2024-02-05 11:26:35
ᠠᠭᠤᠷ ᠠᠮᠢᠰᠭᠤᠯ ᠬᠠᠬᠢᠷ ᠬᠦᠶ᠋ᠲᠡᠨ ᠪᠠᠢᠭᠰᠠᠨ ᠴᠦ᠍ ᠣᠷᠳᠣᠰ ᠬᠣᠲᠠ᠎ᠶ᠋ᠢᠨ ᠦᠦᠱᠢᠨ ᠬᠣᠱᠢᠭᠤᠨ᠎ᠤ ᠭᠠᠯᠠᠭᠤᠲᠤ ᠰᠤᠷᠭᠠᠭᠤᠯᠢ᠎ᠶ᠋ᠢᠨ ᠲᠠᠮᠢᠷ᠎ᠤᠨ ᠲᠠᠯᠠᠪᠠᠶ ᠳ᠋ᠤ ᠬᠥᠷ ᠬᠥᠭ᠌ᠵᠢᠶᠡᠨ᠎ᠢᠶᠡᠷ ᠪᠢᠯᠬᠠᠵᠤ᠂ ᠰᠤᠷᠤᠭ᠍ᠴᠢᠳ ᠶᠠᠭ 《ᠮᠢᠩᠭᠠᠨ ᠥᠰᠥᠭ᠎ᠦᠨ ᠰᠤᠷᠭᠠᠯ》ᠦ᠋ᠨ ᠦᠱᠦ ᠲᠠᠮᠢᠷ᠎ᠢ ᠪᠤᠯᠪᠠᠰᠤᠷᠠᠬᠤ ᠳ᠋ᠠᠭᠠᠨ᠂ 《ᠲᠩᠷᠢ ᠭᠠᠵᠠᠷ᠂ ᠣᠷᠴᠢᠯᠠᠩ ᠶᠢᠷᠳᠢᠨᠴᠤ ᠵᠢᠨ ᠶᠡᠬᠡ ᠨᠢᠭᠤᠴᠠᠭᠠᠢ ᠁》 ᠬᠡᠮᠡᠨ 《ᠮᠢᠩᠭᠠᠨ ᠥᠰᠥᠭ᠎ᠦᠨ ᠰᠤᠷᠭᠠᠯ》 ᠢ᠋ ᠤᠩᠱᠢᠵᠤ᠂ ᠤᠯᠠᠮᠵᠢᠯᠠᠯᠲᠤ ᠰᠣᠶᠣᠯ ᠪᠣᠯᠤᠨ ᠬᠥᠳᠡᠯᠭᠡᠭᠡᠨ᠎ᠢ ᠪᠦᠷᠢᠨ ᠲᠡᠭᠦᠯᠳᠡᠷ ᠠᠭᠤᠰᠤᠯᠴᠠᠭᠤᠯᠵᠤ᠂ ᠱᠢᠨ᠎ᠡ ᠴᠠᠭ ᠦᠶ᠎ᠡ᠎ᠶ᠋ᠢᠨ ᠰᠢᠯᠢᠳᠡᠭ ᠪᠠᠭᠠᠴᠤᠳ᠎ᠤᠨ ᠴᠣᠭ ᠵᠢᠪᠬᠤᠭ᠎ᠠ᠎ᠶ᠋ᠢ ᠭᠦᠶ᠋ᠴᠡᠳ ᠢᠯᠡᠷᠡᠭᠦᠯᠤᠨ᠎ᠠ᠃
《ᠰᠠᠷ᠎ᠠ ᠱᠢᠩᠭᠡᠵᠦ᠍ ᠬᠡᠷᠢᠶ᠎ᠡ ᠳᠤᠤᠭᠠᠷᠤᠨ ᠤᠬᠳᠠᠷᠭᠤᠢ ᠳᠦᠬᠦᠷᠡᠩ ᠬᠢᠷᠠᠭᠤ᠂ ᠪᠠᠳᠤ ᠴᠠᠭᠠᠨ ᠵᠢᠭᠠᠰᠤᠨ ᠤ᠋ ᠳ᠋ᠸᠩ ᠭᠠᠩᠰᠠᠷᠠᠯ᠎ᠳᠤ ᠨᠤᠢᠷ᠎ᠢ ᠡᠰᠡᠷᠬᠦᠯᠡᠮᠤᠢ ᠁》 ᠬᠡᠮᠡᠨ ᠰᠤᠷᠭᠠᠭᠤᠯᠢ᠎ᠶ᠋ᠢᠨ ᠨᠡᠢᠭᠡᠮ᠎ᠦᠨ ᠪᠦᠯᠬᠦᠮ᠎ᠦᠨ ᠠᠵᠢᠯᠯᠠᠭ᠎ᠠ᠎ᠳᠤ᠂ ᠭᠤᠷᠪᠠᠳᠤᠭᠠᠷ ᠣᠨ᠎ᠤ ᠰᠤᠷᠤᠭ᠍ᠴᠢᠳ ᠡᠷᠲᠡᠨ᠎ᠦ ᠱᠢᠯᠦᠭ᠎ᠢ ᠤᠶᠠᠩᠭᠠᠯᠠᠵᠤ ᠪᠠᠢᠯ᠎ᠠ᠃ ᠰᠤᠷᠤᠭ᠍ᠴᠢ ᠪᠥ᠋ ᠢ ᠹᠠᠨ᠄ 《ᠥᠩᠭᠡᠷᠡᠭ᠌ᠰᠡᠨ᠎ᠳᠦ ᠪᠢ ᠡᠷᠲᠡᠨ᠎ᠦ ᠱᠢᠯᠦᠭ ᠴᠡᠭᠡᠵᠢᠯᠡᠬᠦ᠌᠎ᠳᠦ ᠲᠤᠢᠯ᠎ᠦᠨ ᠬᠦᠴᠢᠷ ᠭᠡᠵᠦ᠍ ᠪᠣᠳᠣᠵᠤ ᠪᠠᠢᠵᠠᠶ᠂ ᠣᠳᠣ ᠪᠠᠭ᠍ᠰᠢ ᠪᠢᠳᠡᠨ᠎ᠳᠦ ᠤᠩᠱᠢᠵᠤ ᠴᠡᠬᠡᠵᠢᠯᠡᠬᠦ ᠠᠷᠭ᠎ᠠ᠎ᠶ᠋ᠢ ᠵᠢᠭᠠᠵᠤ ᠥᠭ᠌ᠬᠦᠭᠰᠡᠨ᠎ᠢᠶᠡᠷ ᠪᠢᠳᠡ ᠤᠶᠠᠨᠭᠭᠠᠯᠠᠨ ᠤᠩᠱᠢᠬᠤ ᠲᠤᠮᠳᠠ ᠪᠠᠨ ᠡᠷᠲᠡᠨ᠎ᠦ ᠱᠢᠯᠦᠭ᠎ᠢ ᠠᠮᠠᠷᠬᠠᠨ ᠴᠡᠬᠡᠵᠢᠯᠡᠴᠢᠬᠡᠵᠡᠢ》 ᠬᠡᠪᠡ ᠃
ᠰᠤᠷᠭᠠᠭᠤᠯᠢ᠎ᠶ᠋ᠢᠨ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠬᠠᠷᠢᠭᠤᠴᠠᠯᠭᠠᠲᠠᠨ ᠵᠠᠩ ᠢᠦᠢ ᠱᠢᠨ ᠪᠠᠭ᠍ᠰᠢ᠄ 《ᠤᠶᠠᠩᠭᠠᠯᠠᠨ ᠤᠩᠱᠢᠬᠤ ᠨᠢ ᠨᠢᠭᠡᠨᠲᠡ ᠪᠠᠭ᠎ᠠ ᠰᠤᠷᠭᠠᠭᠤᠯᠢ᠎ᠶ᠋ᠢᠨ ᠡᠷᠲᠡᠨ᠎ᠦ ᠱᠢᠯᠦᠭ᠎ᠦᠨ ᠵᠢᠭᠠᠨ ᠰᠤᠷᠭᠠᠯᠲᠠ᠎ᠶ᠋ᠢᠨ ᠬᠢᠴᠢᠶᠡᠯ᠎ᠦᠨ ᠲᠠᠩᠬᠢᠮ᠎ᠳᠤ ᠣᠷᠣᠵᠤ᠂ ᠰᠤᠷᠤᠭ᠍ᠴᠢᠳ᠎ᠤᠨ ᠡᠷᠲᠡᠨ᠎ᠦ ᠱᠢᠯᠦᠭ ᠳᠠᠭᠤᠯᠠᠯ᠎ᠢ ᠰᠣᠨᠢᠷᠬᠠᠬᠤ ᠴᠢᠳᠠᠪᠤᠷᠢ᠎ᠶ᠋ᠢ ᠪᠦᠲᠦᠮᠵᠢᠲᠡᠢ ᠳᠡᠭᠡᠭ᠌ᠰᠢᠯᠡᠭᠦᠯᠪᠡ》 ᠬᠡᠪᠡ᠃
ᠦᠸ᠋ᠱᠢᠨ ᠬᠣᠱᠢᠭᠤᠨ᠎ᠤ ᠭᠠᠯᠠᠭᠤᠲᠤ ᠰᠤᠷᠭᠠᠭᠤᠯᠢ ᠦᠭᠡ ᠬᠡᠯᠡ ᠦᠰᠦᠭ ᠪᠢᠴᠢᠭ᠎ᠦᠨ ᠳᠦᠷᠢᠮᠵᠢᠯ᠎ᠢ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠂ ᠣᠶᠤᠨ᠎ᠤ ᠪᠣᠯᠪᠠᠰᠤᠨ᠎ᠤ ᠪᠠᠢᠭᠤᠯᠤᠯᠲᠠ᠂ ᠪᠢᠴᠢᠭ᠎ᠦᠨ ᠰᠤᠷᠪᠤᠯᠵᠢᠲᠤ ᠰᠤᠷᠭᠠᠭᠤᠯᠢ᠎ᠶ᠋ᠢᠨ ᠬᠦᠷᠢᠶᠡᠨ᠎ᠦ ᠪᠠᠢᠭᠤᠯᠤᠯᠲᠠ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠲᠠᠶ ᠣᠷᠭᠠᠨᠢᠭ᠎ᠢᠶᠠᠷ ᠠᠭᠤᠰᠤᠯᠴᠠᠭᠤᠯᠵᠤ᠂ ᠦᠭᠡ ᠬᠡᠯᠡ ᠦᠰᠦᠭ ᠪᠢᠴᠢᠭ᠎ᠦᠨ ᠳᠦᠷᠢᠮᠵᠢᠯ᠎ᠦᠨ ᠠᠵᠢᠯ᠎ᠢ ᠯᠠᠪᠳᠠᠭᠤᠨ ᠪᠥᠭᠡᠳ ᠡᠮᠬᠢ ᠵᠢᠷᠤᠮ ᠲᠠᠶ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠪᠡ᠃ ᠰᠤᠷᠭᠠᠭᠤᠯᠢ᠎ᠶ᠋ᠢᠨ ᠵᠠᠬᠢᠷᠤᠯ ᠵᠧᠩ ᠶᠦᠩ ᠫᠢᠩ᠄ 《ᠰᠤᠷᠭᠠᠭᠤᠯᠢ ᠦᠭᠡ ᠬᠡᠯᠡ ᠦᠰᠦᠭ ᠪᠢᠴᠢᠭ᠎ᠦᠨ ᠠᠵᠢᠯ᠎ᠢ ᠰᠠᠢᠲᠤᠷ ᠬᠢᠬᠦ᠌ ᠪᠣᠯ ᠬᠡᠪ ᠴᠢᠨᠠᠷ᠎ᠤᠨ ᠰᠤᠷᠭᠠᠨ ᠬᠥᠮᠦᠵᠢᠯ᠎ᠢ ᠬᠡᠷᠡᠭ᠌ᠵᠢᠭᠦᠯᠬᠦ᠌᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠂ ᠰᠤᠷᠤᠭ᠍ᠴᠢᠳ᠎ᠤᠨ ᠴᠢᠳᠠᠪᠤᠷᠢ᠎ᠶ᠋ᠢ ᠬᠥᠮᠦᠵᠢᠭᠦᠯᠬᠦ᠌᠎ᠶ᠋ᠢ ᠴᠢᠩᠭᠠᠳᠭᠠᠬᠤ᠎ᠶ᠋ᠢᠨ ᠴᠢᠬᠤᠯᠠ ᠠᠭᠤᠯᠭ᠎ᠠ ᠮᠥᠨ᠂ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠬᠥᠮᠦᠵᠢᠭᠦᠯᠬᠦ᠌᠎ᠶ᠋ᠢ ᠪᠠᠭ᠎ᠠ᠎ᠠᠴᠠ ᠨᠢ ᠠᠳᠭᠤᠵᠤ᠂ ᠰᠠᠢ᠌ᠨ ᠰᠠᠢᠬᠠᠨ ᠶᠠᠷᠢᠶᠠᠨ᠎ᠤ ᠬᠡᠯᠡ᠂ ᠪᠢᠴᠢᠭ᠎ᠦᠨ ᠬᠡᠯᠡᠨ᠎ᠦ ᠢᠯᠡᠳᠭᠡᠬᠦ᠌ ᠲᠦᠪᠱᠢᠨ ᠪᠠ ᠦᠭᠡ ᠬᠡᠯᠡ᠎ᠶ᠋ᠢ ᠶᠡᠷᠦᠩᠬᠡᠢᠯᠡᠨ ᠬᠡᠷᠡᠭ᠌ᠯᠡᠬᠦ᠌ ᠴᠢᠳᠠᠪᠤᠷᠢ ᠨᠢ ᠬᠤᠪᠢ ᠬᠥᠮᠦᠨ᠎ᠦ ᠦᠰᠦᠨ ᠪᠣᠢᠵᠢᠵᠤ ᠴᠢᠳᠠᠪᠤᠷᠢᠲᠠᠨ ᠪᠣᠯᠬᠤ ᠶᠠᠪᠤᠴᠠ᠎ᠳᠤ ᠣᠷᠣᠯᠠᠭᠤᠯᠵᠤ ᠪᠣᠯᠤᠰᠢ ᠦᠭᠡᠢ ᠦᠢᠯᠡᠳᠦᠯ᠎ᠲᠡᠶ ᠶᠤᠮ》 ᠬᠡᠪᠡ᠃
ᠦᠸ᠋ᠱᠢᠨ ᠬᠣᠱᠢᠭᠤᠨ᠎ᠤ ᠡᠯ᠎ᠡ ᠰᠤᠷᠭᠠᠭᠤᠯᠢ ᠪᠣᠳᠠᠲᠠᠶ᠎ᠲᠠᠶ᠎ᠪᠠᠨ ᠤᠶᠠᠯᠳᠤᠭᠤᠯᠤᠨ ᠲᠣᠰ ᠲᠣᠰ᠎ᠤᠨ ᠣᠨᠴᠠᠯᠢᠭ᠎ᠲᠠᠶ ᠪᠥᠭᠡᠳ ᠥᠷᠭᠡᠨ ᠣᠯᠠᠨ ᠰᠤᠷᠤᠭ᠍ᠴᠢᠳ᠎ᠤᠨ ᠪᠠᠬᠠᠷᠬᠠᠯ᠎ᠢ ᠣᠯᠤᠭ᠍ᠰᠠᠨ ᠰᠣᠩᠭᠣᠳᠠᠭ ᠱᠢᠯᠦᠭ ᠵᠣᠬᠢᠶᠠᠯ᠎ᠤᠨ ᠤᠩᠱᠢᠯᠭ᠎ᠠ᠂ ᠡᠷᠲᠡᠨ᠎ᠦ ᠱᠢᠯᠦᠭ ᠵᠣᠬᠢᠶᠠᠯ᠎ᠤᠨ ᠤᠩᠱᠢᠯᠭ᠎ᠠ᠂ ᠶᠠᠷᠢᠶ᠎ᠠ ᠢᠯᠡᠳᠭᠡᠯ ᠬᠢᠭᠡᠳ ᠬᠡᠯᠡ ᠬᠡᠯᠡᠯᠭᠡ ᠵᠢᠴᠢ ᠤᠷᠠᠨ ᠪᠢᠴᠢᠯᠭᠡ ᠵᠡᠷᠭᠡ ᠨᠡᠢᠭᠡᠮ᠎ᠦᠨ ᠪᠦᠯᠬᠦᠮ᠎ᠦᠨ ᠠᠵᠢᠯᠯᠠᠭ᠎ᠠ᠎ᠶ᠋ᠢ ᠥᠷᠨᠢᠭᠦᠯᠵᠦ᠍᠂ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠲᠦᠷᠢᠮᠵᠢᠯ᠎ᠤᠨ ᠤᠬᠠᠮᠰᠠᠷ᠎ᠢ ᠭᠦᠨᠵᠡᠭᠡᠶ ᠪᠣᠢᠵᠢᠭᠤᠯᠪᠠ᠃ ᠣᠢᠷ᠎ᠠ᠎ᠳᠤ᠂ ᠲᠣᠰ ᠬᠣᠱᠢᠭᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠪᠠᠷᠢᠮᠵᠢᠶ᠎ᠠ᠎ᠳᠤ ᠭᠦᠷᠦᠭ᠌ᠰᠡᠨ ᠰᠤᠷᠭᠠᠭᠤᠯᠢ᠎ᠶ᠋ᠢᠨ ᠱᠢᠯᠭᠠᠨ ᠠᠪᠬᠤ ᠠᠵᠢᠯ᠎ᠢ ᠪᠥᠬᠥ᠌ ᠲᠠᠯ᠎ᠠ᠎ᠪᠠᠷ ᠪᠡᠶᠡᠯᠡᠭᠦᠯᠪᠠ᠂ ᠣᠳᠣᠬᠠᠨ᠎ᠳᠤ ᠪᠥᠬᠥ᠌ ᠬᠣᠱᠢᠭᠤᠨ᠎ᠤ 39 ᠰᠤᠷᠭᠠᠭᠤᠯᠢ᠂ ᠬᠡᠦᠬᠡᠳ᠎ᠦᠨ ᠴᠡᠴᠡᠷᠯᠢᠭ ᠨᠢ ᠴᠥᠮ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠪᠠᠷᠢᠮᠵᠢᠶ᠎ᠠ᠎ᠳᠤ ᠭᠦᠷᠦᠭ᠌ᠰᠡᠨ ᠪᠥᠲᠥᠭᠡᠨ ᠪᠠᠢᠭᠤᠯᠤᠯᠲᠠ᠎ᠶ᠋ᠢᠨ ᠱᠢᠯᠭᠠᠨ ᠠᠪᠬᠤ᠎ᠳᠤ ᠬᠢᠷᠢ ᠲᠡᠩᠴᠡᠵᠦ᠍᠂ ᠪᠠᠷᠢᠮᠵᠢᠶ᠎ᠠ᠎ᠳᠤ ᠭᠦᠷᠦᠭ᠌ᠰᠡᠨ ᠨᠣᠷᠮ᠎ᠠ ᠨᠢ 100% ᠪᠣᠯᠤᠨ᠎ᠠ᠃
ᠦᠸ᠋ᠱᠢᠨ ᠬᠣᠱᠢᠭᠤ ᠨᠡᠢᠲᠡᠯᠢᠭ ᠬᠡᠯᠡ᠎ᠶ᠋ᠢ ᠲᠦᠭᠡᠮᠡᠯᠵᠢᠭᠦᠯᠵᠦ᠍᠂ ᠳᠦᠷᠢᠮᠵᠢᠭ᠌ᠰᠡᠨ ᠬᠢᠲᠠᠳ ᠥᠰᠥᠭ᠎ᠦᠨ ᠰᠤᠷᠭᠠᠨ ᠬᠥᠮᠦᠵᠢᠯ᠎ᠢ ᠡᠯ᠎ᠡ ᠱᠠᠲᠤᠨ᠎ᠤ ᠡᠯ᠎ᠡ ᠲᠥᠷᠥᠯ᠎ᠦᠨ ᠰᠤᠷᠭᠠᠭᠤᠯᠢ᠎ᠶ᠋ᠢᠨ ᠬᠥᠮᠦᠵᠢᠭᠦᠯᠬᠦ᠌ ᠬᠠᠷᠠᠯᠲᠠ ᠪᠠ ᠵᠢᠭᠠᠨ ᠰᠤᠷᠭᠠᠯᠲᠠ᠎ᠶ᠋ᠢᠨ ᠡᠩ᠎ᠦᠨ ᠬᠠᠮᠢᠶᠠᠷᠤᠯᠲᠠ᠎ᠳᠤ ᠣᠷᠣᠭᠤᠯᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠤ᠎ᠠ ᠰᠠᠢᠬᠠᠨ ᠬᠥᠳᠡᠯᠮᠦᠷᠢᠡᠯᠡ ᠵᠦᠶ᠋ᠯ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠠᠵᠢᠯᠯᠠᠭ᠎ᠠ᠎ᠳᠤ ᠨᠡᠪᠴᠢᠭᠦᠯᠪᠡ᠃ ᠡᠯ᠎ᠡ ᠰᠤᠷᠭᠠᠭᠤᠯᠢ ᠴᠥᠮ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠤᠳᠤᠷᠢᠳᠭᠤ ᠳᠤᠭᠤᠢᠯᠠᠩ ᠪᠠᠢᠭᠤᠯᠵᠤ᠂ ᠡᠭᠦᠷᠭᠡ ᠬᠠᠷᠠᠯᠲᠠ᠎ᠪᠠᠨ ᠴᠢᠨᠠᠭᠰᠢᠳᠠ ᠲᠣᠳᠣᠷᠬᠠᠢᠯᠠᠨ᠂ ᠠᠵᠢᠯ᠎ᠤᠨ ᠠᠷᠭ᠎ᠠ ᠬᠡᠮᠵᠢᠶ᠎ᠡ᠎ᠪᠡᠨ ᠨᠠᠷᠢᠯᠢᠬ᠍ᠵᠢᠭᠤᠯᠵᠤ᠂ ᠲᠤᠱᠢᠶᠠᠯ ᠬᠠᠷᠢᠭᠤᠴᠠᠯᠭᠠᠠᠵᠢᠯᠤᠨ ᠬᠤᠪᠢᠶᠠᠷᠢᠯᠠᠯ᠎ᠢᠶᠠᠨ ᠴᠢᠩᠭᠠᠳᠭᠠᠵᠤ᠂ ᠪᠣᠳᠠᠲᠠᠢ ᠬᠠᠷᠢᠭᠤᠴᠠᠯᠭ᠎ᠠ ᠪᠠᠨ ᠨᠠᠢᠳᠠᠪᠤᠷᠢᠵᠢᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠪᠠᠷᠢᠮᠵᠢᠶ᠎ᠠ᠎ᠳᠤ ᠬᠦᠷᠦᠭ᠌ᠰᠡᠨ ᠰᠤᠷᠭᠠᠭᠤᠯᠢ᠎ᠶ᠋ᠢ ᠡᠭᠦᠳᠦᠨ ᠪᠠᠢᠭᠤᠯᠬᠤ ᠠᠵᠢᠯ᠎ᠢ ᠱᠠᠳᠤ ᠱᠠᠳᠤ᠎ᠪᠠᠷ ᠠᠳᠭᠤᠬᠤ ᠬᠥᠮᠦᠨ᠎ᠲᠡᠶ᠂ ᠬᠡᠷᠡᠭ ᠶᠠᠪᠤᠳᠠᠯ᠎ᠢ ᠬᠠᠮᠢᠶᠠᠷᠬᠤ ᠬᠥᠮᠦᠨ᠎ᠲᠡᠶ ᠪᠠᠢᠬᠤ ᠰᠠᠢ᠌ᠨ ᠰᠠᠢᠬᠠᠨ ᠪᠠᠢᠳᠠᠯ᠎ᠢ ᠪᠤᠢ ᠪᠣᠯᠭᠠᠪᠠ᠃ ᠬᠡᠯᠡ ᠪᠢᠴᠢᠭ᠎ᠦᠨ ᠬᠢᠴᠢᠶᠡᠯ ᠳᠡᠭᠡᠷ᠎ᠡ᠂ ᠦᠷᠯᠦᠭᠡᠨ ᠤ᠋ ᠤᠩᠱᠢᠯᠭ᠎ᠠ᠂ ᠣᠷᠣᠶ ᠵᠢᠨ ᠤᠩᠱᠢᠯᠭ᠎ᠠ᠂ ᠬᠢᠴᠢᠶᠡᠯ ᠲᠡᠭᠡᠷᠡᠬᠢ ᠲᠣᠳᠣ ᠤᠩᠱᠢᠯᠭ᠎ᠠ ᠵᠡᠷᠭᠡ ᠠᠵᠢᠯᠯᠠᠭ᠎ᠠ᠎ᠪᠠᠷ ᠳᠠᠮᠵᠢᠭᠤᠯᠤᠨ ᠰᠤᠷᠤᠭ᠍ᠴᠢᠳ᠎ᠤᠨ ᠰᠣᠨᠣᠰᠭᠤ᠂ ᠶᠠᠷᠢᠬᠤ᠂ ᠤᠩᠱᠢᠬᠤ᠂ ᠪᠢᠴᠢᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ ᠪᠠᠢᠨ᠎ᠠ᠃ ᠡᠭᠦᠨ᠎ᠦ ᠬᠠᠮᠲᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠᠷ ᠭᠤᠤᠯ ᠱᠢᠵᠢᠮ ᠪᠣᠯᠭᠠᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠠᠵᠢᠯᠯᠠᠭ᠎ᠠ᠎ᠶ᠋ᠢᠨ ᠰᠠᠷ᠎ᠠ᠂ ᠲᠦᠭᠡᠮᠡᠯᠵᠢᠭᠦᠯᠦᠯᠲᠡ᠎ᠶ᠋ᠢᠨ ᠭᠠᠷᠠᠭ ᠵᠡᠷᠭᠡ ᠠᠵᠢᠯᠯᠠᠭ᠎ᠠ᠎ᠪᠠᠷ ᠠᠵᠠ ᠲᠣᠬᠢᠶᠠᠯ ᠪᠣᠯᠭᠠᠵᠤ᠂ ᠥᠷᠭᠡᠨ ᠣᠯᠠᠨ ᠪᠠᠭ᠍ᠰᠢ ᠰᠤᠷᠤᠭ᠍ᠴᠢᠳ᠎ᠢ ᠪᠠᠢᠩᠭᠤ ᠵᠣᠬᠢᠶᠠᠨ ᠪᠠᠢᠭᠤᠯᠵᠤ ᠪᠠᠢᠭᠠᠳ ᠳᠤᠮᠳᠠᠳᠤ᠎ᠶ᠋ᠢᠨ ᠰᠣᠩᠭᠣᠳᠠᠭ ᠱᠢᠯᠦᠭ ᠤᠩᠱᠢᠬᠤ ᠤᠷᠤᠯᠳᠤᠭᠠᠨ᠂ 《ᠤᠷᠠᠨ ᠲᠠᠷᠬᠠᠨ ᠬᠤᠨᠳᠠᠭᠠᠲᠤ》 ᠪᠠᠭ᠍ᠰᠢ ᠰᠤᠷᠤᠭ᠍ᠴᠢᠳ᠎ᠤᠨ ᠤᠷᠠᠨ ᠪᠢᠴᠢᠯᠭᠡ᠎ᠶ᠋ᠢᠨ ᠤᠷᠤᠯᠳᠤᠭᠠᠨ᠂ ᠬᠢᠲᠠᠳ ᠥᠰᠥᠭ ᠰᠣᠨᠣᠰᠴᠤ᠌ ᠪᠢᠴᠢᠬᠦ᠌ ᠤᠷᠤᠯᠳᠤᠭᠠᠨ᠎ᠢ ᠥᠷᠨᠢᠭᠦᠯᠬᠦ᠌ ᠵᠡᠷᠭᠡ ᠠᠵᠢᠯ᠎ᠢ ᠥᠷᠨᠢᠭᠦᠯᠪᠡ᠃ ᠡᠯ᠎ᠡ ᠵᠢᠱ᠌ᠢᠢ᠎ᠡ ᠦᠵᠡᠭᠦᠯᠬᠦ᠌ ᠰᠤᠷᠭᠠᠭᠤᠯᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠤᠯᠴᠠᠯᠭ᠎ᠠ ᠬᠥᠮᠦᠵᠢᠯ᠎ᠦᠨ ᠣᠷᠣᠨ ᠵᠠᠢ᠎ᠶ᠋ᠢ ᠡᠭᠦᠳᠦᠨ ᠪᠠᠢᠭᠤᠯᠵᠤ᠂ ᠤᠯᠠᠮᠵᠢᠯᠠᠯᠲᠤ ᠰᠣᠶᠣᠯ᠎ᠤᠨ ᠰᠣᠩᠭᠣᠳᠠᠭ ᠨᠣᠮ ᠤᠩᠱᠢᠬᠤ ᠣᠷᠣᠨ ᠵᠠᠢ᠎ᠶ᠋ᠢ ᠪᠤᠢ ᠪᠣᠯᠭᠠᠵᠤ᠂ ᠰᠣᠩᠭᠣᠳᠠᠭ ᠵᠣᠬᠢᠶᠠᠯ᠎ᠢ ᠤᠩᠱᠢᠬᠤ᠂ ᠰᠣᠩᠭᠣᠳᠠᠭ ᠵᠣᠬᠢᠶᠠᠯ᠎ᠢ ᠰᠣᠨᠣᠰᠭᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠢᠳᠡᠪᠬᠢᠲᠡᠢ ᠪᠠᠳᠠᠷᠠᠭᠤᠯᠬᠤ᠂ ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤᠳᠭᠠᠬᠤ᠂ ᠤᠯᠤᠰ᠎ᠢᠶᠠᠨ ᠬᠠᠢᠷᠠᠯᠠᠬᠤ ᠦᠵᠡᠯ ᠪᠠ ᠤᠯᠤᠰ ᠭᠡᠷ᠎ᠦᠨ ᠬᠠᠢᠷ᠎ᠠ ᠰᠡᠳᠭᠢᠯᠭᠡ᠎ᠶ᠋ᠢ ᠵᠤᠵᠠᠭᠠᠳᠭᠠᠬᠤ᠂ ᠵᠠᠯᠠᠭᠤᠴᠤᠳ ᠪᠠᠭᠠᠴᠤᠳ᠎ᠤᠨ 《ᠨᠣᠮ ᠤᠩᠱᠢᠬᠤ ᠳᠤᠷᠠᠲᠠᠢ᠂ ᠰᠠᠢ᠌ᠨ ᠨᠣᠮ ᠤᠩᠱᠢᠬᠤ ᠳᠤᠷᠠᠲᠠᠢ᠂ ᠨᠣᠮ ᠤᠩᠱᠢᠬᠤ᠎ᠳᠠᠭᠠᠨ ᠴᠢᠳᠠᠮᠠᠭᠠᠢ》 ᠪᠠᠢᠬᠤ ᠰᠠᠢ᠌ᠨ ᠰᠠᠢᠬᠠᠨ ᠳᠠᠳᠭᠠᠯ᠎ᠲᠠᠶ ᠪᠣᠯᠬᠤ᠎ᠶ᠋ᠢ ᠪᠦᠬᠦ᠌ ᠬᠦᠴᠦ᠍ᠨ ᠵᠢᠡᠷ᠎ᠢᠶᠡᠨ ᠬᠦᠳᠦᠯᠦᠨ ᠵᠢᠯᠣᠭᠣᠳᠴᠤ᠌᠂ ᠰᠤᠷᠭᠠᠭᠤᠯᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ᠌ ᠠᠵᠢᠯ᠎ᠤᠨ ᠡᠷᠴᠢᠮ᠎ᠢ ᠴᠢᠩᠭᠠᠷᠠᠭᠤᠯᠪᠠ᠃
ᠦᠸ᠋ᠱᠢᠨ ᠬᠣᠱᠢᠭᠤ ᠦᠭᠡ ᠬᠡᠯᠡ ᠦᠰᠦᠭ ᠪᠢᠴᠢᠭ᠎ᠦᠨ ᠳᠦᠷᠢᠮᠵᠢᠭ᠌ᠰᠡᠨ ᠱᠢᠰᠲ᠋ᠧᠮ᠎ᠦᠨ ᠪᠠᠢᠭᠤᠯᠤᠯᠲᠠ᠎ᠶ᠋ᠢ ᠭᠦᠨᠵᠡᠭᠡᠢᠷᠡᠭᠦᠯᠬᠦ᠌᠎ᠳ᠋ᠤ ᠠᠩᠬᠠᠷᠤᠯ ᠵᠢᠡᠨ ᠲᠦᠪᠯᠡᠷᠡᠭᠦᠯᠵᠦ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠪᠠᠷᠢᠮᠵᠢᠶ᠎ᠠ᠎ᠳᠤ ᠬᠦᠷᠦᠭᠰᠡᠨ ᠢ᠋ ᠲᠠᠬᠢᠨ ᠪᠠᠢᠴᠠᠭᠠᠵᠤ 《ᠡᠷᠬᠢᠨ ᠬᠠᠷᠠᠬᠤ》 ᠠᠵᠢᠯ᠎ᠢ ᠦᠷᠭᠦᠯᠵᠢᠯᠡᠨ ᠥᠷᠨᠢᠭᠦᠯᠵᠦ᠍᠂ ᠪᠠᠷᠢᠮᠵᠢᠶ᠎ᠠ᠎ᠳᠤ ᠬᠦᠷᠦᠭ᠌ᠰᠡᠨ ᠰᠤᠷᠭᠠᠭᠤᠯᠢ᠎ᠶ᠋ᠢ ᠲᠠᠬᠢᠨ ᠪᠠᠢᠴᠠᠭᠠᠬᠤ ᠠᠵᠢᠯ᠎ᠢ ᠴᠢᠩᠭᠠᠳᠭᠠᠵᠤ᠂ ᠴᠠᠭᠲᠤᠨᠢ ᠲᠤᠬᠢᠷᠠᠭᠤᠯᠤᠨ ᠲᠤᠰᠭᠠᠢ ᠵᠢᠯᠤᠭᠤᠳᠤᠯᠭ᠎ᠠ ᠥᠷᠨᠢᠭᠦᠯᠵᠦ᠍᠂ ᠴᠡᠭ᠎ᠢᠶᠡᠷ ᠱᠤᠭᠤᠮ᠎ᠢ ᠬᠣᠯᠪᠣᠬᠤ᠂ ᠱᠤᠭᠤᠮ᠎ᠢᠶᠠᠷ ᠬᠡᠰᠡᠭ᠎ᠢ ᠬᠣᠯᠪᠣᠬᠤ᠂ ᠬᠡᠰᠡᠭ᠎ᠢᠶᠡᠷ ᠨᠡᠢᠳᠡᠮ᠎ᠢ ᠳᠠᠢᠴᠢᠯᠠᠬᠤ ᠠᠵᠢᠯ᠎ᠤᠨ ᠪᠠᠢᠷᠢᠱᠢᠯ᠎ᠢ ᠪᠦᠷᠢᠯᠳᠦᠭᠦᠯᠵᠦ᠍᠂ ᠪᠦᠬᠦ᠌ ᠬᠤᠳᠠ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠳᠦᠷᠢᠮᠵᠢᠭ᠌ᠰᠡᠨ ᠵᠢᠱ᠌ᠢᠢ᠎ᠡ ᠦᠵᠡᠭᠦᠯᠬᠦ᠌ ᠰᠤᠷᠭᠠᠭᠤᠯᠢ᠎ᠶ᠋ᠢ ᠢᠳᠡᠪᠬᠢᠲᠡᠢ ᠪᠠᠢᠭᠤᠯᠵᠤ᠂ ᠡᠯ᠎ᠡ ᠱᠠᠲᠤᠨ᠎ᠤ ᠡᠯ᠎ᠡ ᠲᠦᠷᠦᠯ᠎ᠦᠨ ᠰᠤᠷᠭᠠᠭᠤᠯᠢ᠎ᠶ᠋ᠢᠨ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠲᠦᠪᠱᠢᠨ᠎ᠢ ᠲᠠᠬᠢᠨ ᠱᠢᠨ᠎ᠡ ᠳᠡᠭ᠌ᠲᠡᠷ᠎ᠲᠦ ᠭᠠᠷᠭᠠᠬᠤ᠎ᠶ᠋ᠢ ᠠᠬᠢᠭᠤᠯᠵᠤ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃