ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-06-28 10:16:59

ᠵᠣᠬᠢᠶᠠᠭ᠍ᠴᠢ᠄ ᠸᠠᠩ ᠶᠠ ᠵᠢᠩ ᠣᠩᠱᠢᠭ᠍ᠰᠠᠨ ᠣᠳᠠᠭ᠎ᠠ᠄ 3

《ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠣᠶᠤᠨᠴᠢ ᠬᠠᠪᠰᠤᠷᠤᠨ ᠰᠤᠷᠭᠠᠬᠤ ᠱᠢᠰᠲ᠋ᠧᠮ᠎ᠢ ᠠᠱᠢᠭ᠍ᠯᠠᠨ᠂ ᠮᠠᠨ᠎ᠤ ᠬᠡᠦᠬᠡᠳ᠎ᠦᠨ ᠴᠡᠴᠡᠷᠯᠢᠭ ᠰᠤᠷᠤᠯᠭ᠎ᠠ᠎ᠶ᠋ᠢᠨ ᠬᠤᠭᠤᠴᠠᠭ᠎ᠠ ᠪᠦᠷᠢ᠎ᠳᠦ ᠨᠠᠭᠠᠳᠤ ᠵᠠᠬ᠎ᠠ᠎ᠳᠠᠭᠠᠨ 3 ᠤᠳᠠᠭ᠎ᠠ ᠨᠡᠢᠲᠡᠯᠢᠭ ᠬᠡᠯᠡᠨ᠎ᠦ ᠬᠢᠷᠢ ᠲᠦᠪᠱᠢᠨ᠎ᠦ ᠬᠥᠳᠡᠯᠦᠩᠭᠦᠶ ᠬᠢᠨᠠᠨ ᠬᠡᠮᠵᠢᠯᠲᠡ ᠬᠢᠵᠦ᠍᠂ ᠪᠦᠬᠦ᠌ ᠴᠡᠴᠡᠷᠯᠢᠭ᠎ᠦᠨ ᠬᠡᠦᠬᠡᠳ᠎ᠦᠨ ᠨᠡᠢᠲᠡᠯᠢᠭ ᠬᠡᠯᠡᠨ᠎ᠦ ᠬᠢᠷᠢ ᠲᠦᠪᠱᠢᠨ᠎ᠢ ᠴᠠᠭ ᠲᠤᠬᠠᠶ᠎ᠳᠤᠨᠢ ᠡᠵᠡᠮᠱᠢᠵᠦ ᠪᠠᠢᠨ᠎ᠠ 》 ᠭᠡᠵᠦ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠨᠠᠶ᠋ᠮᠠᠳᠤᠭᠠᠷ ᠬᠡᠦᠬᠡᠳ᠎ᠦᠨ ᠴᠡᠴᠡᠷᠯᠢᠭ᠎ᠦᠨ ᠳᠡᠳ᠋ ᠳᠠᠷᠤᠭ᠎ᠠ ᠼᠤᠤ ᠯᠸᠢ ᠲᠠᠨᠢᠯᠴᠠᠭᠤᠯᠬᠤ᠎ᠳᠠᠭᠠᠨ᠂ ᠲᠣᠰ ᠴᠡᠴᠡᠷᠯᠢᠭ᠎ᠲᠦ ᠶᠠᠪᠤᠭ᠍ᠳᠠᠭ᠍ᠰᠠᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠥᠷᠥᠯ ᠵᠦᠶ᠋ᠯ᠎ᠦᠨ ᠰᠠᠢᠬᠠᠨ ᠲᠣᠭᠣᠷᠢᠭ᠎ᠤᠨ ᠲᠥᠷᠥᠯ ᠵᠦᠶ᠋ᠯ᠎ᠦᠨ ᠰᠤᠷᠭᠠᠭᠤᠯᠢ (ᠴᠡᠴᠡᠷᠯᠢᠭ) ᠵᠢᠨ ᠬᠡᠦᠬᠡᠳ ᠪᠠᠭᠠᠴᠤᠳ᠎ᠤᠨ ᠬᠢᠨᠠᠨ ᠬᠡᠮᠵᠢᠯᠲᠡ᠎ᠶ᠋ᠢ ᠠᠬᠢᠭᠤᠯᠬᠤ ᠬᠤᠷᠠᠯ ᠳᠡᠭᠡᠷ᠎ᠡ᠂ ᠼᠤᠤ ᠯᠸᠢ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠬᠡᠦᠬᠡᠳ᠎ᠦᠨ ᠨᠡᠢᠲᠡᠯᠢᠭ ᠬᠡᠯᠡᠨ᠎ᠦ ᠴᠢᠳᠠᠪᠤᠷᠢ᠎ᠶ᠋ᠢ ᠮᠥᠷᠳᠡᠨ ᠬᠢᠨᠠᠨ ᠬᠡᠮᠵᠢᠬᠦ᠌ ᠱᠢᠰᠲ᠋ᠧᠮ᠎ᠦᠨ ᠬᠡᠷᠡᠭ᠌ᠯᠡᠯᠲᠡ᠂ ᠮᠥᠷᠳᠡᠨ ᠬᠢᠨᠠᠨ ᠬᠡᠮᠵᠢᠬᠦ᠌᠎ᠶ᠋ᠢ ᠬᠡᠷᠡᠭ᠌ᠵᠢᠭᠦᠯᠬᠦ᠌ ᠠᠷᠭ᠎ᠠ ᠵᠢᠴᠢ ᠬᠢᠨᠠᠨ ᠬᠡᠮᠵᠢᠬᠦ᠌ ᠶᠠᠪᠤᠴᠠ᠎ᠳᠠᠬᠢ ᠠᠩᠬᠠᠷᠬᠤ ᠵᠦᠶ᠋ᠯᠡᠰ ᠵᠡᠷᠭᠡ᠎ᠳᠦ ᠨᠠᠷᠢᠨ ᠲᠠᠢᠯᠤᠮᠵᠢ ᠬᠢᠭ᠌ᠰᠡᠨ ᠪᠥᠭᠡᠳ ᠲᠤᠬᠠᠶ᠎ᠶ᠋ᠢᠨ ᠲᠠᠯᠠᠪᠠᠶ᠎ᠳᠤ ᠬᠢᠨᠠᠨ ᠬᠡᠮᠵᠢᠬᠦ᠌ ᠱᠢᠰᠲ᠋ᠧᠮ᠎ᠦᠨ ᠠᠵᠢᠯᠯᠠᠭᠠᠨ ᠢ᠋ ᠵᠢᠯᠣᠭᠣᠳᠪᠠ᠃

ᠬᠡᠦᠬᠡᠳ ᠎ᠦᠨ ᠴᠡᠴᠡᠷᠯᠢᠭ ᠪᠠ ᠪᠠᠭ᠎ᠠ ᠰᠤᠷᠭᠠᠭᠤᠯᠢ ᠪᠣᠯ ᠬᠡᠦᠬᠡᠳ᠎ᠦᠨ ᠨᠡᠢᠲᠡᠯᠢᠭ ᠬᠡᠯᠡ᠎ᠶ᠋ᠢ ᠰᠠᠢᠲᠤᠷ ᠶᠠᠷᠢᠵᠤ᠂ ᠳᠦᠷᠢᠮᠵᠢᠭ᠌ᠰᠡᠨ ᠦᠰᠦᠭ ᠎ᠢ ᠰᠠᠢᠲᠤᠷ ᠪᠢᠴᠢᠬᠦ᠌᠎ᠶ᠋ᠢᠨ ᠵᠠᠩᠭᠢᠯᠠᠭ᠎ᠠ᠎ᠶ᠋ᠢᠨ ᠰᠤᠷᠤᠯᠭ᠎ᠠ ᠵᠢᠨ ᠬᠤᠭᠤᠴᠠᠭ᠎ᠠ ᠮᠥᠨ᠃ ᠬᠥᠬᠡᠬᠣᠲᠠ᠎ᠶ᠋ᠢᠨ ᠰᠠᠢᠬᠠᠨ ᠲᠣᠭᠣᠷᠢᠭ ᠤᠯᠤᠰ ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠦᠷᠦᠯ ᠵᠦᠢᠯ᠎ᠦᠨ ᠰᠤᠷᠭᠠᠭᠤᠯᠢ (ᠴᠡᠴᠡᠷᠯᠢᠭ ) ᠵᠢᠨ ᠭᠣᠣᠯᠳᠠᠯᠭ᠎ᠠ᠎ᠲᠠᠶ ᠠᠵᠢᠯ᠎ᠢ ᠰᠠᠢᠲᠤᠷ ᠠᠳᠭᠤᠵᠤ᠂ ᠬᠡᠦᠬᠡᠳ᠎ᠦᠳ᠎ᠦᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠬᠥᠳᠡᠯᠦᠩᠭᠦᠢ ᠪᠡᠷ ᠳᠡᠭᠡᠭ᠌ᠰᠢᠯᠡᠭᠦᠯᠪᠡ᠃

ᠰᠠᠢᠬᠠᠨ ᠲᠣᠭᠣᠷᠢᠭ᠎ᠤᠨ ᠲᠥᠷᠥᠯ ᠵᠦᠶ᠋ᠯ᠎ᠦᠨ ᠴᠡᠴᠡᠷᠯᠢᠭ ᠨᠢ ᠰᠤᠷᠬᠤ ᠨᠠᠰᠤᠨ᠎ᠠᠴᠠ ᠡᠮᠦᠨᠡᠬᠢ ᠤᠶᠤᠨᠴᠢ ᠬᠠᠪᠰᠤᠷᠤᠨ ᠰᠤᠷᠭᠠᠬᠤ ᠱᠢᠰᠲ᠋ᠧᠮ᠎ᠳᠦ ᠲᠦᠱᠢᠭ᠌ᠯᠡᠨ ᠠᠰᠠᠷᠠᠨ ᠬᠥᠮᠦᠵᠢᠭᠦᠯᠬᠦ᠌ ᠠᠵᠢᠯᠯᠠᠭ᠎ᠠ ᠥᠷᠨᠢᠭᠦᠯᠵᠦ᠍᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠬᠡᠦᠬᠡᠳ᠎ᠲᠦ ᠦᠭᠡ ᠬᠡᠯᠡ ᠰᠤᠷᠬᠤ ᠵᠢᠷᠤᠮᠵᠢᠭᠤᠨ ᠣᠷᠴᠢᠨ ᠨᠥᠬᠥᠴᠡᠯ᠎ᠢ ᠪᠣᠶ ᠪᠣᠯᠭᠠᠵᠤ᠂ ᠲᠡᠳᠡᠨ ᠎ᠦ ᠨᠡᠢᠲᠡᠯᠢᠭ ᠬᠡᠯᠡᠨ᠎ᠦ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠪᠡ; ᠲᠥᠷᠥᠯ ᠵᠦᠶ᠋ᠯ᠎ᠦᠨ ᠰᠤᠷᠭᠠᠭᠤᠯᠢ᠎ᠨᠢ ᠰᠤᠷᠤᠭ᠍ᠴᠢᠳ ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠤᠰᠭᠠᠶ ᠰᠡᠳᠦᠪᠲᠦ ᠰᠤᠷᠤᠯᠴᠠᠯᠭ᠎ᠠ᠎ᠶ᠋ᠢ ᠥᠷᠨᠢᠭᠦᠯᠵᠦ᠍᠂ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠦᠨ ᠲᠤᠰᠭᠠᠶ ᠰᠡᠳᠦᠪᠲᠦ ᠬᠢᠴᠢᠶᠡᠯ᠎ᠦᠨ ᠲᠠᠩᠬᠢᠮ ᠪᠠ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠬᠢᠴᠢᠶᠡᠯ ᠪᠡᠯᠡᠳᠭᠡᠬᠦ᠌ ᠱᠢᠰᠲ᠋ᠧᠮ᠎ᠢ ᠡᠳᠦᠷ ᠲᠤᠲᠤᠮ᠎ᠤᠨ ᠵᠢᠭᠠᠨ ᠰᠤᠷᠭᠠᠯᠲᠠ᠎ᠳ᠋ᠸ᠋ ᠪᠠᠢᠩᠭᠤᠵᠢᠭᠤᠯᠤᠨ ᠬᠡᠷᠡᠭ᠌ᠯᠡᠬᠦ᠌᠎ᠶ᠋ᠢ ᠪᠡᠶᠡᠯᠡᠭᠦᠯᠵᠦ᠍᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃ ᠲᠥᠷᠥᠯ ᠵᠦᠶ᠋ᠯ᠎ᠦᠨ ᠰᠤᠷᠭᠠᠭᠤᠯᠢ᠎ᠨᠢ ᠰᠤᠷᠭᠠᠨ ᠬᠥᠮᠦᠵᠢᠯ᠎ᠦᠨ ᠶᠠᠮᠤᠨ᠎ᠤ ᠬᠠᠮᠢᠶ᠎ᠠ ᠪᠥᠬᠥᠶ ᠬᠢᠨᠠᠨ ᠬᠡᠮᠵᠢᠬᠦ᠌ ᠪᠠᠷᠢᠮᠵᠢᠶ᠎ᠠ᠎ᠶ᠋ᠢ ᠦᠨᠳᠦᠰᠦᠯᠡᠨ᠂ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠦᠨ ᠲᠤᠰᠭᠠᠶ ᠰᠡᠳᠦᠪᠲᠦ ᠬᠢᠴᠢᠶᠡᠯ᠎ᠦᠨ ᠲᠠᠩᠬᠢᠮ᠎ᠳᠤ ᠲᠦᠱᠢᠭ᠌ᠯᠡᠵᠦ᠍᠂ ᠰᠤᠷᠤᠭ᠍ᠴᠢᠳ᠎ᠤᠨ ᠰᠤᠷᠤᠯᠭ᠎ᠠ᠎ᠶ᠋ᠢᠨ ᠬᠤᠭᠤᠴᠠᠭ᠎ᠠ ᠪᠦᠷᠢ᠎ᠳᠦ 3 ᠤᠳᠠᠭ᠎ᠠ᠎ᠠᠴᠠ ᠳᠡᠭᠡᠭ᠌ᠰᠢ ᠬᠢᠨᠠᠨ ᠬᠡᠮᠵᠢᠬᠦ᠌ ᠠᠵᠢᠯ᠎ᠢ ᠥᠷᠨᠢᠭᠦᠯᠵᠦ᠍᠂ ᠬᠢᠴᠢᠶᠡᠯ᠎ᠦᠨ ᠪᠠᠷᠢᠮᠵᠢᠶ᠎ᠠ ᠪᠠ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠎ᠦᠨ ᠴᠢᠳᠠᠪᠤᠷᠢ ᠎ᠶ᠋ᠢ ᠳᠡᠭᠡᠭ᠌ᠰᠢᠯᠡᠭᠦᠯᠬᠦ᠌ ᠬᠠᠷᠠᠯᠲᠠ ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠪᠡ; ᠲᠥᠷᠥᠯ ᠵᠦᠶ᠋ᠯ᠎ᠦᠨ ᠰᠤᠷᠭᠠᠭᠤᠯᠢ(ᠴᠡᠴᠡᠷᠯᠢᠭ)ᠨᠢ ᠪᠥᠬᠥ᠌ ᠪᠠᠭ᠍ᠰᠢ᠎ᠨᠠᠷ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠬᠡᠪ᠎ᠦᠨ ᠪᠣᠯᠪᠠᠰᠤᠷᠠᠯ᠎ᠢ ᠥᠷᠨᠢᠭᠦᠯᠵᠦ᠍᠂ ᠬᠤᠪᠢ ᠬᠥᠮᠦᠨ᠎ᠦ ᠲᠠᠩᠰᠠᠨ ᠨᠣᠮᠧᠷ᠎ᠢ ᠪᠠᠢᠭᠤᠯᠬᠤ᠂ ᠲᠣᠭ᠍ᠲᠠᠮᠠᠯ ᠬᠤᠭᠤᠴᠠᠭ᠎ᠠ᠎ᠲᠠᠶ᠎ᠪᠠᠷ ᠰᠤᠷᠤᠯᠴᠠᠨ ᠲᠡᠮᠳᠡᠭᠯᠡᠬᠦ᠂ ᠳᠠᠭᠤᠷᠢᠶᠠᠮᠠᠯ ᠰᠣᠷᠢᠯᠲᠠ ᠎ᠶ᠋ᠢᠨ ᠲᠣᠭ᠎ᠠ ᠪᠠᠷᠢᠮᠲᠠ᠎ᠶ᠋ᠢ ᠴᠤᠭ᠍ᠯᠠᠭᠤᠯᠤᠨ ᠵᠠᠳᠠᠯᠬᠤ᠂ ᠲᠣᠭ᠍ᠲᠠᠮᠠᠯ ᠬᠤᠭᠤᠴᠠᠭ᠎ᠠ᠎ᠲᠠᠶ᠎ᠪᠠᠷ ᠱᠢᠯᠭᠠᠵᠦ ᠬᠢᠨᠠᠨ ᠱᠢᠨᠵᠢᠬᠦ᠌᠂ ᠱᠢᠯᠢᠳᠡᠭ᠎ᠢ ᠱᠢᠯᠭᠠᠷᠠᠭᠤᠯᠤᠨ ᠰᠠᠢᠱᠢᠶᠠᠨ ᠬᠥᠬᠢᠭᠦᠯᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠪᠠᠭ᠍ᠰᠢ᠎ᠨᠠᠷ᠎ᠤᠨ ᠲᠣᠭ᠍ᠲᠠᠮᠠᠯ ᠬᠤᠭᠤᠴᠠᠭ᠎ᠠ᠎ᠲᠠᠶ᠎ᠪᠠᠷ ᠰᠤᠷᠤᠯᠴᠠᠬᠤ ᠵᠢ ᠱᠠᠯᠠᠪᠳᠠᠭᠤᠯᠤᠨ ᠵᠣᠷᠢᠭ᠍ᠵᠢᠭᠤᠯᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ᠃ ᠲᠥᠷᠥᠯ ᠵᠦᠶ᠋ᠯ᠎ᠦᠨ ᠰᠤᠷᠭᠠᠭᠤᠯᠢ (ᠴᠡᠴᠡᠷᠯᠢᠭ ) ᠡᠴᠠ ᠪᠠᠭ᠍ᠰᠢ᠎ᠶ᠋ᠢᠨ ᠨᠡᠢᠲᠡᠯᠢᠭ ᠬᠡᠯᠡᠨ᠎ᠦ ᠪᠠᠷᠢᠮᠵᠢᠶ᠎ᠠ᠎ᠳᠤ ᠬᠦᠷᠦᠭ᠌ᠰᠡᠨ ᠵᠢᠴᠢ ᠳᠡᠭᠡᠭ᠌ᠰᠢᠯᠡᠭ᠌ᠰᠡᠨ ᠪᠠᠢᠳᠠᠯ᠎ᠢ ᠮᠥᠷᠳᠡᠨ ᠪᠦᠷᠢᠳᠭᠡᠵᠦ᠍᠂ ᠠᠩᠬᠠᠨ᠎ᠤ ᠬᠢᠨᠠᠨ ᠬᠡᠮᠵᠢᠯᠲᠡ᠂ ᠡᠭᠦᠷᠭᠡ᠎ᠶ᠋ᠢᠨ ᠰᠤᠷᠤᠯᠴᠠᠯᠭ᠎ᠠ᠂ ᠲᠤᠰᠭᠠᠶ ᠮᠡᠷᠭᠡᠵᠢᠯᠲᠡᠨ᠎ᠦ ᠬᠠᠪᠰᠤᠷᠤᠨ ᠵᠢᠯᠣᠭᠣᠳᠣᠯᠭ᠎ᠠ᠂ ᠪᠡᠶ᠎ᠡ᠎ᠪᠡᠨ ᠳᠠᠭᠠᠭᠠᠵᠤ ᠰᠤᠷᠤᠯᠴᠠᠬᠤ᠂ ᠳᠠᠭᠤᠷᠢᠶᠠᠮᠠᠯ ᠰᠣᠷᠢᠯᠲᠠ᠂ ᠱᠠᠲᠤᠴᠢ ᠬᠢᠨᠠᠨ ᠬᠡᠮᠵᠢᠯᠲᠡ᠎ᠶ᠋ᠢᠨ ᠱᠢᠰᠲ᠋ᠧᠮᠵᠢᠭᠰᠡᠨ᠂ ᠪᠠᠢᠩᠭᠤᠵᠢᠭᠰᠠᠨ ᠳᠡᠭᠡᠭ᠌ᠰᠢᠯᠡᠭᠦᠯᠬᠦ᠌ ᠵᠠᠭ᠍ᠪᠤᠷ᠎ᠢ ᠪᠦᠷᠢᠯᠳᠦᠭᠦᠯᠪᠡ᠃ ᠲᠥᠷᠥᠯ ᠵᠦᠶ᠋ᠯ᠎ᠦᠨ ᠰᠤᠷᠭᠠᠭᠤᠯᠢ (ᠴᠡᠴᠡᠷᠯᠢᠭ ) ᠶ᠋ᠢᠨ ᠪᠠᠭ᠍ᠰᠢ᠎ᠨᠠᠷ ᠭᠠᠷᠠᠭ ᠪᠦᠷᠢ 60 ᠮᠢᠨᠦ᠋ᠲ᠎ᠡᠴᠡ ᠢᠯᠡᠬᠦᠦ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠲᠤᠰᠭᠠᠶ ᠰᠡᠳᠦᠪᠲᠦ ᠰᠤᠷᠤᠯᠴᠠᠯᠭ᠎ᠠ᠎ᠶ᠋ᠢ ᠪᠡᠶᠡᠯᠡᠭᠦᠯᠵᠦ᠍᠂ ᠰᠤᠷᠤᠯᠭ᠎ᠠ᠎ᠶ᠋ᠢᠨ ᠬᠤᠭᠤᠴᠠᠭ᠎ᠠ ᠪᠦᠷᠢ 1 ᠤᠳᠠᠭ᠎ᠠ ᠬᠢᠨᠠᠨ ᠱᠢᠯᠭᠠᠵᠤ ᠬᠢᠨᠠᠨ ᠬᠡᠮᠵᠢᠬᠦ᠌᠎ᠳᠦ ᠣᠷᠣᠯᠴᠠᠵᠤ᠂ ᠰᠤᠷᠤᠯᠴᠠᠭ᠍ᠰᠠᠨ ᠪᠠ ᠬᠢᠨᠠᠨ ᠬᠡᠮᠵᠢᠭ᠌ᠰᠡᠨ ᠪᠠᠢᠳᠠᠯ᠎ᠢᠶᠠᠨ ᠲᠤᠰᠭᠠᠶ ᠮᠡᠷᠭᠡᠵᠢᠯ᠎ᠦᠨ ᠠᠵᠢᠯᠲᠠᠨ᠎ᠤ ᠦᠷᠭᠦᠯᠵᠢᠯᠡᠭ᠌ᠰᠡᠨ ᠰᠤᠷᠭᠠᠨ ᠬᠥᠮᠦᠵᠢᠯ᠎ᠦᠨ ᠬᠠᠮᠢᠶᠠᠷᠤᠯᠲᠠ᠎ᠶ᠋ᠢᠨ ᠱᠢᠰᠲ᠋ᠧᠮ᠎ᠳᠦ ᠣᠷᠣᠭᠤᠯᠪᠡ᠃

《ᠰᠤᠷᠭᠠᠭᠤᠯᠢ᠂ ᠬᠡᠦᠬᠡᠳ᠎ᠦᠨ ᠴᠡᠴᠡᠷᠯᠢᠭ ᠤ᠋ᠨ ᠬᠢᠨ ᠪᠠᠭ᠍ᠰᠢ ᠰᠤᠷᠤᠭ᠍ᠴᠢ᠎ᠶ᠋ᠢᠨ ᠤᠩᠱᠢᠯᠭ᠎ᠠ᠂ ᠶᠠᠷᠢᠶ᠎ᠠ ᠢᠯᠡᠳᠭᠡᠯ᠂ ᠦᠯᠢᠭᠡᠷ ᠶᠠᠷᠢᠬᠤ᠂ ᠤᠷᠠᠨ ᠤᠩᠱᠢᠯᠭ᠎ᠠ᠂ ᠤᠷᠠᠨ ᠪᠢᠴᠢᠯᠭᠡ᠂ ᠳᠦᠷᠢᠮᠵᠢᠭᠦᠯᠦᠨ ᠪᠢᠴᠢᠬᠦ᠌ ᠵᠡᠷᠭᠡ ᠪᠦᠯᠬᠦᠮ᠂ ᠬᠣᠶᠠᠳᠤᠭᠠᠷ ᠬᠢᠴᠢᠶᠡᠯ᠎ᠦᠨ ᠲᠠᠩᠬᠢᠮ᠎ᠤᠨ ᠪᠣᠯᠪᠠᠰᠤᠷᠠᠯ᠎ᠢ ᠪᠠᠢᠩᠭᠤ ᠥᠷᠨᠢᠭᠦᠯᠵᠦ᠍᠂ ᠬᠡᠦᠬᠡᠳ᠎ᠦᠳ᠎ᠢ ᠢᠳᠡᠪᠬᠢᠲᠡᠢ ᠵᠣᠬᠢᠶᠠᠨ ᠪᠠᠢᠭᠤᠯᠵᠤ ᠡᠯ᠎ᠡ ᠤᠨ᠎ᠤ ᠳᠤᠮᠳᠠᠳᠤ᠎ᠶ᠋ᠢᠨ ᠰᠣᠩᠭᠣᠳᠠᠭ ᠪᠦᠲᠦᠭᠡᠯ᠎ᠢ ᠤᠩᠱᠢᠨ ᠪᠢᠴᠢᠬᠦ᠌ ᠠᠵᠢᠯᠯᠠᠭ᠎ᠠ᠎ᠳᠤ ᠣᠷᠣᠯᠴᠠᠭᠤᠯᠵᠤ᠂ ᠪᠠᠭ᠍ᠰᠢ ᠰᠤᠷᠤᠭ᠍ᠴᠢᠳ᠎ᠤᠨ ᠤᠬᠠᠮᠰᠠᠷ᠎ᠠᠴᠠ᠎ᠪᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠦᠷᠢᠮᠵᠢᠭᠦᠯᠦᠨ ᠬᠡᠷᠡᠭ᠌ᠯᠡᠬᠦ᠌᠎ᠶ᠋ᠢ ᠬᠦᠲᠦᠯᠦᠨ ᠳᠠᠭᠠᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ ᠪᠠ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠪᠡ 》 ᠭᠡᠵᠦ᠍ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠰᠤᠳᠤᠯᠭᠠᠨ᠎ᠤ ᠲᠥᠪ᠎ᠦᠨ ᠡᠷᠬᠢᠯᠡᠭ᠌ᠴᠢ᠂ ᠲᠣᠭᠣᠷᠢᠭ᠎ᠤᠨ ᠦᠭᠡ ᠬᠡᠯᠡ ᠦᠰᠦᠭ ᠪᠢᠴᠢᠭ᠎ᠦᠨ ᠵᠥᠪᠯᠡᠯ᠎ᠦᠨ ᠠᠯᠪᠠᠨ ᠭᠡᠷ᠎ᠦᠨ ᠳᠡᠳ᠋ ᠡᠷᠬᠢᠯᠡᠭ᠌ᠴᠢ ᠸᠠᠩ ᠷᠦᠨ ᠰᠦᠸᠸ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面