣᠳᠤᠭᠠᠷ ᠳᠤᠮᠳᠠᠳᠤ ᠰᠤᠷᠭᠠᠭᠤᠯᠢ᠎ᠶ᠋ᠢᠨ ᠬᠡᠯᠡ ᠪᠢᠴᠢᠭ᠎ᠦᠨ ᠪᠠᠭ᠍ᠰᠢ ᠭᠤᠤ ᠶᠠᠨ ᠪᠠᠭᠠᠷᠢᠨ ᠵᠡᠬᠦᠨ ᠬᠤᠰᠢᠭᠤᠨ᠎ᠤ ᠯᠢᠨᠳᠦ᠋ᠩ᠎ᠤ᠋ᠨ ᠮᠤᠩᠭᠤᠯ ᠦᠨᠳᠦᠰᠦᠳᠡᠨ᠎ᠤ ᠲᠤᠮᠳᠠᠳᠤ ᠰᠤᠷᠭᠠᠭᠤᠯᠢ ᠵᠢᠨ ᠰᠤᠷᠤᠭᠴᠢᠳ᠎ᠲᠸ᠋ 《ᠲᠤᠭᠤᠷ᠎ᠤᠨ ᠬᠦᠷᠢᠶᠡᠯᠡᠩ᠎ᠦᠨ ᠲᠡᠮᠳᠡᠭ᠌ᠯᠡᠯ》 ᠭᠡᠬᠦ ᠬᠡᠯᠡ ᠪᠢᠴᠢᠭ᠎ᠦᠨ ᠬᠢᠴᠢᠶᠡᠯ ᠤᠷᠤᠬᠤ ᠳ᠋ᠠᠭᠠᠨ ᠠᠰᠠᠭᠤᠯᠲᠠ ᠭᠠᠷᠭᠠᠵᠤ ᠬᠥᠲᠥᠯᠥᠨ ᠵᠢᠯᠣᠭᠣᠳᠴᠤ ᠬᠢᠴᠢᠶᠡᠯ ᠵᠢᠭᠠᠵᠤ ᠪᠠᠢᠯ᠎ᠠ᠃

《ᠠᠰᠠᠭᠤᠯᠳᠠ ᠭᠠᠷᠭᠠᠵᠦ ᠰᠤᠷᠤᠭ᠍ᠴᠢᠳ᠎ᠢ ᠬᠥᠲᠥᠯᠥᠨ ᠵᠢᠯᠣᠭᠣᠳᠬᠤ ᠨᠢ ᠰᠤᠷᠤᠭ᠍ᠴᠢᠳ᠎ᠢ ᠡᠷᠳᠡᠨ᠎ᠤ ᠵᠣᠬᠢᠶᠠᠯ ᠰᠤᠷᠤᠯᠴᠠᠬᠤ ᠳ᠋ᠤ ᠬᠦᠴᠢᠷᠳᠡᠬᠦ ᠦᠭᠡᠢ ᠪᠤᠯᠭᠠᠵᠤ᠂ ᠰᠡᠳᠭᠢᠬᠦ᠌ ᠴᠢᠨᠠᠷᠲᠠᠶ ᠰᠤᠷᠤᠯᠴᠠᠯᠭ᠎ᠠ ᠵᠢᠨ ᠡᠭᠦᠷᠭᠡ ᠪᠡᠷ ᠰᠤᠷᠤᠭ᠍ᠴᠢᠳ᠎ᠤᠨ ᠰᠤᠷᠤᠯᠴᠠᠬᠤ ᠰᠠᠨᠠᠭᠠᠴᠢᠯᠠᠭᠠᠲᠤ ᠴᠢᠨᠠᠷ᠎ᠢ ᠬᠥᠭ᠌ᠵᠢᠭᠡᠵᠦ᠍᠂ ᠠᠵᠢᠭ᠍ᠯᠠᠬᠤ ᠴᠢᠳᠠᠪᠤᠷᠢ᠎ᠶ᠋ᠢ ᠨᠢ ᠳᠠᠪᠲᠠᠨ ᠪᠣᠯᠪᠠᠰᠤᠷᠠᠭᠤᠯᠵᠤ ᠂ ᠪᠦᠳᠦᠮᠵᠢᠳᠡᠢ ᠰᠤᠷᠤᠯᠴᠠᠬᠤ ᠠᠷᠭ᠎ᠠ᠎ᠶ᠋ᠢ ᠡᠵᠡᠮᠱᠢᠭᠦᠯᠦᠭᠰᠡᠨ ᠪᠠᠢᠨ᠎ᠠ》 ᠭᠡᠵᠦ᠍ ᠭᠤᠤ ᠶᠠᠨ ᠬᠡᠯᠡᠪᠡ᠃

ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢ ᠠᠬᠢᠭᠤᠯᠬᠤ ᠠᠵᠢᠯ᠎ᠤᠨ ᠳᠤᠮᠳᠠ᠂ ᠪᠠᠭᠠᠷᠢᠨ ᠵᠡᠭᠦᠨ ᠬᠣᠱᠢᠭᠤᠨ᠎ᠤ ᠯᠢᠨᠳᠦ᠋ᠩ᠎ᠦᠨ ᠮᠣᠩᠭᠣᠯ ᠦᠨᠳᠦᠰᠦᠲᠡᠨ᠎ᠦ ᠳᠤᠮᠳᠠᠳᠤ ᠰᠤᠷᠭᠠᠭᠤᠯᠢ ᠪᠣᠯᠤᠨ ᠪᠠᠭᠠᠷᠢᠨ ᠵᠡᠭᠦᠨ ᠬᠣᠱᠢᠭᠤᠨ᠎ᠤ ᠯᠢᠨᠳᠦ᠋ᠩ᠎ᠦᠨ ᠲᠠᠪᠤᠳᠤᠭᠠᠷ ᠳᠤᠮᠳᠠᠳᠤ ᠰᠤᠷᠭᠠᠭᠤᠯᠢ᠂ ᠪᠠᠭᠠᠷᠢᠨ ᠵᠡᠭᠦᠨ ᠬᠣᠱᠢᠭᠤᠨ ᠎ᠤ ᠯᠢᠨᠳᠦ᠋ᠩ᠎ᠦᠨ ᠳᠣᠯᠣᠳᠤᠭᠠᠷ ᠳᠤᠮᠳᠠᠳᠤ ᠰᠤᠷᠭᠠᠭᠤᠯᠢ ᠂ ᠪᠠᠭᠠᠷᠢᠨ ᠵᠡᠭᠦᠨ ᠬᠣᠱᠢᠭᠤᠨ ᠎ᠤ ᠯᠢᠨᠳᠦ᠋ᠩ᠎ᠦᠨ ᠶᠢᠰᠦᠳᠦᠭᠡᠷ ᠳᠤᠮᠳᠠᠳᠤ ᠰᠤᠷᠭᠠᠭᠤᠯᠢ ᠠᠵᠢᠯ ᠲᠦᠷᠦᠯ᠎ᠢᠶᠡᠷ᠎ᠢᠶᠡᠨ ᠬᠠᠪᠰᠤᠷᠤᠨ ᠲᠡᠳᠬᠦᠬᠦ᠌᠂ ᠬᠣᠯᠪᠣᠭᠠᠯᠠᠨ ᠬᠠᠮᠲᠤ᠎ᠪᠠᠷ ᠪᠠᠢᠭᠤᠯᠬᠤ ᠵᠡᠷᠭᠡ ᠲᠣᠭ᠍ᠲᠠᠴᠠ᠎ᠶ᠋ᠢ ᠪᠠᠢᠭᠤᠯᠵᠤ᠂ 《 ᠰᠤᠷᠭᠠᠭᠤᠯᠢ ᠵᠢᠨ ᠬᠤᠭᠤᠷᠤᠨᠳᠤ ᠬᠠᠪᠰᠤᠷᠤᠯᠴᠠᠭ᠎ᠠ ᠪᠠᠢᠭᠤᠯᠬᠤ᠂ ᠬᠢᠴᠢᠶᠡᠯ ᠲᠦᠷᠦᠯ᠎ᠤᠨ ᠬᠠᠪᠰᠤᠷᠤᠯᠴᠠᠭ᠎ᠠ ᠪᠠᠢᠭᠤᠯᠬᠤ᠂ ᠰᠤᠷᠤᠭ᠍ᠴᠢᠳ᠎ᠢ ᠬᠠᠪᠰᠤᠷᠤᠨ ᠵᠢᠯᠤᠭᠤᠳᠬᠤ》ᠠᠷᠭ᠎ᠠ ᠬᠡᠯᠪᠡᠷᠢ᠎ᠪᠡᠷ ᠳᠠᠮᠵᠢᠭᠤᠯᠤᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠦᠷᠭᠦᠯᠵᠢᠯᠡᠨ ᠳᠡᠭᠡᠭ᠌ᠰᠢᠯᠡᠬᠦᠯᠬᠦ ᠶ᠋ᠢ ᠦᠨᠡᠨ ᠬᠦ᠌ ᠪᠠᠲᠤᠯᠠᠪᠠ᠃

《ᠭᠠᠷᠠᠭ᠎ᠤᠨ ᠳᠥᠷᠪᠡᠨ ᠪᠣᠯᠬᠤ ᠪᠦᠷᠢ ᠪᠢᠳᠡ ᠴᠥᠮ ᠠᠵᠢᠯ ᠲᠥᠷᠥᠯ᠎ᠢᠶᠡᠷ᠎ᠢᠶᠡᠨ ᠬᠠᠪᠰᠤᠷᠤᠨ ᠲᠡᠳᠬᠦᠬᠦ ᠰᠤᠷᠭᠠᠭᠤᠯᠢ᠎ᠶ᠋ᠢᠨ ᠬᠡᠯᠡ ᠪᠢᠴᠢᠭ᠂ ᠶᠣᠰᠣ ᠰᠤᠷᠲᠠᠬᠤᠨ ᠬᠢᠭᠡᠳ ᠬᠠᠤᠯᠢᠵᠢᠯ᠂ ᠲᠡᠦᠬᠡ᠎ᠶ᠋ᠢᠨ ᠪᠠᠭ᠍ᠰᠢ᠎ᠶ᠋ᠢ ᠵᠠᠯᠠᠵᠤ ᠬᠢᠴᠢᠶᠡᠯᠯᠡᠬᠦᠯᠳᠡᠭ᠂ ᠪᠠᠭ᠍ᠰᠢ᠎ᠨᠠᠷ ᠱᠣᠭ ᠶᠦᠮᠦᠷᠯᠢᠭ ᠦᠭᠡ ᠬᠡᠯᠡ᠎ᠪᠡᠷ ᠵᠢᠭᠠᠨ ᠰᠤᠷᠭᠠᠯᠲᠠ ᠬᠢᠵᠦ᠍᠂ ᠵᠢᠭᠠᠨ ᠰᠤᠷᠭᠠᠯᠲᠠ᠎ᠶ᠋ᠢᠨ ᠭᠣᠭ᠍ᠴᠣᠭ᠎ᠠ᠎ᠶ᠋ᠢ ᠠᠮᠢᠳᠤᠯᠢᠭ ᠪᠥᠭᠡᠳ ᠡᠮᠬᠢ ᠵᠢᠷᠤᠮ᠎ᠲᠠᠶ ᠲᠥᠯᠥᠪᠯᠡᠵᠤ᠂ ᠰᠤᠷᠤᠭ᠍ᠴᠢᠳ᠎ᠢ ᠪᠡᠶ᠎ᠡ᠎ᠪᠡᠨ ᠳᠠᠭᠠᠭᠠᠨ ᠰᠡᠳᠭᠢᠬᠦ᠌᠂ ᠴᠠᠭ ᠬᠢᠵᠠᠭᠠᠷᠯᠠᠨ ᠪᠣᠯᠪᠠᠰᠤᠷᠠᠬᠤ᠂ ᠦᠪᠡᠷ᠎ᠢ ᠪᠡᠨ ᠢᠯᠡᠷᠡᠬᠦᠯᠬᠦ ᠴᠠᠭ᠎ᠲᠠᠶ ᠪᠣᠯᠭᠠᠵᠤ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠰᠠᠢᠲᠤᠷ ᠰᠤᠷᠤᠯᠴᠠᠵᠤ᠂ ᠮᠡᠳᠡᠯᠭᠡ ᠪᠡᠨ ᠨᠡᠮᠡᠭ᠌ᠳᠡᠭᠦᠯᠬᠦ ᠳ᠋ᠤ ᠨᠡᠩ ᠰᠠᠢᠳᠤᠷ ᠲᠤᠰᠠᠯᠠᠨ᠎ᠠ》 ᠭᠡᠵᠦ᠍ ᠪᠠᠭᠠᠷᠢᠨ ᠵᠡᠭᠦᠨ ᠬᠣᠱᠢᠭᠤᠨ᠎ᠤ ᠯᠢᠨᠳᠦ᠋ᠩ᠎ᠦᠨ ᠮᠣᠩᠭᠣᠯ ᠦᠨᠳᠦᠰᠦᠲᠡᠨ᠎ᠦ ᠳᠤᠮᠳᠠᠳᠤ ᠰᠤᠷᠭᠠᠭᠤᠯᠢ᠎ᠶ᠋ᠢᠨ ᠨᠠᠮ᠎ᠤᠨ ᠶᠡᠷᠦᠩᠬᠡᠶ ᠡᠭᠦᠷ᠎ᠦᠨ ᠱᠦᠵᠢ ᠪᠠᠳᠠᠷᠠᠨᠭᠭᠤᠢ ᠬᠡᠯᠡᠪᠡ᠃

ᠪᠠᠭᠠᠷᠢᠨ ᠵᠡᠭᠦᠨ ᠬᠣᠱᠢᠭᠤᠨ᠎ᠤ ᠯᠢᠨᠳᠦ᠋ᠩ᠎ᠦᠨ ᠮᠣᠩᠭᠣᠯ ᠦᠨᠳᠦᠰᠦᠳᠡᠨ᠎ᠤ ᠳᠤᠮᠳᠠᠳᠤ ᠰᠤᠷᠭᠠᠭᠤᠯᠢ᠎ᠶ᠋ᠢᠨ ᠪᠠᠭ᠍ᠰᠢ ᠨᠠᠷ ᠬᠠᠪᠰᠤᠷᠤᠨ ᠲᠡᠳᠬᠦᠬᠦ᠌ ᠰᠤᠷᠭᠠᠭᠤᠯᠢ᠎ᠶ᠋ᠢᠨ ᠬᠢᠨ᠎ᠤ ᠪᠠᠶᠠᠯᠢᠭ ᠲᠤᠷᠱᠢᠯᠭ᠎ᠠ ᠲᠠᠢ ᠪᠠᠭ᠍ᠰᠢ᠎ᠨᠠᠷ ᠯᠤᠭ᠎ᠠ ᠬᠢᠴᠢᠶᠡᠯ ᠲᠦᠷᠦᠯ᠎ᠤᠨ ᠬᠠᠪᠰᠤᠷᠤᠯᠴᠠᠭ᠎ᠠ ᠪᠠᠢᠭᠤᠯᠵᠤ᠂ ᠪᠠᠭ᠍ᠰᠢ ᠱᠠᠪᠢ᠎ᠶ᠋ᠢᠨ ᠬᠠᠷᠢᠴᠠᠭ᠎ᠠ ᠪᠠᠢᠭᠤᠯᠵᠤ ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠵᠢᠭᠠᠨ ᠰᠤᠷᠭᠠᠯᠲᠠ᠎ᠶ᠋ᠢᠨ ᠲᠤᠷᠱᠢᠯᠭ᠎ᠠ᠎ᠶ᠋ᠢ ᠰᠤᠷᠤᠯᠴᠠᠨ ᠲᠦᠪᠰᠢᠨ ᠵᠢᠡᠨ ᠲᠡᠭᠡᠭᠰᠢᠯᠡᠬᠦᠯᠪᠡ᠃

《ᠬᠠᠪᠰᠤᠷᠤᠨ ᠲᠡᠳᠬᠦᠬᠦ ᠰᠤᠷᠭᠠᠭᠤᠯᠢ ᠳ᠋ᠤ ᠬᠢᠴᠢᠶᠡᠯ ᠰᠣᠨᠣᠰᠭᠤ᠂ ᠬᠢᠴᠢᠶᠡᠯ᠎ᠢ ᠲᠤᠭᠤᠷᠢᠨ ᠦᠵᠡᠬᠦ᠌᠂ ᠠᠵᠢᠯ᠎ᠤᠨ ᠪᠠᠢᠷᠢ ᠳᠠᠭᠠᠵᠤ ᠰᠤᠷᠤᠯᠴᠠᠬᠤ᠎ᠪᠠᠷ ᠳᠠᠮᠵᠢᠨ᠂ ᠪᠢ ᠮᠠᠰᠢ ᠤᠯᠠᠨ ᠲᠡᠷᠢᠭᠦᠨ᠎ᠦ ᠵᠢᠭᠠᠨ ᠰᠤᠷᠭᠠᠯᠳᠠ ᠵᠢᠨ ᠣᠢᠯᠠᠭᠠᠭ᠍ᠳᠠᠬᠤᠨ ᠪᠣᠯᠤᠨ ᠵᠢᠭᠠᠨ ᠰᠤᠷᠭᠠᠯᠳᠠ ᠵᠢᠨ ᠠᠷᠭ᠎ᠠ᠎ᠶ᠋ᠢ ᠰᠤᠷᠴᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ ᠪᠠᠨ ᠳᠡᠭᠡᠭ᠌ᠰᠢᠯᠡᠭᠦᠯᠵᠠᠢ》ᠭᠡᠵᠦ᠍ ᠪᠠᠭᠠᠷᠢᠨ ᠵᠡᠭᠦᠨ ᠬᠣᠱᠢᠭᠤᠨ᠎ᠤ ᠯᠢᠨᠳᠦ᠋ᠩ᠎ᠦᠨ ᠮᠣᠩᠭᠣᠯ ᠦᠨᠳᠦᠰᠦᠲᠡᠨ᠎ᠦ ᠳᠤᠮᠳᠠᠳᠤ ᠰᠤᠷᠭᠠᠭᠤᠯᠢ᠎ᠶ᠋ᠢᠨ ᠬᠡᠯᠡ ᠪᠢᠴᠢᠭ᠎ᠦᠨ ᠪᠠᠭ᠍ᠰᠢ ᠶᠦᠩ ᠵᠢᠶ᠍ᠸ ᠬᠡᠯᠡᠪᠡ᠃ ᠪᠠᠭᠠᠷᠢᠨ ᠵᠡᠭᠦᠨ ᠬᠣᠱᠢᠭᠤᠨ᠎ᠤ ᠯᠢᠨᠳᠦ᠋ᠩ᠎ᠦᠨ ᠮᠣᠩᠭᠣᠯ ᠦᠨᠳᠦᠰᠦᠲᠡᠨ᠎ᠦ ᠳᠤᠮᠳᠠᠳᠤ ᠰᠤᠷᠭᠠᠭᠤᠯᠢ ᠪᠠᠰᠠ ᠪᠠᠭ᠍ᠰᠢ ᠨᠠᠷ᠎ᠢ ᠲᠥᠯᠥᠪᠯᠡᠭᠡ᠎ᠲᠡᠶ᠎ᠪᠡᠷ ᠵᠣᠬᠢᠶᠠᠨ ᠪᠠᠢᠭᠤᠯᠵᠦ ᠬᠢᠴᠢᠶᠡᠯ ᠰᠣᠨᠣᠰᠭᠤ᠂ ᠬᠢᠴᠢᠶᠡᠯ ᠦᠨᠡᠯᠡᠬᠦ᠌᠂ ᠬᠢᠴᠢᠶᠡᠯ ᠵᠥᠪᠯᠡᠬᠦ᠌ ᠵᠡᠷᠭᠡ ᠵᠢᠭᠠᠨ ᠰᠤᠳᠤᠯᠬᠤ ᠠᠵᠢᠯᠯᠠᠭ᠎ᠠ᠎ᠥᠷᠨᠢᠭᠦᠯᠵᠦ᠍᠂ ᠬᠢᠴᠢᠶᠡᠯ ᠲᠥᠷᠥᠯ᠎ᠦᠨ ᠬᠠᠪᠰᠤᠷᠤᠯᠴᠠᠭ᠎ᠠ ᠪᠠᠢᠭᠤᠯᠵᠤ ᠬᠠᠪᠰᠤᠷᠤᠨ ᠲᠡᠳᠬᠦᠬᠦ᠌ ᠪᠠᠭ᠍ᠰᠢ ᠵᠢ ᠤᠷᠢᠵᠤ ᠵᠢᠭᠠᠨ ᠰᠤᠷᠭᠠᠯᠲᠠ᠎ᠶ᠋ᠢᠨ ᠦᠨᠡᠯᠡᠯᠲᠡ ᠬᠢᠯᠭᠡᠬᠦ᠌᠎ᠶ᠋ᠢᠨ ᠬᠠᠮᠲᠤ ᠲᠣᠰ ᠰᠤᠷᠭᠠᠭᠤᠯᠢ᠎ᠶ᠋ᠢᠨ᠎ᠢᠶᠠᠨ ᠪᠠᠭ᠍ᠰᠢ᠎ᠨᠠᠷ ᠯᠤᠭ᠎ᠠ ᠰᠣᠯᠢᠯᠴᠠᠭ᠎ᠠ ᠬᠢᠯᠭᠡᠵᠤ᠂ ᠣᠷᠣᠱᠢᠵᠤ ᠪᠠᠢᠭ᠎ᠠ ᠠᠰᠠᠭᠤᠳᠠᠯ ᠵᠢᠡᠨ ᠡᠷᠢᠵᠦ ᠬᠦᠷᠦᠯᠴᠡᠬᠦ᠌ ᠥᠬᠡᠶ ᠲᠠᠯ᠎ᠠ᠎ᠪᠡᠨ ᠨᠦᠬᠦᠪᠦᠷᠢᠯᠡᠵᠡᠢ᠃

ᠣᠢᠷ᠎ᠠ᠎ᠶ᠋ᠢᠨ ᠵᠢᠯ᠎ᠡᠴᠡ ᠨᠠᠭᠠᠰᠢ᠂ ᠪᠠᠭᠠᠷᠢᠨ ᠵᠡᠭᠦᠨ ᠬᠣᠱᠢᠭᠤᠨ᠎ᠤ ᠰᠤᠷᠭᠠᠨ ᠬᠥᠮᠦᠵᠢᠯ᠎ᠦᠨ ᠲᠣᠪᠴᠢᠶ᠎ᠠ ᠵᠢᠭᠠᠬᠤ ᠵᠢ ᠰᠤᠳᠤᠯᠬᠤ ᠬᠠᠪᠰᠤᠷᠤᠯᠴᠠᠭ᠎ᠠ ᠪᠠᠢᠭᠤᠯᠬᠤ ᠲᠣᠭ᠍ᠲᠠᠴᠠ᠎ᠶ᠋ᠢ ᠬᠡᠷᠡᠭ᠌ᠵᠢᠭᠦᠯᠵᠦ᠍᠂ ᠬᠣᠲᠠ ᠲᠣᠭᠣᠷᠢᠭ᠎ᠤᠨ ᠴᠢᠨᠠᠷ ᠰᠠᠢᠲᠠᠶ ᠰᠤᠷᠭᠠᠭᠤᠯᠢ ᠬᠢᠭᠡᠳ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭᠰᠠᠨ ᠰᠤᠷᠭᠠᠭᠤᠯᠢ ᠬᠤᠯᠪᠤᠭᠠᠯᠠᠨ ᠬᠠᠮᠲᠤ᠎ᠪᠠᠷ ᠪᠠᠢᠭᠤᠯᠬᠤ ᠲᠣᠭ᠍ᠲᠠᠴᠠ᠎ᠶ᠋ᠢ ᠴᠢᠨᠠᠬᠰᠢᠳᠠ ᠲᠡᠭᠦᠯᠳᠡᠷᠵᠢᠭᠦᠯᠵᠦ᠍᠂ ᠴᠢᠨᠠᠷ ᠰᠠᠢᠲᠠᠶ ᠰᠤᠷᠭᠠᠭᠤᠯᠢ᠎ᠶ᠋ᠢᠨ ᠭᠤᠤᠯᠯᠠᠭ᠍ᠴᠢ ᠪᠠᠭ᠍ᠰᠢ ᠬᠢᠭᠡᠳ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠪᠠᠭ᠍ᠰᠢ ᠵᠢᠨ ᠬᠠᠪᠰᠤᠷᠤᠯᠴᠠᠭ᠎ᠠ ᠪᠠᠢᠭᠤᠯᠬᠤ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ 《ᠬᠠᠷᠠᠭᠠᠯᠵᠠᠬᠰᠠᠨ ᠬᠠᠪᠰᠤᠷᠤᠯᠴᠠᠭ᠎ᠠ ᠪᠠᠢᠭᠤᠯᠬᠤ》 ᠂ 《 ᠨᠢᠭᠡ ᠬᠢᠴᠢᠶᠡᠯ ᠳ᠋ᠤ ᠬᠣᠶᠠᠷ ᠲᠦᠰᠦᠯ ᠲᠠᠢ ᠪᠠᠢᠬᠤ》 ᠠᠷᠭ᠎ᠠ ᠬᠡᠯᠪᠡᠷᠢ᠎ᠶ᠋ᠢ ᠠᠪᠴᠤ᠌᠂ ᠬᠢᠴᠢᠶᠡᠯ ᠪᠡᠯᠡᠳᠭᠡᠵᠦ᠍ ᠬᠠᠪᠰᠤᠷᠤᠨ ᠵᠢᠯᠣᠭᠣᠳᠭᠤ᠂ ᠬᠢᠴᠢᠶᠡᠯ ᠣᠷᠣᠵᠤ ᠬᠢᠴᠢᠶᠡᠯ ᠦᠨᠡᠯᠡᠬᠦ᠌᠂ ᠬᠢᠴᠢᠶᠡᠯ᠎ᠦᠨ ᠵᠢᠱ᠌ᠢᠶ᠎ᠡ᠎ᠵᠢ ᠰᠤᠳᠤᠯᠬᠤ᠂ ᠵᠢᠭᠠᠬᠤ ᠮᠠᠲ᠋ᠧᠷᠢᠶᠠᠯ᠎ᠤᠨ ᠲᠠᠢᠯᠤᠮᠵᠢ ᠵᠡᠷᠭᠡ ᠭᠣᠭ᠍ᠴᠣᠭ᠎ᠠ ᠵᠢᠨ ᠲᠤᠭᠤᠷᠢᠨ ᠳ᠋ᠤ ᠬᠠᠮᠲᠤ᠎ᠪᠠᠷ ᠵᠢᠭᠠᠨ ᠰᠤᠷᠭᠠᠬᠤ ᠠᠵᠢᠯᠯᠠᠭ᠎ᠠ ᠦᠷᠨᠢᠬᠦᠯᠵᠦ᠂ ᠬᠠᠷᠢᠯᠴᠠᠨ ᠬᠠᠪᠰᠤᠷᠤᠯᠴᠠᠵᠤ ᠰᠣᠯᠢᠯᠴᠠᠭ᠎ᠠ ᠬᠢᠵᠦ᠍ ᠬᠠᠮᠲᠤ᠎ᠪᠠᠷ ᠠᠱᠢᠭ ᠭᠥᠷᠳᠡᠬᠦ᠌᠎ᠶ᠋ᠢ ᠪᠡᠶᠡᠯᠡᠭᠦᠯᠪᠡ᠃

ᠣᠳᠣᠬᠠᠨ ᠪᠣᠯᠲᠠᠯ᠎ᠠ᠂ ᠪᠠᠭᠠᠷᠢᠨ ᠵᠡᠭᠦᠨ ᠬᠣᠱᠢᠭᠤᠨ᠎ᠤ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ 6 ᠰᠤᠷᠭᠠᠭᠤᠯᠢ ᠨᠢ ᠬᠤᠲᠠ ᠲᠣᠭᠣᠷᠢᠭ᠎ᠤᠨ ᠴᠢᠨᠠᠷ ᠰᠠᠢᠳᠠᠢ 12 ᠳᠤᠮᠳᠠᠳᠤ ᠪᠠᠭ᠎ᠠ ᠰᠤᠷᠭᠠᠭᠤᠯᠢ᠎ᠲᠠᠶ ᠠᠵᠢᠯ ᠲᠦᠷᠦᠯ᠎ᠢᠶᠡᠷ᠎ᠢᠶᠡᠨ ᠬᠠᠪᠰᠤᠷᠤᠨ ᠲᠡᠳᠬᠦᠬᠦ᠌᠂ ᠬᠣᠯᠪᠣᠭᠠᠯᠠᠨ ᠬᠠᠮᠲᠤ᠎ᠪᠠᠷ ᠪᠠᠢᠭᠤᠯᠬᠤ ᠲᠣᠭ᠍ᠲᠠᠴᠠ᠎ᠶ᠋ᠢ ᠪᠠᠢᠭᠤᠯᠵᠤ᠂ ᠰᠤᠷᠤᠯᠭ᠎ᠠ᠎ᠶ᠋ᠢᠨ ᠬᠤᠭᠤᠴᠠᠭ᠎ᠠ ᠪᠦᠷᠢ᠎ᠳᠦ ᠬᠠᠷᠢᠯᠴᠠᠨ ᠪᠠᠭ᠍ᠰᠢ ᠲᠣᠮᠢᠯᠠᠵᠤ᠂ 120 ᠭᠠᠷᠤᠢ ᠬᠥᠮᠦᠨ ᠤᠳᠠᠭ᠎ᠠ ᠬᠠᠪᠰᠤᠷᠤᠯᠴᠠᠭ᠎ᠠ ᠪᠠᠢᠭᠤᠯᠵᠤ ᠵᠢᠭᠠᠬᠤ ᠵᠢ ᠰᠤᠳᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面