ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-03-24 12:48:15

ᠵᠣᠬᠢᠶᠠᠭ᠍ᠴᠢ᠄ ᠭᠦᠸᠧ ᠴᠢ ᠨᠠᠨ ᠣᠩᠱᠢᠭ᠍ᠰᠠᠨ ᠣᠳᠠᠭ᠎ᠠ᠄ 3

ᠣᠢᠷ᠎ᠠ᠎ᠶ᠋ᠢᠨ ᠵᠢᠯ᠎ᠡᠴᠡ ᠨᠠᠭᠠᠰᠢ᠂ ᠵᠢᠨᠢᠩ ᠲᠣᠭᠣᠷᠢᠭ᠎ᠨᠢ ᠶᠡᠷᠦᠩᠬᠡᠢᠯᠡᠭ᠌ᠰᠡᠨ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠂ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ᠎ᠶ᠋ᠢ ᠪᠠᠷᠢᠮᠲᠠᠯᠠᠵᠤ᠂ ᠳᠡᠭᠡᠷ᠎ᠠ ᠳᠤᠤᠷ᠎ᠠ ᠱᠠᠲᠤ᠎ᠪᠠᠷ᠎ᠢᠶᠠᠨ ᠬᠣᠯᠪᠣᠭᠠᠯᠠᠨ ᠬᠥᠳᠡᠯᠦᠯᠴᠡᠬᠦ᠌᠂ ᠬᠦᠴᠦ᠍᠎ᠪᠡᠨ ᠬᠠᠮᠲᠤᠳᠭᠠᠨ ᠬᠠᠮᠵᠢᠯᠴᠠᠬᠤ᠎ᠶ᠋ᠢ ᠪᠠᠷᠢᠮᠲᠠᠯᠠᠵᠤ᠂ 《 ᠲᠠᠪᠤ᠎ᠶ᠋ᠢ ᠪᠣᠳᠠᠲᠠᠢᠵᠢᠭᠤᠯᠬᠤ 》 ᠶᠡᠷᠦᠩᠬᠡᠶ ᠱᠠᠭᠠᠷᠳᠠᠯᠭ᠎ᠠ ᠶᠣᠰᠣᠭᠠᠷ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠠᠵᠢᠯ᠎ᠢ ᠢᠳᠡᠪᠬᠢᠲᠡᠶ ᠪᠥᠭᠡᠳ ᠯᠠᠪᠳᠠᠭᠤᠨ᠎ᠢᠶᠠᠷ ᠰᠠᠢᠲᠤᠷ ᠬᠢᠪᠠ᠃

ᠤᠯᠠᠭᠠᠨᠴᠠᠪ ᠬᠣᠲᠠ ᠎ᠶ᠋ᠢᠨ ᠵᠢᠨᠢᠩ ᠲᠣᠭᠣᠷᠢᠭ ᠎ᠤᠨ ᠰᠤᠳᠤᠯᠤᠨ ᠰᠤᠷᠤᠯᠴᠠᠬᠤ ᠲᠥᠪ᠎ᠦᠨ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠦᠨ ᠵᠢᠭᠠᠨ ᠰᠤᠳᠤᠯᠤᠭ᠍ᠴᠢ ᠵᠦ᠍ ᠵᠢᠶᠦ᠋ᠨ ᠮᠧᠶ ᠤᠷᠢᠳ ᠬᠣᠵᠢᠳ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠭᠤᠷᠪᠠᠨ ᠲᠥᠷᠥᠯ᠎ᠦᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠥᠳᠡᠭᠡ ᠪᠠᠭᠤᠯᠭᠠᠬᠤ ᠪᠠᠢᠴᠠᠭᠠᠨ ᠰᠤᠳᠤᠯᠬᠤ ᠲᠤᠰᠭᠠᠶ ᠮᠡᠷᠭᠡᠵᠢᠯᠲᠡᠨ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ 《 ᠬᠡᠯᠡ ᠪᠢᠴᠢᠭ᠎ᠦᠨ ᠤᠩᠱᠢᠬᠤ ᠪᠢᠴᠢᠭ 》 ᠎ᠤ᠋ᠨ ᠨᠠᠢᠷᠠᠭᠤᠯᠤᠨ ᠪᠢᠴᠢᠬᠦ᠌ ᠳᠤᠭᠤᠢᠯᠠᠩ᠎ᠤᠨ ᠪᠦᠷᠢᠯᠳᠦᠬᠦᠨ᠎ᠢᠶᠡᠷ ᠤᠷᠢᠭ᠍ᠳᠠᠵᠤ᠂ ᠵᠢᠭᠠᠨ ᠰᠤᠳᠤᠯᠤᠭ᠍ᠴᠢ᠎ᠶ᠋ᠢᠨ ᠬᠥᠲᠥᠯᠥᠨ ᠵᠢᠯᠣᠭᠣᠳᠭᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠵᠢᠨᠢᠩ ᠲᠣᠭᠣᠷᠢᠭ᠎ᠤᠨ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠦᠨ ᠵᠢᠭᠠᠨ ᠰᠤᠷᠭᠠᠯᠲᠠ᠎ᠶ᠋ᠢᠨ ᠪᠣᠳᠠᠲᠤ ᠪᠠᠢᠳᠠᠯ᠎ᠲᠠᠶ ᠤᠶᠠᠯᠳᠤᠭᠤᠯᠤᠨ᠂ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠦᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠵᠢᠭᠠᠨ ᠰᠤᠳᠤᠯᠬᠤ ᠠᠵᠢᠯ᠎ᠢ ᠢᠳᠡᠪᠬᠢᠲᠡᠶ ᠥᠷᠨᠢᠭᠦᠯᠵᠦ᠍᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠳᠤᠮᠳᠠ ᠣᠷᠣᠱᠢᠵᠤ ᠪᠠᠢᠭ᠎ᠠ ᠪᠣᠳᠠᠲᠠᠶ ᠠᠰᠠᠭᠤᠳᠠᠯ᠎ᠢ ᠱᠢᠶ᠋ᠳᠪᠦᠷᠢᠯᠡᠪᠡ᠃ ᠵᠢᠨᠢᠩ ᠲᠣᠭᠣᠷᠢᠭ᠎ᠤᠨ ᠰᠤᠷᠭᠠᠨ ᠬᠥᠮᠦᠵᠢᠯ᠎ᠦᠨ ᠲᠣᠪᠴᠢᠶ᠎ᠠ ᠪᠣᠯᠤᠨ ᠤᠯᠠᠭᠠᠨᠴᠠᠪ ᠬᠤᠳᠠ᠎ᠶ᠋ᠢᠨ ᠱᠢᠭᠤᠳ ᠬᠠᠷᠢᠶ᠎ᠠ ᠮᠣᠩᠭᠣᠯ ᠦᠨᠳᠦᠰᠦᠲᠡᠨ᠎ᠦ ᠪᠠᠭ᠎ᠠ ᠰᠤᠷᠭᠠᠭᠤᠯᠢ ᠬᠠᠪᠰᠤᠷᠤᠯᠴᠠᠭ᠎ᠠ ᠪᠠᠢᠭᠤᠯᠵᠤ ᠬᠠᠮᠲᠤ᠎ᠪᠡᠷ ᠪᠠᠢᠭᠤᠯᠤᠭᠰᠠᠨ᠎ᠡᠴᠡ ᠨᠠᠭᠠᠰᠢ᠂ ᠵᠦ᠍ ᠵᠢᠶᠦ᠋ᠨ ᠮᠧᠢ ᠵᠢᠭᠠᠨ ᠰᠤᠳᠤᠯᠤᠭ᠍ᠴᠢ ᠵᠢᠨ ᠬᠤᠪᠢ᠎ᠪᠡᠷ ᠪᠠᠰᠠ ᠮᠣᠩᠭᠣᠯ ᠦᠨᠳᠦᠰᠦᠲᠡᠨ᠎ᠦ ᠪᠠᠭ᠎ᠠ ᠰᠤᠷᠭᠠᠭᠤᠯᠢ᠎ᠳᠤ ᠭᠦᠨᠵᠡᠭᠡᠢᠷᠡᠨ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠪᠣᠯᠪᠠᠰᠤᠷᠠᠯ ᠬᠢᠵᠦ᠍᠂ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠦᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠬᠢᠴᠢᠶᠡᠯ᠎ᠦᠨ ᠵᠢᠭᠠᠨ ᠰᠤᠷᠭᠠᠯᠲᠠ᠎ᠶ᠋ᠢᠨ ᠲᠣᠭᠣᠷᠢᠨ ᠦᠵᠡᠵᠦ᠍ ᠰᠤᠳᠤᠯᠤᠨ ᠶᠠᠷᠢᠯᠴᠠᠬᠤ ᠬᠤᠷᠠᠯ ᠵᠢᠴᠢ ᠬᠠᠪᠰᠤᠷᠤᠯᠴᠠᠭ᠎ᠠ ᠪᠠᠢᠭᠤᠯᠵᠤ ᠬᠠᠮᠲᠤ᠎ᠪᠡᠷ ᠪᠠᠢᠭᠤᠯᠵᠤ ᠲᠣᠭᠣᠷᠢᠨ ᠦᠵᠡᠵᠦ᠍ ᠵᠢᠱ᠌ᠢᠢ᠎ᠡ ᠦᠵᠡᠭᠦᠯᠦᠨ ᠰᠣᠯᠢᠯᠴᠠᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ᠂ ᠵᠢᠨᠢᠩ ᠲᠣᠭᠣᠷᠢᠭ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌᠎ᠳᠦ ᠬᠦᠴᠦᠨ ᠨᠡᠮᠡᠷᠢᠯᠡᠪᠡ᠃

ᠵᠦ᠍ ᠵᠢᠶᠦ᠋ᠨ ᠮᠧᠢ ᠪᠣᠯ ᠵᠢᠨᠢᠩ ᠲᠣᠭᠣᠷᠢᠭ᠎ᠤᠨ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠠᠵᠢᠯ᠎ᠢ ᠰᠠᠢᠲᠤᠷ ᠬᠢᠭ᠌ᠰᠡᠨ ᠬᠤᠷᠢᠶᠠᠩᠭᠤᠢ ᠳᠦᠷᠰᠦ ᠪᠣᠯᠤᠨ᠎ᠠ᠃

ᠠᠵᠢᠯ᠎ᠤᠨ ᠳᠤᠮᠳᠠ ᠪᠠᠨ᠂ ᠵᠢᠨᠢᠩ ᠲᠣᠭᠣᠷᠢᠭ 《ᠵᠢᠨᠢᠩ ᠲᠣᠭᠣᠷᠢᠭ᠎ᠤᠨ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠪᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠠᠵᠢᠯ᠎ᠢ ᠪᠦᠬᠦ᠌ ᠲᠠᠯ᠎ᠠ᠎ᠪᠠᠷ ᠴᠢᠩᠭᠠᠳᠭᠠᠬᠤ ᠬᠡᠷᠡᠭ᠌ᠵᠢᠭᠦᠯᠬᠦ᠌ ᠲᠥᠰᠦᠯ》᠎ᠢ᠋ ᠲᠣᠭ᠍ᠲᠠᠭᠠᠵᠤ᠂ ᠲᠤᠰᠭᠠᠢ ᠠᠵᠢᠯ᠎ᠤᠨ ᠵᠢᠯᠣᠭᠣᠳᠭᠤ ᠭᠠᠵᠠᠷ ᠪᠠᠢᠭᠤᠯᠵᠤ᠂ 7 ᠠᠵᠢᠯ᠎ᠤᠨ ᠲᠤᠰᠭᠠᠢ ᠠᠩᠬᠢ ᠲᠤᠬᠢᠷᠠᠭᠤᠯᠪᠠ᠃

ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠂ ᠲᠣᠭᠣᠷᠢᠨ ᠤᠬᠠᠭᠤᠯᠤᠨ ᠲᠠᠢᠯᠪᠤᠷᠢᠯᠠᠬᠤ᠂ ᠪᠣᠯᠪᠠᠰᠤᠷᠠᠯ᠎ᠤᠨ ᠠᠩᠬᠢ ᠡᠷᠬᠢᠯᠡᠬᠦ᠌ ᠵᠡᠷᠭᠡ ᠠᠷᠭ᠎ᠠ ᠬᠡᠯᠪᠡᠷᠢ᠎ᠪᠡᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠥᠷᠨᠢᠭᠦᠯᠬᠦ᠌᠎ᠶ᠋ᠢᠨ ᠬᠠᠮᠲᠤ᠂ ᠥᠷᠭᠡᠨ ᠤᠯᠠᠨ ᠪᠠᠭ᠍ᠰᠢ ᠰᠤᠷᠤᠭ᠍ᠴᠢ᠂ ᠭᠡᠷ᠎ᠦᠨ ᠠᠬᠠᠮᠠᠳ᠎ᠲᠤ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌᠎ᠶ᠋ᠢᠨ ᠠᠴᠢ ᠬᠣᠯᠪᠣᠭ᠍ᠳᠠᠯ᠎ᠢ ᠭᠦᠨᠵᠡᠭᠡᠢ ᠤᠢ᠍ᠢᠯᠠᠭᠠᠭᠤᠯᠪᠠ᠃ ᠵᠢᠨᠢᠩ ᠲᠣᠭᠣᠷᠢᠭ᠎ᠤᠨ ᠬᠠᠷᠢᠶ᠎ᠠ 82 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠦᠨ ᠴᠡᠴᠡᠷᠯᠢᠭ 《ᠤᠯᠤᠰ᠎ᠤᠨ ᠲᠣᠭ᠎ᠤᠨ ᠳᠤᠤᠷ᠎ᠠ ᠦᠰᠦᠨ ᠪᠣᠢᠵᠢᠶ᠎ᠠ 》᠂ 《 ᠨᠠᠮ᠎ᠢᠶᠠᠨ ᠬᠠᠢᠷᠠᠯᠠᠶ᠎ᠠ᠂ ᠤᠯᠤᠰ᠎ᠢᠶᠠᠨ ᠬᠠᠢᠷᠠᠯᠠᠶ᠎ᠠ᠂ ᠨᠤᠲᠤᠭ ᠤᠰᠤ᠎ᠪᠠᠨ ᠬᠠᠢᠷᠠᠯᠠᠶ᠎ᠠ 》᠂ 《 ᠳᠤᠮᠳᠠᠳᠤ᠎ᠶ᠋ᠢᠨ ᠦᠨᠳᠦᠰᠦᠲᠡᠨ ᠨᠢᠭᠡ ᠭᠡᠷ᠎ᠤᠨ ᠬᠦᠮᠦᠰ ᠮᠡᠳᠦ ᠲᠤᠳᠤᠨᠤ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠦᠶ᠎ᠠ》 ᠵᠡᠷᠭᠡ᠎ᠪᠡᠷ ᠭᠤᠤᠯ ᠰᠡᠳᠦᠪ ᠪᠣᠯᠭᠠᠭ᠍ᠰᠠᠨ ᠰᠤᠷᠭᠠᠨ ᠬᠥᠮᠦᠵᠢᠯ᠎ᠦᠨ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠢ ᠪᠠᠢᠩᠭᠤᠵᠢᠭᠤᠯᠬᠤ᠎ᠶ᠋ᠢ ᠠᠬᠢᠭᠤᠯᠵᠤ᠂ 5279 ᠪᠠᠭ᠍ᠰᠢ᠂ 5 ᠲᠦᠮᠡ ᠭᠠᠷᠤᠶ ᠰᠣᠷᠣᠭ᠍ᠴᠢ ᠲᠤᠰᠭᠠᠶ ᠰᠡᠳᠦᠪᠲᠦ ᠬᠥᠮᠦᠵᠢᠯ᠎ᠳᠦ ᠣᠷᠣᠯᠴᠠᠵᠤ᠂ ᠪᠦᠬᠦᠨ᠎ᠢ ᠬᠠᠮᠤᠷᠬᠤ᠎ᠶ᠋ᠢ ᠪᠡᠶᠡᠯᠡᠭᠦᠯᠪᠡ᠃

ᠰᠤᠷᠭᠠᠭᠤᠯᠢ᠎ᠪᠠᠷ ᠭᠣᠣᠯ ᠵᠢᠭ᠍ᠰᠠᠭᠠᠯ᠎ᠤᠨ ᠭᠠᠵᠠᠷ ᠪᠣᠯᠭᠠᠬᠤ᠎ᠶ᠋ᠢ ᠪᠠᠷᠢᠮᠲᠠᠯᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠠᠵᠢᠯ᠎ᠢ ᠶᠡᠬᠡ᠎ᠪᠡᠷ ᠴᠢᠩᠭᠠᠳᠭᠠᠪᠠ᠃ ᠤᠯᠤᠰ ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠎ᠶ᠋ᠢ ᠰᠤᠷᠭᠠᠭᠤᠯᠢ᠎ᠶ᠋ᠢᠨ ᠬᠦᠷᠢᠶᠡᠨ ᠎ᠦ ᠰᠣᠶᠣᠯ ᠎ᠤᠨ ᠪᠠᠢᠭᠤᠯᠤᠯᠲᠠ᠎ᠳᠤ ᠣᠷᠣᠭᠤᠯᠵᠤ᠂ ᠪᠠᠭ᠍ᠰᠢ᠎ᠶ᠋ᠢᠨ ᠦᠷᠭᠦᠯᠵᠢᠯᠡᠭ᠌ᠰᠡᠨ ᠰᠤᠷᠭᠠᠨ ᠬᠥᠮᠦᠵᠢᠯ᠎ᠦᠨ ᠢᠨᠵᠧᠨᠧᠷᠢᠩ᠎ᠳᠦ ᠣᠷᠣᠭᠤᠯᠵᠤ᠂ ᠰᠤᠷᠭᠠᠨ ᠬᠥᠮᠦᠵᠢᠯ ᠎ᠦᠨ ᠡᠳᠤᠷ ᠲᠤᠳᠤᠮ᠎ᠤᠨ ᠬᠠᠮᠢᠶᠠᠷᠤᠯᠲᠠ᠎ᠳᠤ ᠣᠷᠣᠭᠤᠯᠪᠠ᠃ 2023 ᠣᠨ᠎ᠤ 8 ᠰᠠᠷ᠎ᠠ ᠪᠣᠯᠲᠠᠯ᠎ᠠ᠂ ᠵᠢᠨᠢᠩ ᠲᠣᠭᠣᠷᠢᠭ ᠤᠯᠤᠰ᠎ᠤᠨ ᠲᠠᠰ᠎ᠤᠨ ᠦᠭᠡ ᠬᠡᠯᠡ ᠥᠰᠥᠭ ᠪᠢᠴᠢᠭ᠎ᠦᠨ ᠳᠦᠷᠢᠮᠵᠢᠭ᠌ᠰᠡᠨ ᠪᠠᠷᠢᠮᠵᠢᠶ᠎ᠠ᠎ᠳᠤ ᠭᠦᠷᠦᠭ᠌ᠰᠡᠨ ᠰᠤᠷᠭᠠᠭᠤᠯᠢ 1᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠤᠷᠭᠠᠭᠤᠯᠢ 2᠂ ᠬᠣᠲᠠ᠎ᠶ᠋ᠢᠨ ᠲᠠᠰ᠎ᠤᠨ ᠰᠤᠷᠭᠠᠭᠤᠯᠢ 9᠂ ᠲᠣᠭᠣᠷᠢᠭ (ᠱᠢᠶᠠᠨ) ᠎ᠤ᠋ᠨ ᠲᠠᠰ᠎ᠤᠨ ᠰᠤᠷᠭᠠᠭᠤᠯᠢ 67᠂ ᠨᠡᠢᠲᠡ 79 ᠰᠤᠷᠭᠠᠭᠤᠯᠢ ᠪᠠᠢᠵᠤ᠂ ᠡᠭᠦᠳᠦᠨ ᠪᠠᠢᠭᠤᠯᠤᠭ᠍ᠰᠠᠨ ᠨᠣᠷᠮ᠎ᠠ 96.3% ᠪᠣᠯᠪᠠ᠃

2021 ᠣᠨ᠎ᠳᠤ᠂ ᠤᠯᠠᠭᠠᠨᠴᠠᠪ ᠬᠣᠲᠠ᠎ᠶ᠋ᠢᠨ ᠱᠢᠭᠤᠳ ᠬᠠᠷᠢᠶ᠎ᠠ ᠮᠣᠩᠭᠣᠯ ᠦᠨᠳᠦᠰᠦᠲᠡᠨ᠎ᠦ ᠪᠠᠭ᠎ᠠ ᠰᠤᠷᠭᠠᠭᠤᠯᠢ ᠪᠣᠯᠤᠨ ᠵᠢᠨᠢᠩ ᠲᠣᠭᠣᠷᠢᠭ᠎ᠤᠨ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠂ ᠾᠧ ᠱᠦᠨ ᠪᠠᠭ᠎ᠠ ᠰᠤᠷᠭᠠᠭᠤᠯᠢ ᠬᠠᠮᠲᠤ᠎ᠪᠠᠷ 《 ᠬᠠᠪᠰᠤᠷᠤᠨ ᠪᠠᠢᠭᠤᠯᠵᠤ ᠬᠠᠮᠲᠤ᠎ᠪᠠᠷ ᠪᠠᠢᠭᠤᠯᠬᠤ ᠬᠡᠷᠡᠭ᠌ᠵᠢᠭᠦᠯᠬᠦ᠌ ᠲᠥᠰᠦᠯ 》᠎ᠢ᠋ ᠲᠣᠭ᠍ᠲᠠᠭᠠᠵᠤ᠂ ᠪᠠᠭ᠍ᠰᠢ᠎ᠨᠠᠷ᠎ᠢ ᠬᠠᠷᠢᠯᠴᠠᠨ ᠲᠣᠮᠢᠯᠠᠬᠤ᠂ ᠵᠢᠭᠠᠨ ᠰᠤᠷᠭᠠᠯᠲᠠ᠎ᠶ᠋ᠢᠨ ᠰᠣᠯᠢᠯᠴᠠᠭ᠎ᠠ ᠬᠢᠬᠦ᠌᠂ ᠪᠠᠭ᠍ᠰᠢ ᠰᠤᠷᠤᠭ᠍ᠴᠢᠳ᠎ᠤᠨ ᠬᠤᠷᠰᠢᠯᠴᠠᠭ᠎ᠠ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌ ᠵᠡᠷᠭᠡ ᠲᠠᠯ᠎ᠠ᠎ᠪᠠᠷ ᠬᠠᠪᠰᠤᠷᠤᠯᠴᠠᠭ᠎ᠠ ᠪᠠᠢᠭᠤᠯᠵᠤ ᠬᠠᠮᠲᠤ᠎ᠪᠠᠷ ᠪᠠᠢᠭᠤᠯᠬᠤ᠎ᠶ᠋ᠢ ᠥᠷᠨᠢᠭᠦᠯᠪᠡ᠃ ᠭᠤᠷᠪᠠᠨ ᠰᠤᠷᠭᠠᠭᠤᠯᠢ ᠬᠠᠮᠲᠤᠷᠠᠨ ᠵᠢᠭᠠᠬᠤ᠎ᠶ᠋ᠢ ᠰᠤᠳᠤᠯᠬᠤ᠂ ᠨᠢᠭᠡᠳᠦᠯᠲᠡᠶ ᠨᠠᠢᠷᠠᠭᠤᠯᠤᠭ᠍ᠰᠠᠨ ᠬᠢᠴᠢᠶᠡᠯ ᠲᠥᠷᠥᠯ᠎ᠦᠨ ᠬᠢᠴᠢᠶᠡᠯ ᠰᠣᠨᠣᠰᠴᠤ᠌ ᠬᠢᠴᠢᠶᠡᠯ ᠦᠨᠡᠯᠡᠬᠦ᠌ ᠠᠵᠢᠯᠯᠠᠭ᠎ᠠ ᠶ᠋ᠢ ᠲᠣᠭ᠍ᠲᠠᠮᠠᠯ ᠬᠤᠭᠤᠴᠠᠭ᠎ᠠ᠎ᠲᠠᠶ ᠥᠷᠨᠢᠭᠦᠯᠵᠦ᠍᠂ ᠪᠠᠭ᠍ᠰᠢ᠎ᠶ᠋ᠢᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌ ᠲᠦᠪᠱᠢᠨ ᠪᠠ ᠬᠢᠴᠢᠶᠡᠯ᠎ᠦᠨ ᠲᠠᠩᠬᠢᠮ᠎ᠢ ᠡᠵᠡᠮᠳᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面