2024-06-18 10:35:57
《ᠪᠢ ᠪᠣᠯ ᠳᠤᠮᠳᠠᠳᠤ ᠤᠯᠤᠰ᠎ᠤᠨ ᠬᠥᠮᠦᠨ᠂ ᠪᠢ ᠪᠣᠯ ᠲᠠᠪᠤᠨ ᠮᠢᠩᠭᠠᠨ ᠵᠢᠯ᠎ᠦᠨ ᠪᠣᠯᠪᠠᠰᠤᠨ ᠪᠦᠬᠦᠢ ᠡᠷᠲᠡᠨ᠎ᠦ ᠲᠡᠦᠭᠡᠳᠦ ᠤᠯᠤᠰ᠎ᠤᠨ ᠦᠷ᠎ᠡ ᠬᠣᠢᠴᠢᠰ ᠁》 6 ᠰᠠᠷ᠎ᠠ᠎ᠶ᠋ᠢᠨ 7 ᠤ᠋ ᠡᠳᠦᠷ᠂ ᠰᠤᠷᠪᠤᠯᠵᠢᠯᠠᠭᠴᠢ ᠲᠦᠩᠯᠢᠶᠣᠤ ᠬᠤᠳᠠ᠎ᠶ᠋ᠢᠨ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ᠎ᠤ ᠰᠢᠳᠠᠢ ᠭᠣᠣᠯ ᠰᠤᠷᠭᠠᠭᠤᠯᠢ᠎ᠶ᠋ᠢᠨ ᠳᠥᠷᠪᠡᠳᠦᠭᠡᠷ ᠣᠨ᠎ᠤ ᠬᠣᠶᠠᠳᠤᠭᠠᠷ ᠠᠩᠬᠢ᠎ᠶ᠋ᠢᠨ ᠬᠢᠴᠢᠶᠡᠯ᠎ᠦᠨ ᠭᠡᠷ᠎ᠲᠦ ᠬᠦᠷᠬᠦ᠎ᠳᠤ᠂ ᠬᠡᠯᠡ ᠪᠢᠴᠢᠭ᠎ᠦᠨ ᠪᠠᠭ᠍ᠰᠢ᠎ᠶ᠋ᠢᠨ ᠵᠢᠩ ᠵᠢᠩ ᠶᠠᠭ ᠰᠠᠢᠬᠠᠨ ᠰᠤᠷᠤᠭᠴᠢᠳ᠎ᠢᠶᠡᠨ ᠳᠠᠭᠠᠭᠤᠯᠤᠨ《ᠪᠢ ᠪᠣᠯ ᠳᠤᠮᠳᠠᠳᠤ ᠤᠯᠤᠰ᠎ᠤᠨ ᠬᠥᠮᠦᠨ》 ᠭᠡᠬᠦ᠌ ᠵᠣᠬᠢᠶᠠᠯ᠎ᠢ ᠰᠤᠷᠤᠯᠴᠠᠵᠤ ᠪᠠᠢᠯ᠎ᠠ᠃ ᠬᠢᠴᠢᠶᠡᠯ ᠳᠡᠭᠡᠷ᠎ᠡ ᠰᠤᠷᠤᠭ᠍ᠴᠢᠳ ᠢᠳᠡᠪᠬᠢᠲᠡᠶ ᠣᠷᠣᠯᠴᠠᠵᠤ᠂ ᠢᠳᠡᠪᠬᠢᠲᠡᠶᠶᠠᠷᠢᠵᠤ᠂ ᠬᠥᠷ ᠬᠥᠭ᠌ᠵᠢᠶᠡᠨ᠎ᠢᠶᠡᠷ ᠪᠢᠯᠬᠠᠨ᠎ᠠ᠃
ᠳᠥᠷᠪᠡᠳᠦᠭᠡᠷ ᠣᠨ᠎ᠤ ᠬᠣᠶᠠᠳᠤᠭᠠᠷ ᠠᠩᠭᠢ᠎ᠶ᠋ᠢᠨ ᠵᠤᠯᠠ ᠰᠤᠷᠪᠤᠯᠵᠢᠯᠠᠭ᠍ᠴᠢ᠎ᠳᠤ᠄ 《ᠪᠢ ᠮᠠᠨ᠎ᠤ ᠤᠯᠠᠮᠵᠢᠯᠠᠯᠲᠤ ᠰᠣᠶᠣᠯ᠎ᠢᠶᠠᠨ ᠮᠠᠰᠢ ᠪᠠᠬᠠᠷᠬᠠᠨ᠎ᠠ᠂ ᠮᠢᠨᠦ᠍ ᠬᠦᠰᠡᠯᠡᠩ ᠪᠣᠯ ᠲᠡᠦᠬᠡ᠎ᠵᠢᠨ ᠰᠤᠳᠤᠯᠭᠠᠳᠠᠨ ᠪᠤᠯᠵᠤ᠂ ᠮᠠᠨ᠎ᠤ ᠳᠤᠮᠳᠠᠳᠤ᠎ᠶ᠋ᠢᠨ ᠲᠠᠪᠤᠨ ᠮᠢᠩᠭᠠᠨ ᠵᠢᠯ᠎ᠦᠨ ᠪᠣᠯᠪᠠᠰᠤᠨ᠎ᠤ ᠲᠡᠦᠬᠡ ᠵᠢ ᠰᠤᠳᠤᠯᠤᠨ᠎ᠠ》 ᠬᠡᠯᠡ᠃
ᠵᠢᠨ ᠵᠢᠩ ᠵᠢᠩ ᠪᠣᠯ ᠰᠢᠳᠠᠢ ᠭᠤᠤᠯ ᠰᠤᠷᠭᠠᠭᠤᠯᠢ᠎ᠶ᠋ᠢᠨ ᠬᠡᠯᠡ ᠪᠢᠴᠢᠭ᠎ᠦᠨ ᠪᠠᠭ᠍ᠰᠢ ᠶᠤᠮ᠂ ᠣᠢᠷ᠎ᠠ᠎ᠶ᠋ᠢᠨ ᠬᠡᠳᠦᠨ ᠵᠢᠯ᠎ᠦᠨ ᠠᠵᠢᠯ᠎ᠤᠨ ᠳᠤᠮᠳᠠ᠎ᠪᠠᠨ ᠲᠡᠷᠡ ᠪᠡᠷ ᠬᠢᠴᠢᠶᠡᠯᠯᠡᠬᠦ᠌ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠦᠨ ᠪᠠᠶᠠᠯᠢᠭ᠍ᠵᠢᠭᠤᠯᠵᠤ᠂ ᠬᠡᠦᠬᠡᠳ᠎ᠦᠨ ᠰᠤᠷᠤᠯᠴᠠᠬᠤ ᠣᠨᠴᠠᠯᠢᠭ᠎ᠢ ᠦᠨᠳᠦᠰᠦᠯᠡᠨ᠂ ᠬᠢᠴᠢᠶᠡᠯ ᠵᠢᠡᠨ ᠨᠠᠷᠢᠯᠢᠭ ᠰᠠᠢᠬᠠᠨ ᠪᠡᠯᠡᠳᠬᠡᠵᠦ᠂ ᠰᠤᠷᠤᠭ᠍ᠴᠢᠳ᠎ᠤᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠬᠡᠯᠡ ᠪᠢᠴᠢᠭ᠎ᠦᠨ ᠵᠢᠭᠠᠬᠤ ᠮᠠᠲ᠋ᠧᠷᠢᠶᠠᠯ᠎ᠢ ᠤᠢᠯᠠᠭᠠᠨ ᠡᠵᠡᠮᠰᠢᠬᠦ ᠵᠢ ᠠᠬᠢᠭᠤᠯᠵᠤ᠂ ᠤᠯᠤᠰ ᠵᠢᠡᠨ ᠬᠠᠢᠷᠠᠯᠠᠬᠤ ᠰᠡᠳᠭᠢᠯᠭᠡ ᠪᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠬᠡᠦᠬᠡᠳ᠎ᠦᠨ ᠰᠡᠳᠭᠢᠯ᠎ᠳᠦ ᠭᠦᠨ ᠬᠠᠳᠠᠩᠱᠢᠭᠤᠯᠵᠠᠶ᠃
《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠨᠢ ᠬᠡᠦᠬᠡᠳ᠎ᠤᠳ᠎ᠤᠨ ᠡᠷᠳᠡᠮ ᠮᠡᠳᠡᠯᠭᠡ ᠵᠢ ᠨᠡᠩ ᠰᠠᠢᠳᠤᠷ ᠰᠤᠷᠤᠯᠴᠠᠵᠤ᠂ ᠨᠡᠩ ᠰᠠᠢᠨ ᠠᠯᠤᠰ ᠢᠷᠡᠭᠡᠳᠦᠢ ᠵᠢ ᠴᠤᠭᠴᠠᠯᠠᠬᠤ ᠳ᠋ᠤ ᠮᠠᠰᠢ ᠶᠡᠬᠡ ᠬᠠᠪᠰᠤᠷᠤᠯᠭ᠎ᠠ ᠪᠣᠯᠤᠨ᠎ᠠ᠂ ᠬᠡᠦᠬᠡᠳ᠎ᠦᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠵᠤ ᠰᠠᠢᠲᠤᠷ ᠬᠡᠷᠡᠭ᠌ᠯᠡᠬᠦ ᠳ᠋ᠤ ᠲᠤᠰᠠᠯᠠᠮᠵᠢ ᠦᠵᠡᠬᠦᠯᠬᠦ ᠪᠣᠯ ᠮᠢᠨᠦ᠍ ᠵᠠᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠮᠦᠨ》 ᠭᠡᠵᠦ᠍᠎ᠶ᠋ᠢᠨ ᠵᠢᠩ ᠵᠢᠩ ᠬᠡᠯᠡᠨ᠎ᠡ᠃
ᠣᠢᠯᠠᠭᠠᠭ᠍ᠰᠠᠨ᠎ᠢᠶᠠᠷ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠵᠢᠭᠦᠯᠦᠭ᠌ᠰᠡᠨ᠎ᠡᠴᠡ ᠨᠠᠭᠠᠰᠢ ᠰᠤᠷᠤᠭ᠍ᠴᠢᠳ᠎ᠢ ᠰᠠᠢᠲᠤᠷ ᠰᠤᠷᠤᠯᠴᠠᠭᠤᠯᠬᠤ᠎ᠶ᠋ᠢᠨ ᠲᠥᠯᠥᠭᠡ᠂ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ᠎ᠤ ᠰᠢᠳᠠᠢ ᠭᠤᠤᠯ ᠰᠤᠷᠭᠠᠭᠤᠯᠢ ᠵᠢᠨ ᠬᠢᠨ ᠦᠷᠭᠦᠯᠵᠢ ᠪᠠᠭ᠍ᠰᠢ ᠠᠵᠢᠯᠲᠠᠨ᠎ᠢ ᠵᠣᠬᠢᠶᠠᠨ ᠪᠠᠢᠭᠤᠯᠵᠤ ᠱᠢᠰᠲ᠋ᠧᠮ᠎ᠲᠡᠶ ᠪᠣᠯᠪᠠᠰᠤᠷᠠᠯ ᠬᠦᠷᠳᠡᠭᠡᠬᠦ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠣᠨᠣᠯ᠎ᠤᠨ ᠬᠡᠪ ᠪᠣᠯᠪᠠᠰᠤᠷᠠᠯ ᠪᠠ ᠵᠢᠭᠠᠨ ᠰᠤᠷᠭᠠᠬᠤ ᠴᠢᠳᠠᠪᠤᠷᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠰᠠᠢᠲᠤᠷ ᠡᠵᠡᠮᠱᠢᠨ ᠬᠡᠷᠡᠭ᠌ᠯᠡᠬᠦ᠌᠎ᠶ᠋ᠢ ᠦᠨᠡᠨ ᠬᠦ᠌ ᠪᠠᠲᠤᠯᠠᠪᠠ᠃
ᠨᠥᠭᠥᠭᠡ ᠲᠠᠯ᠎ᠠ᠎ᠪᠠᠷ᠂ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ᠎ᠤ ᠮᠣᠩᠭᠣᠯ ᠦᠨᠳᠦᠰᠦᠲᠡᠨ᠎ᠦ ᠳᠤᠮᠳᠠᠳᠤ ᠰᠤᠷᠭᠠᠭᠤᠯᠢ᠎ᠳᠤ ᠶᠠᠪᠤᠭ᠍ᠳᠠᠭ᠍ᠰᠠᠨ《ᠴᠠᠭ ᠦᠶ᠎ᠡ᠎ᠶ᠋ᠢᠨ ᠬᠥᠭ ᠠᠢᠵᠠᠮ》 ᠭᠡᠬᠦ ᠤᠷᠠᠨ ᠤᠩᠰᠢᠯᠭ᠎ᠠ ᠵᠢᠨ ᠲᠣᠭ᠍ᠯᠠᠯᠲᠠ ᠳᠡᠭᠡᠷ᠎ᠡ᠂ ᠰᠤᠷᠤᠭ᠍ᠴᠢᠳ ᠤᠯᠤᠰ ᠵᠢᠡᠨ ᠬᠠᠢᠷᠠᠯᠠᠬᠤ ᠰᠡᠳᠭᠢᠯᠭᠡ ᠪᠠ ᠰᠠᠢᠨ ᠰᠠᠢᠬᠠᠨ ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ᠎ᠢᠶᠡᠨ ᠤᠶᠠᠩᠭᠠᠯᠠᠨ ᠢᠯᠡᠳᠭᠡᠵᠦ᠍ ᠪᠠᠢᠯ᠎ᠠ᠃
《ᠪᠢ ᠪᠣᠯ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠨ᠎ᠦ ᠤᠷᠠᠨ ᠤᠩᠱᠢᠯᠭ᠎ᠠ᠎ᠶ᠋ᠢᠨ ᠳᠤᠭᠤᠢᠯᠠᠩ᠎ᠤᠨ ᠨᠢᠭᠡ ᠭᠡᠱᠢᠭᠦᠨ ᠶᠤᠮ᠃ ᠥᠨᠥᠳᠦᠷ᠎ᠤᠨ ᠲᠣᠭ᠍ᠯᠠᠯᠲᠠ᠎ᠳᠤ ᠪᠡᠯᠡᠳᠭᠡᠵᠦ᠂ ᠪᠢᠳᠡ ᠤᠳᠠᠭᠠᠨ ᠬᠤᠭᠤᠴᠠᠭ᠎ᠠ ᠪᠣᠯᠪᠠᠰᠤᠷᠠᠵᠠᠢ᠂ ᠥᠨᠥᠳᠦᠷ ᠬᠦᠮᠦᠰ ᠣᠯᠠᠨ ᠤᠳᠠᠭ᠎ᠠ ᠨᠢᠵᠢᠬᠢᠨᠠᠳᠠᠯᠠ ᠠᠯᠠᠭ᠎ᠠ ᠲᠠᠰᠢᠬᠰᠠᠨ᠂ ᠪᠢ ᠲᠤᠩ ᠪᠠᠶᠠᠷᠯᠠᠵᠤ ᠪᠠᠢᠨ᠎ᠠ᠂ ᠬᠤᠢᠰᠢᠳᠠ ᠪᠠᠰᠠ ᠰᠤᠷᠭᠠᠭᠤᠯᠢ᠎ᠶ᠋ᠢᠨ ᠵᠣᠬᠢᠶᠠᠨ ᠪᠠᠢᠭᠤᠯᠤᠭ᠍ᠰᠠᠨ ᠤᠷᠠᠨ ᠤᠩᠱᠢᠯᠭ᠎ᠠ᠎ᠶ᠋ᠢᠨ ᠬᠥᠳᠡᠯᠭᠡᠭᠡᠨ᠎ᠳᠦ ᠦᠷᠭᠦᠯᠵᠢᠯᠡᠨ ᠣᠷᠣᠯᠴᠠᠨ᠎ᠠ》 ᠭᠡᠵᠦ ᠰᠤᠷᠤᠭ᠍ᠴᠢ ᠲᠡᠷᠭᠡᠯ ᠰᠡᠳᠭᠢᠯ ᠳᠣᠭ᠍ᠳᠣᠯᠤᠨ ᠶᠠᠷᠢᠨ᠎ᠠ᠃
ᠣᠢᠯᠠᠭᠠᠭ᠍ᠰᠠᠨ᠎ᠢᠶᠠᠷ᠂ ᠥᠷᠭᠡᠨ ᠣᠯᠠᠨ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠨᠡᠩ ᠰᠠᠢᠲᠤᠷ ᠰᠤᠷᠤᠯᠴᠠᠨ ᠰᠠᠢᠲᠤᠷ ᠬᠡᠷᠡᠭ᠌ᠯᠡᠬᠦ ᠵᠢ ᠠᠬᠢᠭᠤᠯᠬᠤ ᠶ᠋ᠢᠨ ᠲᠥᠯᠥᠭᠡ᠂ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤ ᠳᠤᠮᠳᠠᠳᠤ᠎ᠶ᠋ᠢᠨ ᠰᠣᠩᠭᠣᠳᠠᠭ ᠪᠦᠲᠦᠭᠡᠯ ᠤᠩᠱᠢᠬᠤ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠵᠦ᠍᠂ ᠳᠤᠮᠳᠠᠳᠤ᠎ᠶ᠋ᠢᠨ ᠰᠣᠩᠭᠣᠳᠠᠭ ᠪᠦᠲᠦᠭᠡᠯ᠎ᠢ ᠤᠩᠱᠢᠬᠤ ᠤᠷᠤᠯᠳᠤᠭᠠᠨ᠂ ᠲᠦᠷᠢᠮᠵᠢᠭᠰᠡᠨ ᠬᠢᠲᠠᠳ ᠥᠰᠥᠭ᠎ᠦᠨ ᠰᠣᠨᠣᠰᠴᠤ᠌ ᠪᠢᠴᠢᠬᠦ᠌ ᠤᠷᠤᠯᠳᠤᠭᠠᠨ᠂ ᠨᠡᠢᠲᠡᠯᠢᠭ ᠬᠡᠯᠡᠨ᠎ᠦ ᠥᠷᠢᠰᠥᠯᠳᠦᠭᠡᠨ᠎ᠳᠦ ᠤᠷᠤᠯᠳᠤᠭᠠᠨ ᠵᠡᠷᠭᠡ ᠠᠵᠢᠯᠯᠠᠭ᠎ᠠ᠎ᠶ᠋ᠢ ᠵᠤᠬᠢᠶᠠᠨ ᠪᠠᠢᠭᠤᠯᠤᠨ ᠦᠷᠨᠢᠭᠦᠯᠵᠦ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠬᠦ᠌ ᠠᠵᠢᠯ᠎ᠢ ᠦᠷᠭᠦᠯᠵᠢᠯᠡᠨ ᠰᠠᠢᠲᠤᠷ ᠬᠢᠪᠠ᠃
ᠳᠠᠷᠠᠭᠠᠴᠢ᠎ᠶ᠋ᠢᠨ ᠠᠯᠬᠤᠮ᠎ᠳᠤ᠂ ᠬᠣᠷᠴᠢᠨ ᠵᠡᠭᠦᠨ ᠭᠠᠷᠤᠨ ᠳᠤᠮᠳᠠᠳᠤ ᠬᠤᠰᠢᠭᠤ ᠡᠷᠴᠢᠮ᠎ᠢᠶᠡᠨ ᠴᠢᠩᠭᠠᠷᠠᠭᠤᠯᠵᠤ᠂ ᠪᠦᠬᠦ᠌ ᠣᠷᠣᠨ᠎ᠤ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠠᠭᠤᠷᠢ᠎ᠶ᠋ᠢ ᠪᠡᠬᠢᠵᠢᠭᠦᠯᠬᠦ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃