ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-01-16 09:50:09

ᠵᠣᠬᠢᠶᠠᠭ᠍ᠴᠢ᠄ ᠭᠣᠤ ᠮᠢᠨ ᠨᠠ ᠣᠩᠱᠢᠭ᠍ᠰᠠᠨ ᠣᠳᠠᠭ᠎ᠠ᠄ 3

ᠬᠢᠴᠢᠶᠡᠯ ᠣᠷᠣᠬᠤ ᠬᠣᠩᠬᠣ ᠵᠢᠨ ᠲᠠᠭᠤᠨ ᠲᠠᠷᠴᠢᠬᠢᠨᠠᠨ ᠲᠤᠤᠭᠠᠷᠬᠤ ᠳ᠋ᠤ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠪᠠᠶᠠᠨᠬᠤᠱᠢᠭᠤ ᠵᠢᠷᠭᠤᠳᠤᠭᠠᠷ ᠳᠤᠮᠳᠠᠳᠤ ᠰᠤᠷᠭᠠᠭᠤᠯᠢ᠎ᠶ᠋ᠢᠨ ᠬᠡᠯᠡ ᠪᠢᠴᠢᠭ᠎ᠦᠨ ᠬᠢᠴᠢᠶᠡᠯ ᠤ᠋ᠨ ᠲᠠᠡᠭᠬᠢᠮ ᠳ᠋ᠤ᠂ ᠰᠤᠷᠤᠭ᠍ᠴᠢᠳ ᠪᠠᠭ᠍ᠰᠢ᠎ᠶ᠋ᠢᠨ᠎ᠢᠶᠠᠨ ᠳᠠᠭᠠᠭᠤᠯᠭ᠎ᠠ᠎ᠪᠠᠷ ᠴᠡᠭᠡᠵᠢᠯᠡᠭᠰᠡᠨ ᠱᠢᠯᠦᠭ ᠳᠠᠭᠤᠯᠠᠯ᠎ᠢᠶᠠᠨ ᠢᠳᠡᠪᠬᠢᠲᠡᠢ ᠬᠤᠪᠢᠶᠠᠯᠴᠠᠵᠤ ᠡᠬᠢᠯᠡᠯ᠎ᠠ᠃ ᠱᠢᠯᠦᠭ ᠳᠠᠭᠤᠯᠠᠯ᠎ᠤᠨ ᠤᠳᠭ᠎ᠠ᠎ᠰᠠᠨᠠᠭ᠎ᠠ ᠡᠴᠠ ᠱᠢᠯᠦᠭ᠌ᠴᠢ᠎ᠶ᠋ᠢᠨ ᠨᠢᠭᠡ ᠨᠠᠰᠤ ᠬᠦᠷᠲᠡᠯ᠎ᠡ ᠪᠠᠭ᠍ᠰᠢ ᠰᠤᠷᠤᠭ᠍ᠴᠢᠳ ᠬᠥᠷ᠎ᠬᠦᠭᠵᠢᠶᠠᠨ ᠲᠡᠶ ᠬᠤᠷᠱᠢᠯᠴᠠᠬᠤ ᠳᠤᠮᠳᠠ ᠬᠡᠯᠡ ᠪᠢᠴᠢᠭ᠎ᠦᠨ ᠱᠢᠯᠦᠭ ᠳᠠᠭᠤᠯᠠᠯ᠎ᠤᠨ ᠬᠢᠴᠢᠶᠡᠯ ᠡᠬᠢᠯᠡᠨ᠎ᠡ᠃

《ᠬᠡᠯᠡ ᠪᠢᠴᠢᠭ᠎ᠦᠨ ᠬᠢᠴᠢᠶᠡᠯ ᠳᠡᠭᠡᠷ᠎ᠡ ᠪᠢ ᠳᠤᠮᠳᠠᠳᠤ᠎ᠶ᠋ᠢᠨ ᠤᠯᠠᠮᠵᠢᠯᠠᠯᠲᠤ ᠰᠣᠶᠣᠯ᠎ᠤᠨ ᠲᠤᠬᠠᠢ ᠮᠡᠳᠡᠯᠭᠡ᠎ᠶ᠋ᠢ ᠰᠤᠷᠤᠯᠴᠠᠨ᠂ ᠡᠷᠲᠡᠨ᠎ᠦ ᠱᠢᠯᠦᠭ ᠳᠠᠭᠤᠯᠠᠯ᠎ᠢ ᠴᠡᠭᠡᠵᠢᠯᠡᠬᠦ᠌᠎ᠪᠡᠷ ᠳᠠᠮᠵᠢᠨ ᠳᠤᠮᠳᠠᠳᠤ᠎ᠶ᠋ᠢᠨ ᠰᠣᠶᠣᠯ᠎ᠤᠨ ᠥᠷᠭᠡᠨ ᠳᠡᠯᠭᠡᠷ ᠭᠦᠨ ᠭᠦᠨᠵᠡᠭᠡᠢ᠎ᠪᠠᠢᠬᠤ ᠶ᠋ᠢ ᠣᠢᠯᠠᠭᠠᠭᠰᠠᠨ ᠶᠤᠮ᠂ ᠪᠢ ᠡᠢᠮᠦ᠍ᠷᠬᠦ ᠬᠢᠴᠢᠶᠡᠯ᠎ᠢ ᠮᠠᠰᠢ ᠰᠤᠷᠬᠤ ᠳᠤᠷᠠᠲᠠᠢ》 ᠭᠡᠵᠦ᠍ ᠪᠠᠶᠠᠨᠬᠤᠱᠢᠭᠤ ᠵᠢᠷᠭᠤᠳᠤᠭᠠᠷ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢ ᠦ᠋ ᠱᠢᠨ ᠷᠦᠩ ᠬᠡᠯᠡᠪᠡ᠃

ᠨᠢᠭᠡᠳᠦᠯᠲᠡᠢ ᠨᠠᠢᠷᠠᠭᠤᠯᠤᠭ᠍ᠰᠠᠨ ᠬᠡᠯᠡ ᠪᠢᠴᠢᠭ᠎ᠦᠨ ᠵᠢᠭᠠᠬᠤ ᠮᠠᠲ᠋ᠧᠷᠢᠶᠠᠯ᠎ᠨᠢ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠴᠢᠬᠤᠯᠠ ᠠᠴᠢᠶᠠᠯᠠᠪᠤᠷᠢ ᠪᠣᠯᠤᠭ᠍ᠰᠠᠨ᠎ᠤ ᠬᠤᠪᠢ᠎ᠳᠤ ᠡᠯᠪᠡᠭ ᠪᠠᠶᠠᠯᠢᠭ ᠤᠯᠠᠨ ᠶᠠᠩᠵᠤ᠎ᠶ᠋ᠢᠨ ᠪᠣᠳᠠᠰ᠎ᠤᠨ ᠰᠣᠶᠣᠯ᠂ ᠤᠶᠤᠨ᠎ᠤ ᠰᠣᠶᠣᠯ ᠪᠠ ᠦᠢᠯᠡ ᠠᠵᠢᠯᠯᠠᠭ᠎ᠠ᠎ᠶ᠋ᠢᠨ ᠰᠣᠶᠣᠯ᠎ᠤᠨ ᠠᠭᠤᠯᠭ᠎ᠠ᠎ᠶ᠋ᠢ ᠪᠠᠭ᠍ᠲᠠᠭᠠᠵᠤ ᠪᠠᠢᠳᠠᠭ᠃ ᠤᠢ᠍ᠢᠷ᠎ᠠ᠎ᠶ᠋ᠢᠨ ᠵᠢᠯ᠎ᠡᠴᠡ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠪᠠᠶᠠᠨᠬᠤᠱᠢᠭᠤ ᠵᠢᠷᠭᠤᠳᠤᠭᠠᠷ ᠳᠤᠮᠳᠠᠳᠤ ᠰᠤᠷᠭᠠᠭᠤᠯᠢ ᠨᠢᠭᠡᠳᠦᠯᠲᠡᠢ ᠨᠠᠢᠷᠠᠭᠤᠯᠤᠭ᠍ᠰᠠᠨ ᠬᠡᠯᠡ ᠪᠢᠴᠢᠭ᠎ᠦᠨ ᠵᠢᠭᠠᠬᠤ ᠮᠠᠲ᠋ᠧᠷᠢᠶᠠᠯ᠎ᠢᠶᠠᠷ ᠠᠴᠢᠶᠠᠯᠠᠪᠤᠷᠢ ᠪᠣᠯᠭᠠᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠰᠤᠷᠤᠭ᠍ᠴᠢᠳ᠎ᠤᠨ ᠰᠤᠷᠤᠯᠭ᠎ᠠ ᠠᠮᠢᠳᠤᠷᠠᠯ᠎ᠤᠨ ᠪᠦᠬᠦ᠌ ᠶᠠᠪᠤᠴᠠ᠎ᠳᠤ ᠨᠡᠪᠴᠢᠭᠦᠯᠵᠦ᠍᠂ ᠰᠤᠷᠤᠭ᠍ᠴᠢᠳ᠎ᠤᠨ ᠭᠣᠣᠯᠯᠠᠬᠤ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠵᠦ᠍᠂ ᠰᠣᠶᠣᠯ᠎ᠤᠨ ᠢᠲᠡᠭᠡᠯ᠎ᠢ ᠨᠡᠮᠡᠭ᠌ᠳᠡᠭᠦᠯᠵᠦ᠍᠂ ᠤᠯᠤᠰ ᠤᠷᠤᠨ᠎ᠤ ᠬᠠᠢᠷ᠎ᠠ ᠰᠡᠳᠭᠢᠯᠭᠡ᠎ᠶ᠋ᠢ ᠵᠤᠵᠠᠭᠠᠳᠭᠠᠵᠠᠢ᠃

《ᠪᠢᠳᠡ ᠡᠳᠦᠷ ᠲᠤᠲᠤᠮ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠳᠤᠮᠳᠠ ᠣᠯᠠᠨ ᠵᠦᠶ᠋ᠯ᠎ᠦᠨ ᠰᠤᠷᠤᠯᠴᠠᠯᠭ᠎ᠠ᠎ᠶ᠋ᠢᠨ ᠬᠡᠯᠪᠡᠷᠢ᠎ᠪᠡᠷ ᠤᠯᠠᠮᠵᠢᠯᠠᠯᠲᠤ ᠰᠣᠶᠣᠯ᠎ᠤᠨ ᠬᠥᠮᠦᠵᠢᠯ᠎ᠢ ᠥᠷᠨᠢᠭᠦᠯᠪᠡ᠂ ᠵᠢᠱ᠌ᠢᠶᠡᠯᠡᠪᠡᠯ ᠤᠯᠠᠮᠵᠢᠯᠠᠯᠲᠤ ᠪᠠᠶᠠᠷ ᠲᠤᠷᠠᠰᠬᠠᠯ᠎ᠤᠨ ᠡᠳᠦᠷ᠎ᠦᠨ ᠬᠢᠴᠢᠶᠡᠯ᠎ᠢ ᠰᠤᠷᠤᠯᠴᠠᠨ ᠲᠠᠨᠢᠯᠴᠠᠭᠤᠯᠬᠤ᠎ᠳᠤ ᠬᠡᠦᠬᠡᠳ᠎ᠦᠳ᠎ᠢ ᠬᠡᠷ᠎ᠲᠡᠬᠡᠨ ᠬᠠᠷᠢᠭ᠍ᠰᠠᠨ᠎ᠤ ᠳᠠᠷᠠᠭ᠎ᠠ ᠪᠠᠩᠰᠢ ᠪᠠᠷᠢᠵᠦ᠂ ᠽᠦᠩᠽᠢ ᠪᠤᠭᠤᠬᠤ᠂ ᠴᠡᠴᠡᠭ ᠤ᠋ᠨ ᠳ᠋ᠧᠩ ᠬᠢᠵᠦ᠂ ᠰᠤᠷᠤᠭ᠍ᠴᠢᠳ᠎ᠲᠤ ᠬᠠᠮᠢᠶ᠎ᠠ ᠪᠥᠬᠥᠶ ᠲᠡᠦᠬᠡ ᠰᠤᠶᠤᠯ ᠪᠠ ᠵᠠᠩ ᠦᠶ᠋ᠯᠡ᠎ᠶ᠋ᠢ ᠨᠠᠩ ᠱᠢᠭᠤᠳ ᠪᠥᠭᠡᠳ ᠠᠮᠢᠳᠤᠯᠢᠭ ᠣᠢᠯᠠᠭᠠᠬᠤ ᠵᠢ ᠱᠠᠭᠠᠷᠳᠠᠳᠠᠭ᠃ ᠡᠢᠮᠦᠷᠬᠦ ᠠᠮᠢᠳᠤᠯᠢᠭ ᠰᠤᠷᠭᠠᠯᠳᠠ ᠪᠠᠷ ᠳᠠᠮᠵᠢᠨ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠰᠤᠷᠤᠭ᠍ᠴᠢᠳ᠎ᠤᠨ ᠰᠡᠳᠭᠢᠯ᠎ᠳᠦ ᠭᠦᠨ ᠬᠠᠳᠠᠩᠱᠢᠭᠤᠯᠬᠤ ᠵᠢ ᠵᠤᠷᠢᠵᠦ ᠪᠤᠢ》 ᠭᠡᠵᠦ ᠪᠠᠶᠠᠨᠬᠤᠱᠢᠭᠤ ᠵᠢᠷᠭᠤᠳᠤᠭᠠᠷ ᠳᠤᠮᠳᠠᠳᠤ ᠰᠤᠷᠭᠠᠭᠤᠯᠢ᠎ᠶ᠋ᠢᠨ ᠪᠠᠭ᠍ᠰᠢ ᠵᠣᠣ ᠬᠣᠶ ᠮᠢᠨ ᠬᠡᠯᠡᠨ᠎ᠡ᠃

ᠡᠭᠦᠨ᠎ᠦ ᠬᠠᠮᠲᠤ᠌᠂ ᠪᠠᠶᠠᠨᠬᠤᠱᠢᠭᠤ ᠵᠢᠷᠭᠤᠳᠤᠭᠠᠷ ᠳᠤᠮᠳᠠᠳᠤ ᠰᠤᠷᠭᠠᠭᠤᠯᠢ ᠠᠵᠢᠯ᠎ᠤᠨ ᠪᠠᠢᠷᠢ᠎ᠳᠠᠭᠠᠨ ᠪᠤᠴᠠᠵᠤ ᠦᠢᠯᠡᠳᠦᠯᠭᠡᠵᠢᠭᠦᠯᠬᠦ᠌᠎ᠪᠡᠷ ᠳᠠᠮᠵᠢᠨ ᠰᠦᠯᠵᠢᠶᠡᠨ ᠳᠡᠭᠡᠷ᠎ᠡ ᠪᠠ ᠪᠤᠲᠠᠲᠤ ᠴᠤᠭᠴᠠ᠎ᠶᠢ ᠲᠥᠪᠯᠡᠷᠡᠭᠦᠯᠦᠨ ᠪᠣᠯᠪᠠᠰᠤᠷᠠᠭᠤᠯᠬᠤ ᠵᠡᠷᠭᠡ ᠤᠯᠠᠨ ᠵᠦᠢᠯ᠎ᠦᠨ ᠬᠡᠯᠪᠡᠷᠢ᠎ᠪᠡᠷ ᠪᠠᠭ᠍ᠰᠢ᠎ᠶ᠋ᠢᠨ ᠵᠢᠭᠠᠨ ᠰᠤᠷᠭᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠪᠡ᠃ ᠬᠢᠴᠢᠶᠡᠯ᠎ᠦᠨ ᠲᠠᠩᠬᠢᠮ᠎ᠳᠤ ᠪᠠᠭ᠍ᠰᠢ᠎ᠨᠠᠷ ᠬᠡᠦᠬᠡᠳ᠎ᠢᠶᠡᠨ ᠳᠠᠭᠠᠭᠤᠯᠤᠨ ᠰᠤᠷᠤᠯᠴᠠᠵᠦ᠍᠂ ᠬᠢᠴᠢᠶᠡᠯ᠎ᠦᠨ ᠭᠠᠲᠠᠨ᠎ᠠ ᠪᠠᠭ᠍ᠰᠢ᠎ᠨᠠᠷ ᠲᠣᠭ᠍ᠲᠠᠭ᠍ᠰᠠᠨ ᠬᠤᠭᠤᠴᠠᠭ᠎ᠠ᠎ᠲᠠᠶ᠎ᠪᠠᠷ ᠰᠤᠳᠤᠯᠤᠨ ᠶᠠᠷᠢᠯᠴᠠᠬᠤ᠎ᠶ᠋ᠢᠨ ᠬᠠᠮᠲᠤ ᠪᠠᠰᠠ ᠲᠥᠪ᠎ᠦᠨ ᠤᠬᠠᠭᠤᠯᠬᠤ ᠬᠡᠯᠲᠡᠰ᠎ᠦᠨ ᠬᠠᠪᠰᠤᠷᠤᠯᠭ᠎ᠠ ᠳᠡᠮᠵᠢᠯᠭᠡ᠎ᠳᠦ ᠲᠦᠱᠢᠭ᠌ᠯᠡᠨ᠂ ᠪᠡᠭᠡᠵᠢᠩ ᠬᠤᠳᠠ᠎ᠶ᠋ᠢᠨ ᠬᠠᠢ ᠳ᠋ᠢᠶᠠᠨ ᠲᠣᠭᠣᠷᠢᠭ᠂ ᠤᠷᠳᠤᠰ ᠬᠤᠳᠠ᠎ᠶ᠋ᠢᠨ 《ᠪᠦᠯᠬᠦᠮ ᠪᠠᠢᠭᠤᠯᠬᠤ ᠬᠡᠯᠪᠡᠷᠢ᠎ᠪᠡᠷ ᠬᠠᠪᠰᠤᠷᠤᠨ ᠲᠡᠳᠬᠦᠬᠦ᠌》 ᠱᠢᠯᠢᠳᠡᠭ ᠰᠤᠷᠭᠠᠨ ᠬᠥᠮᠦᠵᠢᠯ᠎ᠦᠨ ᠡᠬᠢ ᠪᠠᠶᠠᠯᠢᠭ ᠪᠣᠯᠤᠨ ᠪᠡᠯᠡ ᠮᠥᠩᠭᠥ᠎ᠶ᠋ᠢᠨ ᠳᠡᠮᠵᠢᠯᠭᠡ᠎ᠶ᠋ᠢ ᠠᠱᠢᠭ᠍ᠯᠠᠨ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠪᠡ᠃

ᠪᠠᠶᠠᠨᠬᠤᠱᠢᠭᠤ ᠵᠢᠷᠭᠤᠳᠤᠭᠠᠷ ᠳᠤᠮᠳᠠᠳᠤ ᠰᠤᠷᠭᠠᠭᠤᠯᠢ᠎ᠶ᠋ᠢᠨ ᠪᠠᠭ᠍ᠰᠢ ᠪᠠᠢ ᠢᠦᠢ ᠷᠦᠩ᠂ ᠤᠳᠤ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠲᠤᠬᠠᠢ ᠰᠤᠳᠤᠯᠤᠨ ᠶᠠᠷᠢᠯᠴᠠᠬᠤ ᠠᠵᠢᠯᠯᠠᠭ᠎ᠠ᠎ᠶ᠋ᠢ ᠰᠤᠷᠭᠠᠭᠤᠯᠢ᠎ᠶ᠋ᠢᠨ ᠵᠢᠭᠠᠨ ᠰᠤᠳᠤᠯᠬᠤ ᠳᠤᠭᠤᠢᠯᠠᠩ᠎ᠳᠤ ᠨᠢᠭᠡᠨᠲᠡ ᠪᠠᠢᠩᠭᠤᠵᠢᠭᠤᠯᠤᠨ ᠥᠷᠨᠢᠭᠦᠯᠵᠦ᠍ ᠪᠤᠢ᠃《ᠡᠢᠮᠦᠷᠬᠦ᠌ ᠵᠢᠭᠠᠨ ᠰᠤᠳᠤᠯᠬᠤ ᠠᠵᠢᠯᠯᠠᠭ᠎ᠠ᠎ᠪᠠᠷ ᠲᠠᠮᠵᠢᠨ ᠪᠠᠭ᠍ᠰᠢ᠎ᠨᠠᠷ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠠᠭᠤᠯᠭ᠎ᠠ᠎ᠶ᠋ᠢ ᠨᠡᠩ ᠰᠠᠢᠲᠤᠷ ᠡᠵᠡᠮᠱᠢᠵᠦ᠍᠂ ᠡᠭᠦᠨ᠎ᠦ ᠤᠯᠠᠮ᠎ᠢᠶᠠᠷ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ ᠳᠤᠮᠳᠠ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠶᠣᠰᠣ ᠰᠤᠷᠲᠠᠬᠤᠨ᠎ᠢ ᠪᠤᠢ ᠪᠣᠯᠭᠠᠵᠤ ᠬᠥᠮᠦᠨ᠎ᠢ ᠬᠥᠮᠦᠵᠢᠭᠦᠯᠬᠦ᠌ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ ᠪᠣᠯᠤᠨ᠎ᠠ》 ᠬᠡᠵᠦ ᠢᠯᠡᠷᠬᠡᠢᠯᠡᠪᠡ᠃

ᠣᠢᠯᠠᠭᠠᠭ᠍ᠰᠠᠨ᠎ᠢᠶᠠᠷ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠳᠤ ᠨᠡᠢᠲᠡ 43ᠳᠤᠮᠳᠠᠳᠤ ᠪᠠᠭ᠎ᠠ ᠰᠤᠷᠭᠠᠭᠤᠯᠢ (ᠬᠡᠦᠬᠡᠳ᠎ᠦᠨ ᠴᠡᠴᠡᠷᠯᠢᠭ)᠂ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠬᠦ᠌ ᠰᠤᠷᠭᠠᠭᠤᠯᠢ 29 ᠪᠠᠢᠵᠤ᠂ ᠣᠲᠣᠬᠠᠨ ᠪᠣᠯᠲᠠᠯ᠎ᠠ᠂ ᠪᠥᠬᠥ᠌ ᠬᠣᠱᠢᠭᠤᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤ ᠦᠶ᠎ᠡ ᠵᠢᠴᠢ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠬᠦ᠌ ᠡᠩ᠎ᠦᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠨᠢᠭᠡᠳᠦᠭᠡᠷ ᠣᠨ᠎ᠳᠤ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌᠎ᠶ᠋ᠢ ᠪᠡᠶᠡᠯᠡᠭᠦᠯᠵᠦ᠍᠂ ᠪᠥᠬᠥ᠌ ᠬᠣᠱᠢᠭᠤᠨ᠎ᠤ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠬᠦ᠌ ᠬᠡᠦᠬᠡᠳ᠎ᠦᠨ ᠴᠡᠴᠡᠷᠯᠢᠭ᠎ᠲᠦ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠬᠡᠷᠡᠭ᠌ᠯᠡᠨ ᠠᠰᠠᠷᠠᠨ ᠬᠥᠮᠦᠵᠢᠭᠦᠯᠬᠦ᠌ ᠠᠵᠢᠯᠯᠠᠭ᠎ᠠ᠎ᠶ᠋ᠢ ᠪᠥᠷᠬᠥᠭᠦᠯᠬᠦ᠌᠎ᠶ᠋ᠢ ᠪᠡᠶᠡᠯᠡᠭᠦᠯᠪᠡ᠃

《ᠪᠢᠳᠡ ᠠᠩᠭᠢ ᠪᠦᠷᠢ ᠬᠤᠪᠢᠰᠬᠠᠯ ᠤ᠋ᠨ ᠳᠠᠭᠤᠤ ᠲᠠᠭᠤᠯᠠᠬᠤ᠂ ᠰᠤᠷᠭᠠᠭᠤᠯᠢ᠎ᠶ᠋ᠢᠨ ᠬᠦᠷᠢᠶᠡᠨ᠎ᠦ ᠤᠷᠠᠯᠢᠭ᠎ᠤᠨ ᠨᠠᠢᠷ᠂ ᠳᠣᠬᠢᠶᠠᠨ᠎ᠤ ᠬᠡᠯᠡᠨ᠎ᠦ ᠪᠠᠭ᠎ᠠ ᠤᠷᠤᠯᠳᠤᠭᠠᠨ᠂ ᠨᠡᠢᠭᠡᠮ᠎ᠦᠨ ᠦᠶ᠋ᠯᠡᠳᠦᠯᠭᠡ᠎ᠶ᠋ᠢᠨ ᠰᠤᠳᠤᠯᠤᠨ ᠰᠤᠷᠤᠯᠴᠠᠬᠤ ᠠᠵᠢᠯᠯᠠᠭ᠎ᠠ ᠵᠡᠷᠭᠡ᠎ᠪᠡᠷ ᠳᠠᠮᠵᠢᠭᠤᠯᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠰᠤᠷᠤᠯᠴᠠᠯᠭ᠎ᠠ᠎ᠶ᠋ᠢ ᠡᠩ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠳᠤ ᠲᠤᠭᠤᠱᠢᠯᠠᠭᠤᠯᠵᠤ᠂ ᠰᠣᠷᠣᠭ᠍ᠴᠢ ᠶᠠᠷᠢᠵᠤ ᠴᠢᠲᠠᠬᠤ᠂ ᠪᠢᠴᠢᠵᠤ ᠴᠢᠲᠠᠬᠤ ᠪᠤᠯᠭᠠᠪᠠ᠃ ᠪᠠᠶᠠᠨᠬᠤᠱᠢᠭᠤ ᠵᠢᠷᠭᠤᠳᠤᠭᠠᠷ ᠳᠤᠮᠳᠠᠳᠤ ᠰᠤᠷᠭᠠᠭᠤᠯᠢ ᠎ᠶ᠋ᠢᠨ ᠬᠢᠨ ᠪᠠᠭ᠍ᠰᠢ ᠵᠢᠨ ᠡᠩᠨᠡᠭᠡᠨ᠎ᠦ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠵᠢᠭᠠᠨ ᠰᠤᠷᠭᠠᠯᠲᠠ᠎ᠶ᠋ᠢᠨ ᠡᠬᠢ ᠪᠠᠶᠠᠯᠢᠭ᠎ᠢ ᠪᠠᠶᠠᠯᠢᠭ᠍ᠵᠢᠭᠤᠯᠵᠤ᠂ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠤᠨ᠂ ᠰᠣᠷᠣᠭ᠍ᠴᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠡᠵᠡᠮᠱᠢᠨ ᠰᠠᠢᠲᠤᠷ ᠬᠡᠷᠡᠭ᠌ᠯᠡᠬᠦ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠬᠤ᠎ᠶ᠋ᠢ ᠦᠨᠡᠨ ᠬᠦ᠌ ᠪᠠᠲᠤᠯᠠᠵᠤ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠪᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢ ᠳᠡᠯᠭᠡᠷᠡᠭᠦᠯᠦᠨ ᠬᠡᠷᠡᠭ᠌ᠯᠡᠬᠦ᠌ ᠠᠵᠢᠯ᠎ᠢ ᠯᠠᠪᠳᠠᠭᠤᠨ᠎ᠢᠶᠠᠷ ᠠᠬᠢᠭᠤᠯᠤᠨ᠎ᠠ》 ᠭᠡᠵᠦ ᠪᠠᠶᠠᠨᠬᠤᠱᠢᠭᠤ ᠵᠢᠷᠭᠤᠳᠤᠭᠠᠷ ᠳᠤᠮᠳᠠᠳᠤ ᠰᠤᠷᠭᠠᠭᠤᠯᠢ᠎ᠶ᠋ᠢᠨ ᠳᠡᠳ᠋ ᠵᠠᠬᠢᠷᠤᠯ ᠪᠦᠦ ᠯᠢᠦ᠍ ᠱ᠌ᠢ ᠡᠯ ᠳᠠᠨᠢᠯᠴᠠᠭᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面