2024-07-22 11:01:35
ᠣᠢᠷ᠎ᠠ᠎ᠳᠤ᠂ ᠥᠪᠡᠷᠮᠢᠴᠡ ᠣᠨᠴᠠᠯᠢᠭ ᠪᠦᠬᠦᠢ ᠤᠷᠠᠨ ᠪᠢᠴᠢᠯᠭᠡ᠎ᠶ᠋ᠢᠨ ᠤᠷᠤᠯᠳᠤᠭᠠᠨ ᠦᠬᠠᠶ ᠬᠣᠲᠠ᠎ᠶ᠋ᠢᠨ ᠬᠠᠢ᠌ᠷᠤᠪ᠎ᠤᠨ ᠲᠣᠬᠣᠶ ᠲᠣᠭᠣᠷᠢᠭ᠎ᠤᠨ ᠳᠥᠷᠪᠡᠳᠦᠭᠡᠷ ᠪᠠᠭ᠎ᠠ ᠰᠤᠷᠭᠠᠭᠤᠯᠢ ᠵᠢᠨ ᠲᠠᠮᠢᠷ᠎ᠤᠨ ᠲᠠᠯᠠᠪᠠᠢ᠎ᠳᠤ ᠶᠠᠪᠤᠭᠳᠠᠵᠤ᠂ ᠪᠦᠬᠦ᠌ ᠪᠠᠭ᠍ᠰᠢ ᠰᠤᠷᠤᠭ᠍ᠴᠢᠳ ᠬᠠᠮᠳᠤ ᠪᠡᠷ ᠤᠷᠤᠯᠴᠠᠭᠰᠠᠨ ᠪᠠᠢᠨ᠎ᠠ᠃
ᠪᠠᠭ᠍ᠰᠢ ᠰᠤᠷᠤᠭ᠍ᠴᠢᠳ ᠲᠥᠪ ᠰᠠᠭᠤᠵᠤ᠂ ᠪᠦᠬᠦ᠌ ᠠᠩᠬᠠᠷᠤᠯ᠎ᠢᠶᠠᠨ ᠲᠥᠪᠯᠡᠷᠡᠭᠦᠯᠵᠦ᠍᠂ ᠦᠰᠦᠨ ᠪᠢᠷ ᠠᠳᠭᠤᠨ ᠲᠤᠷᠭᠠᠨ ᠴᠠᠭᠠᠰᠤᠨ ᠲᠡᠭᠡᠷ᠎ᠡ ᠨᠢᠭᠡ ᠵᠢᠷᠤᠯᠭ᠎ᠠ ᠨᠢᠭᠡ ᠲᠠᠳᠠᠯᠠᠭ᠎ᠠ ᠪᠡᠷ ᠨᠠᠷᠢᠨ ᠬᠢᠨᠠᠮᠠᠭᠠᠢ ᠪᠢᠴᠢᠨ᠎ᠡ᠃ ᠤᠳᠠᠯ ᠦᠭᠡᠢ ᠲᠦᠪᠯᠡᠬᠦᠨ ᠰᠠᠢᠬᠠᠨ ᠤᠷᠠᠨ ᠪᠢᠴᠢᠯᠭᠡ᠎ᠶ᠋ᠢᠨ ᠪᠦᠲᠦᠭᠡᠯ᠎ᠦᠳ ᠲᠡᠯᠭᠡᠭᠳᠡᠵᠦ᠍᠂ ᠬᠢᠲᠠᠳ ᠦᠰᠦᠭ᠎ᠦᠨ ᠭᠤᠤ᠎ᠠ ᠰᠠᠢᠬᠠᠨ᠎ᠢ ᠢᠯᠡᠷᠡᠬᠦᠯᠵᠦ᠂ ᠬᠢᠲᠠᠳ ᠦᠰᠦᠭ᠎ᠦᠨ ᠲᠤᠬᠠᠢ ᠰᠤᠷᠤᠭ᠍ᠴᠢᠳ᠎ᠤᠨ ᠣᠢᠯᠠᠭᠠᠯᠲᠠ᠎ᠶ᠋ᠢ ᠭᠦᠨᠵᠡᠭᠡᠢᠷᠡᠭᠦᠯᠦᠭ᠌ᠰᠡᠨᠲᠡᠳᠦᠢ ᠦᠭᠡᠢ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠷᠢᠳᠢ ᠰᠢᠳᠢ ᠵᠢ ᠴᠢᠨᠠᠭᠰᠢᠳᠠ ᠪᠠᠳᠠᠷᠠᠭᠤᠯᠪᠠ᠃
ᠬᠠᠢ᠌ᠷᠤᠪ᠎ᠤᠨ ᠲᠤᠬᠤᠢ ᠲᠣᠭᠣᠷᠢᠭ᠎ᠤᠨ ᠳᠥᠷᠪᠡᠳᠦᠭᠡᠷ ᠪᠠᠭ᠎ᠠ ᠰᠤᠷᠭᠠᠭᠤᠯᠢ᠎ᠶ᠋ᠢᠨ ᠵᠠᠬᠢᠷᠤᠯ ᠸᠠᠩ ᠢᠦᠢ ᠴᠢᠩ᠂ ᠡᠩ᠎ᠦᠨ ᠦᠶ᠎ᠡ᠎ᠳᠦ ᠰᠤᠷᠭᠠᠭᠤᠯᠢ ᠡᠴᠡ ᠤᠷᠠᠨ ᠪᠢᠴᠢᠯᠭᠡ ᠵᠢᠨ ᠤᠷᠤᠯᠳᠤᠭᠠᠨ᠂ 《ᠪᠣᠳᠠᠰ᠎ᠤᠨ ᠪᠤᠰᠤ ᠰᠣᠶᠣᠯ᠎ᠤᠨ ᠥᠪ》᠂ 《ᠬᠢᠲᠠᠳ ᠦᠰᠦᠭ᠎ᠦᠨ ᠤᠯᠠᠷᠢᠯ ᠬᠤᠪᠢᠰᠤᠯ》᠎ᠢ᠋ ᠰᠡᠢᠯᠬᠦ ᠵᠡᠷᠭᠡ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠬᠦ᠌᠎ᠪᠡᠷ ᠳᠠᠮᠵᠢᠭᠤᠯᠤᠨ᠂ ᠰᠤᠷᠤᠭ᠍ᠴᠢᠳ᠎ᠤᠨ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠠᠴᠠ ᠤᠶᠤᠨ ᠤᠬᠠᠭᠠᠨ᠎ᠤ ᠰᠢᠮ᠎ᠡ ᠬᠦᠷᠳᠡᠵᠦ᠂ ᠰᠣᠶᠣᠯ᠎ᠤᠨ ᠢᠲᠡᠭᠡᠯ᠎ᠢᠶᠡᠨ ᠨᠡᠮᠡᠭ᠌ᠳᠡᠭᠦᠯᠬᠦ᠌ ᠳ᠋ᠤ ᠬᠦᠴᠦᠨ ᠨᠡᠮᠡᠷᠢᠯᠡᠬᠦ ᠵᠢᠨ ᠬᠠᠮᠲᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠨᠡᠩ ᠰᠠᠢᠲᠤᠷ ᠰᠤᠷᠤᠯᠴᠠᠨ ᠬᠡᠷᠡᠭ᠌ᠯᠡᠬᠦ᠌᠎ᠳᠦ ᠲᠠᠪᠴᠠᠩ ᠬᠠᠩᠭᠠᠵᠤ ᠦᠭᠴᠦ ᠪᠤᠢ ᠬᠡᠪᠡ᠃
ᠤᠢ᠍ᠢᠷ᠎ᠠ᠎ᠶ᠋ᠢᠨ ᠵᠢᠯ᠎ᠡᠴᠡ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠢ ᠰᠠᠢᠲᠤᠷ ᠬᠢᠬᠦ᠌᠎ᠶ᠋ᠢᠨ ᠲᠥᠯᠥᠭᠡ᠂ ᠬᠠᠢ᠌ᠷᠤᠪ᠎ᠤᠨ ᠲᠤᠬᠤᠢ ᠲᠣᠭᠣᠷᠢᠭ᠎ᠤᠨ ᠳᠥᠷᠪᠡᠳᠦᠭᠡᠷ ᠪᠠᠭ᠎ᠠ ᠰᠤᠷᠭᠠᠭᠤᠯᠢ ᠬᠢᠴᠢᠶᠡᠯ᠎ᠦᠨ ᠲᠤᠬᠢᠷᠠᠭᠤᠯᠤᠯᠳᠠ᠂ ᠠᠵᠢᠯᠯᠠᠭ᠎ᠠ ᠦᠷᠨᠢᠭᠦᠯᠬᠦ᠂ ᠰᠤᠷᠭᠠᠭᠤᠯᠢ᠎ᠶ᠋ᠢᠨ ᠬᠦᠷᠢᠶᠡᠨ᠎ᠦ ᠣᠷᠴᠢᠨ ᠲᠣᠭᠣᠷᠢᠨ᠎ᠢ ᠴᠣᠭ᠍ᠴᠠᠯᠠᠬᠤ ᠲᠠᠯ᠎ᠠ᠎ᠪᠠᠷ ᠴᠥᠮ ᠶᠡᠭᠡᠭᠡᠨ ᠬᠦᠴᠦ᠍ ᠣᠷᠣᠭᠤᠯᠪᠠ᠃ 《ᠭᠤᠤᠯᠯᠠᠭ᠍ᠴᠢ ᠪᠠᠭ᠍ᠰᠢ᠎ᠶ᠋ᠢᠨ ᠦᠵᠡᠭᠦᠯᠭᠡ᠎ᠶ᠋ᠢᠨ ᠬᠢᠴᠢᠶᠡᠯ》᠂ 《ᠬᠢᠴᠢᠶᠡᠯ ᠲᠥᠷᠥᠯ᠎ᠦᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠡᠯᠡ ᠪᠢᠴᠢᠭ᠎ᠦᠨ ᠬᠢᠴᠢᠶᠡᠯ᠎ᠤᠨ ᠰᠤᠳᠤᠯᠤᠨ ᠶᠠᠷᠢᠯᠴᠠᠬᠤ ᠬᠢᠴᠢᠶᠡᠯ》᠂ 《ᠨᠣᠮ ᠪᠢᠴᠢᠭ ᠵᠢᠡᠷ ᠪᠠᠭᠠᠴᠤᠳ᠎ᠢ ᠰᠤᠶᠤᠨ ᠭᠡᠭᠡᠷᠡᠭᠦᠯᠬᠦᠢ — ᠬᠠᠮᠤᠭ᠎ᠤᠨ ᠭᠣᠶᠣ ᠪᠠᠭ᠍ᠰᠢ᠎ᠶ᠋ᠢ ᠲᠠᠨᠢᠯᠴᠠᠭᠤᠯᠬᠤ ᠵᠠᠬᠢᠳᠠᠯ᠎ᠤᠨ ᠠᠳᠠᠯᠢᠳᠭᠠᠨ ᠱᠢᠯᠭᠠᠷᠠᠭᠤᠯᠤᠯᠳᠠ》᠂ 《ᠦᠵᠦᠮ ᠬᠡᠦᠬᠡᠳ ᠥᠯᠢᠭᠡᠷ ᠶᠠᠷᠢᠬᠤᠢ》᠂ 《ᠠᠨᠠᠷ᠎ᠤᠨ ᠦᠷ᠎ᠡ ᠴᠤᠪᠤᠷᠠᠯ ᠨᠤᠮ᠎ᠢ ᠤᠩᠱᠢᠭ᠍ᠰᠠᠨ ᠲᠥᠷᠥᠭ᠌ᠳᠡᠯ》 ᠵᠡᠷᠭᠡ ᠠᠵᠢᠯᠯᠠᠭ᠎ᠠ ᠵᠢ ᠥᠷᠨᠢᠭᠦᠯᠬᠦ᠌ ᠪᠡᠷ ᠳᠠᠮᠵᠢᠭᠤᠯᠤᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠬᠡᠯᠡ ᠪᠢᠴᠢᠭ᠎ᠦᠨ ᠬᠢᠴᠢᠶᠡᠯ᠂ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠦᠨ ᠪᠠᠢᠭᠤᠯᠤᠯᠲᠠ᠂ ᠨᠣᠮ ᠤᠩᠱᠢᠯᠭ᠎ᠠ ᠵᠢᠨ ᠨᠠᠢᠷ᠂ ᠬᠡᠯᠡ ᠶᠠᠷᠢᠶᠠᠨ᠎ᠤ ᠢᠯᠡᠳᠭᠡᠬᠦ᠌ ᠴᠢᠳᠠᠪᠤᠷᠢ ᠵᠢᠨ ᠲᠤᠰᠭᠠᠶ ᠰᠡᠳᠦᠪᠲᠦ ᠪᠣᠯᠪᠠᠰᠤᠷᠠᠯ᠂ ᠭᠤᠤᠯ ᠰᠡᠳᠦᠪᠲᠦ ᠤᠩᠱᠢᠯᠭ᠎ᠠ ᠵᠡᠷᠭᠡ ᠠᠵᠢᠯᠯᠠᠭ᠎ᠠ᠎ᠲᠠᠶ ᠨᠢᠭ᠍ᠲᠠ ᠤᠶᠠᠯᠳᠤᠭᠤᠯᠵᠤ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠰᠠᠢᠲᠤᠷ ᠰᠤᠷᠤᠯᠴᠠᠬᠤ᠎ᠳᠤ ᠪᠠᠲᠤ ᠪᠠᠬᠢ ᠰᠠᠭᠤᠷᠢ ᠵᠢ ᠲᠠᠯᠪᠢᠵᠤ ᠦᠭᠪᠡ᠃
ᠰᠤᠷᠭᠠᠭᠤᠯᠢ ᠡᠴᠡ 《ᠳᠤᠮᠳᠠᠳᠤ᠎ᠶ᠋ᠢᠨ ᠦᠨᠳᠦᠰᠦᠲᠡᠨ ᠨᠢᠭᠡ ᠬᠡᠷ᠎ᠦᠨ ᠬᠥᠮᠦᠨ ᠮᠡᠲᠦ ᠳᠣᠲᠣᠨᠣ·ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠦᠶ᠎ᠡ》᠂ 《ᠠᠨᠠᠷ᠎ᠤᠨ ᠴᠡᠴᠡᠭᠨᠠᠮ ᠵᠢᠡᠨ ᠲᠠᠭᠠᠨ᠎ᠠ》᠂ 《ᠬᠤᠪᠢᠰᠭᠠᠯᠳᠤ ᠵᠣᠷᠢᠭ ᠰᠠᠨᠠᠭ᠎ᠠ᠎ᠶ᠋ᠢ ᠡᠭᠦᠷᠢᠳᠡ ᠮᠠᠷᠲᠠᠬᠤ ᠥᠬᠡᠶ》 ᠵᠡᠷᠭᠡ ᠭᠤᠤᠯ ᠰᠡᠳᠦᠪᠲᠦ ᠤᠷᠠᠨ ᠲᠣᠳᠣ ᠤᠩᠱᠢᠯᠭ᠎ᠠ ᠵᠢᠨ ᠠᠵᠢᠯᠯᠠᠭ᠎ᠠ ᠥᠷᠨᠢᠭᠦᠯᠬᠦ᠌᠎ᠪᠡᠷ ᠳᠠᠮᠵᠢᠭᠤᠯᠤᠨ᠂ ᠰᠤᠷᠤᠭ᠍ᠴᠢᠳ᠎ᠤᠨ ᠬᠡᠯᠡ ᠶᠠᠷᠢᠶ᠎ᠠ ᠵᠢ ᠪᠠᠷᠢᠮᠵᠢᠶᠠᠵᠢᠭᠤᠯᠤᠨ᠂ ᠤᠯᠤᠰ᠎ᠤᠨ ᠨᠡᠢᠳᠡᠮ᠎ᠬᠡᠷᠡᠭᠯᠡᠬᠦ ᠦᠭᠡᠬᠡᠯᠡ ᠦᠰᠦᠭ ᠪᠢᠴᠢᠭ᠎ᠢ ᠰᠠᠢᠲᠤᠷ ᠬᠡᠷᠡᠭᠯᠡᠬᠦ ᠵᠢ ᠠᠬᠢᠭᠤᠯᠪᠠ᠃ ᠡᠭᠦᠨ᠎ᠦ ᠬᠠᠮᠲᠤ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠬᠤ》 ᠵᠠᠬᠢᠳᠠᠯ᠎ᠤᠨ ᠤᠷᠤᠯᠳᠤᠭᠠᠨ᠎ᠢ ᠵᠣᠬᠢᠶᠠᠨ ᠪᠠᠢᠭᠤᠯᠤᠨ᠂ 《ᠬᠠᠮᠤᠭ᠎ᠤᠨ ᠭᠣᠶᠣ ᠪᠠᠭ᠍ᠰᠢ᠎ᠶ᠋ᠢᠨ ᠲᠠᠨᠢᠯᠴᠠᠭᠤᠯᠭ᠎ᠠ》᠂ 《ᠮᠢᠨᠦ᠍ ᠳᠡᠷᠭᠡᠳᠡᠬᠢ ᠪᠣᠯᠪᠠᠰᠤᠨ᠎ᠤ ᠡᠯᠴᠢ》 ᠪᠡᠷ ᠭᠤᠤᠯ ᠰᠡᠳᠦᠪ ᠪᠣᠯᠭᠠᠬᠰᠠᠨ ᠵᠣᠬᠢᠶᠠᠯ ᠡᠯᠰᠡᠬᠦ᠌ ᠤᠷᠤᠯᠳᠤᠭᠠᠨ᠎ᠤ ᠠᠵᠢᠯᠯᠠᠭ᠎ᠠ ᠥᠷᠨᠢᠭᠦᠯᠵᠦ᠍᠂ ᠰᠤᠷᠤᠭ᠍ᠴᠢᠳ᠎ᠤᠨ ᠵᠣᠬᠢᠶᠠᠨ ᠪᠢᠴᠢᠬᠦ᠌ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠬᠤ᠎ᠶ᠋ᠢ ᠬᠥᠲᠥᠯᠥᠨ ᠵᠢᠯᠣᠭᠣᠳᠴᠤ᠌᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠯᠲᠡ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠪᠡ᠃ ᠤᠷᠠᠨ ᠪᠢᠴᠢᠯᠭᠡ᠂ ᠤᠷᠠᠨ ᠵᠢᠷᠤᠭ᠂ ᠬᠥᠳᠡᠯᠮᠦᠷᠢ᠂ ᠵᠣᠬᠢᠶᠠᠨ ᠪᠢᠴᠢᠯᠭᠡ ᠵᠡᠷᠭᠡ ᠤᠯᠠᠨ ᠱᠢᠨᠵᠢᠯᠡᠭᠡᠨ᠎ᠦ ᠰᠠᠯᠠᠭ᠎ᠠ᠎ᠶ᠋ᠢ ᠠᠭᠤᠰᠤᠯᠴᠠᠭᠤᠯᠵᠤ᠂ ᠪᠤᠰᠤᠭ᠎ᠠ ᠴᠤᠬᠴᠠᠳᠤ ᠰᠤᠷᠤᠯᠴᠠᠯᠭ᠎ᠠ ᠵᠢᠨ ᠲᠤᠮᠳᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠷᠢᠳᠢ ᠱᠢᠳᠢ᠎ᠶ᠋ᠢ ᠢᠯᠡᠷᠡᠬᠦᠯᠪᠡ᠃
ᠡᠳᠦᠷ ᠪᠦᠷᠢ᠎ᠶ᠋ᠢᠨ ᠦᠳᠡ᠎ᠶ᠋ᠢᠨ ᠬᠣᠢᠨ᠎ᠠ ᠬᠢᠴᠢᠶᠡᠯ ᠣᠷᠣᠬᠤ᠎ᠠᠴᠠ ᠡᠮᠦᠨᠡᠬᠢ 10 ᠮᠢᠨᠦ᠋ᠲ᠎ᠲᠦ᠂ ᠠᠩᠭᠢ ᠨᠢᠭᠡᠪᠦᠷᠢ ᠵᠢ ᠡᠭᠡᠯᠵᠢ ᠪᠡᠷ 《ᠡᠳᠦᠷ ᠪᠦᠷᠢ᠎ᠶ᠋ᠢᠨ ᠨᠡᠪᠲᠡᠷᠡᠭᠦᠯᠭᠡ》 ᠥᠪᠡᠷᠮᠢᠴᠡ ᠣᠨᠴᠠᠯᠢᠭᠳᠤ ᠳᠡᠯᠭᠡᠨ ᠦᠵᠡᠭᠦᠯᠬᠦ᠌ ᠠᠵᠢᠯᠯᠠᠭ᠎ᠠ᠎ᠳᠤ ᠣᠷᠣᠯᠴᠠᠭᠤᠯᠵᠤ᠂ ᠥᠯᠢᠭᠡᠷ ᠶᠠᠷᠢᠬᠤ᠂ ᠤᠷᠠᠨ ᠤᠩᠱᠢᠯᠭ᠎ᠠ᠂ ᠰᠣᠨᠢᠨ ᠮᠡᠳᠡᠭᠡ ᠨᠡᠪᠲᠡᠷᠡᠭᠦᠯᠬᠦ᠌ ᠵᠡᠷᠭᠡ ᠬᠡᠯᠪᠡᠷᠢ᠎ᠪᠡᠷ ᠶᠠᠷᠢᠶᠠᠨ᠎ᠤ ᠬᠡᠯᠡᠨ᠎ᠦ ᠪᠣᠯᠪᠠᠰᠤᠷᠠᠯ ᠬᠢᠯᠭᠡᠵᠦ᠍᠂ ᠰᠤᠷᠤᠭ᠍ᠴᠢᠳ᠎ᠤᠨ ᠵᠥᠪ ᠪᠥᠭᠡᠳ ᠵᠢᠷᠤᠮᠵᠢᠭᠤᠨ᠂ ᠵᠦᠶ ᠵᠣᠬᠢᠰᠲᠠᠶ᠎ᠪᠠᠷ ᠢᠯᠡᠳᠭᠡᠬᠦ ᠵᠢ ᠬᠥᠲᠥᠯᠥᠨ ᠵᠢᠯᠣᠭᠣᠳᠪᠠ᠃ ᠡᠭᠦᠨ᠎ᠦ ᠬᠠᠮᠲᠤ᠂ ᠦᠭᠡ ᠬᠡᠯᠡ ᠦᠰᠦᠭ ᠪᠢᠴᠢᠭ᠎ᠦᠨ ᠠᠵᠢᠯ᠎ᠢ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠎ᠤᠨ ᠪᠠᠢᠭᠤᠯᠤᠯᠲᠠ᠎ᠲᠠᠶ ᠤᠶᠠᠯᠳᠤᠭᠤᠯᠵᠤ᠂ ᠰᠤᠷᠭᠠᠭᠤᠯᠢ᠎ᠶ᠋ᠢᠨ ᠵᠢᠭᠠᠨ ᠰᠤᠷᠭᠠᠯᠲᠠ᠎ᠶ᠋ᠢᠨ ᠠᠰᠠᠷ ᠳᠡᠭᠡᠷ᠎ᠡ 《ᠲᠥᠪ ᠴᠢᠬᠡᠴᠢ ᠬᠥᠮᠦᠨ ᠪᠤᠯᠵᠤ᠂ ᠵᠢᠷᠤᠮᠵᠢᠭᠤᠨ ᠰᠠᠢᠬᠠᠨ ᠦᠰᠦᠭ ᠪᠢᠴᠢᠬᠦ᠌》 ᠤᠬᠠᠭᠤᠯᠭ᠎ᠠ ᠵᠢᠨ ᠦᠭᠡᠰ᠎ᠢ ᠨᠠᠭᠠᠭ᠍ᠰᠠᠨ᠎ᠢᠶᠠᠷ ᠪᠠᠷᠠᠬᠤ ᠦᠭᠡᠢ᠂ ᠵᠢᠭᠠᠨ ᠰᠤᠷᠭᠠᠯᠲᠠ᠎ᠶ᠋ᠢᠨ ᠠᠰᠠᠷ᠎ᠤᠨ ᠬᠤᠩᠭᠢᠯ᠎ᠤᠨ ᠣᠷᠣᠨ ᠵᠠᠢ᠂ ᠬᠢᠴᠢᠶᠡᠯ᠎ᠦᠨ ᠭᠡᠷ᠎ᠦᠨ ᠡᠭᠦᠳᠡᠨ ᠡᠮᠦᠨ᠎ᠡ ᠴᠥᠮ 《ᠵᠢᠷᠤᠮᠵᠢᠭᠰᠡᠨ ᠬᠢᠲᠠᠳ ᠦᠰᠦᠭ ᠪᠢᠴᠢᠳᠦᠭᠡᠢ》 ᠭᠡᠬᠦ᠌ ᠮᠡᠳᠦ ᠵᠢᠨ ᠤᠬᠠᠭᠤᠯᠭ᠎ᠠ᠎ᠶ᠋ᠢᠨ ᠦᠭᠡᠰ ᠨᠠᠭᠠᠵᠠᠢ᠃ ᠡᠳᠡᠭᠡᠷ ᠤᠬᠠᠭᠤᠯᠭ᠎ᠠ᠎ᠶ᠋ᠢᠨ ᠦᠭᠡᠰ ᠨᠢ ᠪᠦᠬᠦ᠌ ᠪᠠᠭ᠍ᠰᠢ ᠰᠤᠷᠤᠭ᠍ᠴᠢᠳ᠎ᠲᠤ ᠵᠢᠷᠤᠮᠵᠢᠭᠰᠠᠨ ᠬᠡᠯᠡ ᠬᠡᠷᠡᠭ᠌ᠯᠡᠭᠡᠨᠢ ᠠᠩᠬᠠᠷᠬᠤ᠎ᠶ᠋ᠢ ᠴᠠᠭ ᠢᠮᠠᠭ᠍ᠲᠠ ᠰᠠᠨᠠᠭᠤᠯᠵᠤ ᠪᠠᠢᠳᠠᠭ᠃ ᠰᠤᠷᠭᠠᠭᠤᠯᠢ ᠡᠴᠡ ᠪᠠᠰᠠ 《ᠵᠢᠨ ᠶᠤᠸᠠᠢ ᠵᠠᠶ ᠤᠷᠠᠨ ᠪᠢᠴᠢᠯᠭᠡ ᠤᠷᠠᠯᠢᠭ᠎ᠤᠨ ᠣᠷᠳᠣ ᠬᠣᠩᠭᠢᠯ》 ᠢ᠋ ᠪᠠᠢᠭᠤᠯᠵᠤ᠂ ᠪᠠᠭ᠍ᠰᠢ ᠰᠤᠷᠤᠭ᠍ᠴᠢᠳ᠎ᠤᠨ ᠡᠯ᠎ᠡ ᠵᠦᠢᠯ᠎ᠦᠨ ᠤᠷᠠᠨ ᠪᠢᠴᠢᠯᠭᠡ᠎ᠶ᠋ᠢᠨ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠵᠦ᠍᠂ ᠰᠤᠷᠭᠠᠭᠤᠯᠢ᠎ᠶ᠋ᠢᠨ ᠦᠭᠡ ᠬᠡᠯᠡ ᠥᠰᠥᠭ ᠪᠢᠴᠢᠭ᠎ᠦᠨ ᠵᠢᠷᠤᠮᠵᠢᠭᠤᠯᠤᠯᠳᠠ ᠵᠢ ᠠᠬᠢᠭᠤᠯᠵᠤ᠂ ᠰᠤᠷᠭᠠᠭᠤᠯᠢ᠎ᠶ᠋ᠢᠨ ᠪᠠᠰᠠ ᠨᠢᠭᠡᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠵᠢᠷᠤᠭ᠎ᠢ ᠪᠦᠷᠢᠯᠳᠦᠬᠦᠯᠦᠭᠰᠡᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃