ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-03-20 09:32:28

ᠵᠣᠬᠢᠶᠠᠭ᠍ᠴᠢ᠄ ᠯᠢᠦ ᡁᠢ ᠱᠢᠶᠠᠨ ᠣᠩᠱᠢᠭ᠍ᠰᠠᠨ ᠣᠳᠠᠭ᠎ᠠ᠄ 3

《ᠮᠠᠨ᠎ᠤ ᠣᠷᠣᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠎ᠢ ᠳᠡᠯᠭᠡᠷᠡᠭᠦᠯᠦᠨ ᠬᠡᠷᠡᠭ᠌ᠯᠡᠭ᠌ᠰᠡᠨ᠎ᠡᠴᠡ ᠨᠠᠭᠠᠰᠢ᠂ ᠡᠯ᠎ᠡ ᠱᠠᠲᠤᠨ᠎ᠤ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠦᠨ᠎ᠬᠢᠨ ᠪᠠᠭ᠍ᠰᠢ᠎ᠶ᠋ᠢᠨ ᠪᠠᠲᠤᠯᠠᠭ᠎ᠠ᠎ᠶ᠋ᠢ ᠴᠢᠩᠭᠠᠳᠭᠠᠬᠤ᠂ ᠵᠢᠭᠠᠨ ᠰᠤᠷᠭᠠᠯᠲᠠ ᠎ᠶ᠋ᠢᠨ ᠵᠢᠯᠣᠭᠣᠳᠣᠯᠭ᠎ᠠ᠎ᠶ᠋ᠢ ᠴᠢᠩᠭᠠᠳᠭᠠᠬᠤ᠂ ᠵᠢᠭᠠᠨ ᠰᠤᠷᠭᠠᠯᠲᠠ᠎ᠶ᠋ᠢᠨ ᠡᠬᠢ ᠪᠠᠶᠠᠯᠢᠭ᠎ᠢ ᠪᠠᠶᠠᠯᠢᠭ᠍ᠵᠢᠭᠤᠯᠬᠤ᠂ ᠵᠢᠭᠠᠨ ᠰᠤᠷᠭᠠᠯᠲᠠ᠎ᠪᠠᠷ ᠬᠠᠪᠰᠤᠷᠤᠨ ᠲᠡᠳᠬᠦᠬᠦ᠌ ᠵᠢ ᠦᠷᠨᠢᠬᠦᠯᠬᠦ ᠵᠡᠷᠭᠡ ᠠᠷᠭ᠎ᠠ ᠪᠠᠷᠢᠯ ᠵᠢᠡᠷ ᠳᠠᠮᠵᠢᠭᠤᠯᠤᠨ᠂ ᠤᠯᠤᠰ ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠎ᠶ᠋ᠢᠨ ᠶᠠᠰᠤ ᠴᠢᠨᠠᠷ᠎ᠢ ᠲᠣᠭ᠍ᠲᠠᠭᠤᠨ ᠎ᠢᠶᠠᠷ ᠳᠡᠭᠡᠭ᠌ᠰᠢᠯᠡᠭᠦᠯᠪᠡ》᠃ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠎ᠤ ᠰᠤᠷᠭᠠᠨ ᠬᠥᠮᠦᠵᠢᠯ ᠎ᠦᠨ ᠲᠢᠩᠬᠢᠮ ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠰᠤᠷᠪᠤᠯᠵᠢᠯᠠᠭ᠍ᠴᠢ ᠎ᠶ᠋ᠢᠨ ᠰᠤᠷᠪᠤᠯᠵᠢᠯᠠᠭ᠎ᠠ ᠎ᠶ᠋ᠢ ᠬᠦᠯᠢᠶᠡᠬᠦ᠌᠎ᠳᠡᠭᠡᠨ᠂ 2022 ᠣᠨ ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭᠠᠨ᠎ᠳᠤ᠂ ᠮᠠᠨ᠎ᠤ ᠣᠷᠣᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠎ᠢ᠋ ᠠᠯᠪᠠᠨ ᠵᠢᠷᠤᠮ ᠎ᠤᠨ ᠰᠤᠷᠭᠠᠨ ᠬᠥᠮᠦᠵᠢᠯ᠎ᠦᠨ ᠱᠠᠲᠤᠨ ᠳ᠋ᠤ ᠨᠡᠢᠳᠡᠮ ᠲᠡᠯᠭᠡᠷᠡᠬᠦᠯᠦᠨ ᠬᠡᠷᠡᠭᠯᠡᠬᠦ᠎ᠶ᠋ᠢ ᠪᠡᠶᠡᠯᠡᠭᠦᠯᠵᠦ᠍᠂ ᠥᠨᠳᠥᠷ ᠳᠤᠮᠳᠠᠳᠤ᠎ᠶ᠋ᠢᠨ ᠡᠬᠢᠯᠡᠯᠲᠡ᠎ᠶ᠋ᠢᠨ ᠣᠨ ᠳ᠋ᠤ ᠤᠷᠤᠭ᠍ᠰᠢᠲᠠᠶ ᠬᠡᠷᠡᠭ᠌ᠵᠢᠭᠦᠯᠪᠡ ᠬᠡᠵᠤ ᠲᠠᠨᠢᠯᠴᠠᠭᠤᠯᠪᠠ᠃

ᠵᠢᠭᠠᠨ ᠰᠤᠷᠭᠠᠯᠳᠠ ᠵᠢᠨ ᠰᠤᠳᠤᠯᠭᠠᠨ᠎ᠳᠤ ᠰᠠᠭᠤᠷᠢᠯᠠᠵᠤ ᠵᠢᠭᠠᠨ ᠰᠤᠷᠭᠠᠯᠲᠠ᠎ᠶ᠋ᠢ ᠪᠤᠲᠠᠲᠠᠢᠵᠢᠭᠤᠯᠪᠠ

ᠥᠪᠡᠷᠲᠡᠭᠡᠨ ᠵᠠᠰᠠᠬᠤ ᠣᠷᠣᠨ᠎ᠤ ᠵᠢᠭᠠᠬᠤ ᠵᠢ ᠰᠤᠳᠤᠯᠬᠤ ᠲᠠᠰᠤᠭ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠎ᠤᠨ ᠬᠠᠮᠲᠤ᠎ᠪᠡᠷ ᠬᠢᠴᠢᠶᠡᠯ ᠪᠡᠯᠡᠳᠭᠡᠬᠦ᠌ ᠎ᠶ᠋ᠢ ᠵᠢᠯᠣᠭᠣᠳᠭᠤ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠪᠡ᠃ ᠡᠯ᠎ᠡ ᠱᠠᠲᠤᠨ᠎ᠤ ᠬᠢᠴᠢᠶᠠᠯ ᠲᠦᠷᠦᠯ᠎ᠦᠨ ᠨᠠᠷᠠᠲᠤ ᠪᠠᠭ᠍ᠰᠢ᠎ᠶ᠋ᠢᠨ ᠠᠵᠢᠯᠯᠠᠬᠤ ᠦᠷᠦᠭᠡ ᠪᠡᠷ ᠰᠠᠭᠤᠷᠢ ᠪᠣᠯᠭᠠᠵᠤ᠂ ᠲᠤᠬᠠᠶ᠎ᠶ᠋ᠢᠨ ᠭᠠᠵᠠᠷ᠎ᠤᠨ ᠳᠤᠮᠳᠠᠳᠤ ᠪᠠᠭ᠎ᠠ ᠰᠤᠷᠭᠠᠭᠤᠯᠢ ᠎ᠶ᠋ᠢᠨ ᠬᠢᠴᠢᠶᠠᠯ ᠲᠦᠷᠦᠯ᠎ᠦᠨ ᠳᠠᠭᠠᠭᠤᠯᠤᠭ᠍ᠴᠢ᠂ ᠵᠢᠭᠠᠨ ᠰᠤᠷᠭᠠᠯᠲᠠ ᠎ᠶ᠋ᠢᠨ ᠴᠢᠳᠠᠪᠤᠷᠢᠲᠠᠨ᠂ ᠨᠠᠷᠠᠲᠤ ᠪᠠᠭ᠍ᠰᠢ᠎ᠶ᠋ᠢᠨ ᠠᠵᠢᠯᠯᠠᠬᠤ ᠦᠷᠦᠭᠡ ᠵᠢᠨ ᠪᠦᠷᠢᠯᠳᠦᠬᠦᠨ᠎ᠢ ᠢᠳᠡᠪᠬᠢᠲᠡᠶ ᠲᠠᠳᠠᠨ ᠠᠪᠴᠢᠷᠠᠵᠤ᠌᠂ 《ᠵᠢᠱ᠌ᠢᠶ᠎ᠡ ᠦᠵᠡᠭᠦᠯᠬᠦ᠌ ᠴᠢᠨᠠᠷᠲᠠᠶ ᠰᠢᠯᠢᠳᠡᠭ ᠪᠠᠭ᠍ᠰᠢ》 ᠪᠣᠯᠤᠨ ᠰᠤᠷᠭᠠᠭᠤᠯᠢ ᠎ᠶ᠋ᠢᠨ ᠭᠤᠤᠯᠯᠠᠭ᠍ᠴᠢ ᠪᠠᠭ᠍ᠰᠢ᠎ᠶ᠋ᠢ ᠭᠤᠤᠯᠳᠠᠯᠭ᠎ᠠ᠎ᠲᠠᠶ ᠲᠠᠳᠠᠨ ᠠᠪᠴᠢᠷᠠᠵᠤ᠌᠂ ᠪᠥᠬᠥ᠌ ᠣᠷᠣᠨ ᠎ᠢ ᠬᠠᠮᠤᠷᠤᠭ᠍ᠰᠠᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠬᠢᠴᠢᠶᠡᠯ ᠪᠡᠯᠡᠳᠭᠡᠬᠦ᠌ ᠬᠣᠯᠪᠣᠭᠠᠲᠤ ᠴᠣᠭ᠍ᠴᠠ᠎ᠶ᠋ᠢ ᠪᠠᠢᠭᠤᠯᠪᠠ᠃ ᠥᠪᠡᠷᠲᠡᠭᠡᠨ ᠵᠠᠰᠠᠬᠤ ᠣᠷᠣᠨ ᠎ᠤ《ᠠᠳᠠᠯᠢ ᠳᠠᠪᠲᠠᠮᠵᠢ᠎ᠪᠠᠷ ᠬᠠᠷᠢᠯᠴᠠᠨ ᠬᠥᠳᠡᠯᠦᠯᠴᠡᠬᠦ᠌》 ᠰᠦᠯᠵᠢᠶᠡᠨ ᠳᠡᠭᠡᠷᠡᠬᠢ ᠵᠢᠭᠠᠨ ᠰᠤᠳᠤᠯᠬᠤ ᠲᠠᠪᠴᠠᠩ᠎ᠢ ᠭᠦᠶ᠋ᠴᠡᠳ ᠠᠱᠢᠭ᠍ᠯᠠᠨ᠂ 《ᠥᠪᠡᠷᠲᠡᠭᠡᠨ ᠵᠠᠰᠠᠬᠤ ᠣᠷᠣᠨ — ᠠᠢᠮᠠᠭ ᠬᠣᠲᠠ — ᠬᠣᠱᠢᠭᠤ ᠱᠢᠶᠠᠨ — ᠰᠤᠷᠭᠠᠭᠤᠯᠢ》 ᠳᠥᠷᠪᠡᠨ ᠱᠠᠲᠤ ᠬᠣᠯᠪᠣᠭᠠᠯᠠᠨ ᠬᠥᠳᠡᠯᠦᠯᠴᠡᠵᠦ᠍ ᠬᠠᠮᠲᠤ ᠎ᠪᠠᠷ ᠬᠢᠴᠢᠶᠡᠯ ᠪᠡᠯᠡᠳᠭᠡᠬᠦ᠌ ᠎ᠶ᠋ᠢ ᠳᠡᠯᠭᠡᠨ ᠦᠵᠡᠬᠦᠯᠵᠦ᠂ ᠨᠢᠭᠡᠴᠢ᠎ᠶ᠋ᠢᠨ ᠵᠢᠭᠠᠨ ᠰᠤᠷᠭᠠᠯᠲᠠ᠎ᠶ᠋ᠢᠨ ᠵᠢᠯᠣᠭᠣᠳᠣᠯᠭ᠎ᠠ᠂ ᠬᠢᠴᠢᠶᠡᠯ ᠎ᠦᠨ ᠴᠠᠭ᠎ᠤᠨ ᠵᠢᠭᠠᠨ ᠰᠤᠷᠭᠠᠯᠲᠠ᠎ᠶ᠋ᠢᠨ ᠵᠢᠷᠤᠭ ᠲᠥᠯᠥᠪᠯᠡᠭᠡ ᠪᠠ ᠲᠤᠰᠭᠠᠶ ᠮᠡᠷᠭᠡᠵᠢᠯᠲᠡᠨ᠎ᠦ ᠦᠨᠡᠯᠡᠯᠲᠡ ᠵᠡᠷᠭᠡ ᠬᠠᠮᠢᠶ᠎ᠠ ᠪᠥᠬᠥᠶ ᠡᠬᠢ ᠪᠠᠶᠠᠯᠢᠭ ᠎ᠢ ᠲᠡᠭᠡᠭᠰᠢ ᠲᠠᠮᠵᠢᠭᠤᠯᠵᠤ᠂ ᠪᠥᠬᠥ᠌ ᠣᠷᠣᠨ ᠎ᠤ ᠪᠠᠭ᠍ᠰᠢ᠎ᠨᠠᠷ᠎ᠲᠤ ᠯᠠᠪᠯᠠᠯᠲᠠ ᠪᠣᠯᠭᠠᠨ ᠬᠡᠷᠡᠭ᠌ᠯᠡᠭᠦᠯᠪᠡ᠃

《ᠠᠳᠠᠯᠢ ᠳᠠᠪᠲᠠᠮᠵᠢ ᠪᠡᠷ ᠬᠠᠷᠢᠯᠴᠠᠨ ᠦᠢᠯᠡᠳᠦᠯᠴᠡᠬᠦ ᠪᠠ ᠵᠢᠭᠠᠨ ᠰᠤᠷᠭᠠᠯᠲᠠ᠎ᠶ᠋ᠢᠨ ᠡᠬᠢ ᠪᠠᠶᠠᠯᠢᠭ᠎ᠦᠨ ᠪᠤᠭᠴᠤ ᠵᠢ ᠪᠦᠲᠦᠮᠵᠢᠲᠡᠶ ᠠᠱᠢᠭ᠍ᠯᠠᠬᠤ ᠪᠠᠷ ᠳᠡᠮᠵᠢᠨ᠂ ᠪᠢᠳᠡ ᠡᠯ᠎ᠡ ᠱᠠᠲᠤᠨ᠎ᠤ ᠡᠯ᠎ᠡ ᠲᠥᠷᠥᠯ᠎ᠦᠨ ᠨᠠᠷᠠᠲᠤ ᠪᠠᠭ᠍ᠰᠢ ᠨᠠᠷ ᠲᠠᠶ ᠬᠠᠮᠲᠤ ᠎ᠪᠠᠷ ᠵᠢᠭᠠᠨ ᠰᠤᠷᠭᠠᠯᠲᠠ ᠵᠢᠭᠠᠨ ᠰᠤᠳᠤᠯᠤᠯᠲᠠ ᠬᠢᠵᠦ᠍᠂ ᠴᠢᠨᠠᠷ ᠰᠠᠢᠲᠠᠶ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌ ᠎ᠶ᠋ᠢ ᠪᠡᠶᠡᠯᠡᠭᠦᠯᠵᠦ᠍᠂ ᠵᠢᠭᠠᠨ ᠰᠤᠷᠭᠠᠯᠲᠠ᠎ᠶ᠋ᠢᠨ ᠴᠢᠳᠠᠪᠤᠷᠢ᠎ᠶ᠋ᠢᠨ ᠲᠦᠪᠱᠢᠨ᠎ᠵᠢᠡᠨ ᠲᠠᠰᠤᠷᠠᠯᠲᠠ ᠥᠬᠡᠶ ᠳᠡᠭᠡᠭ᠌ᠰᠢᠯᠡᠭᠦᠯᠪᠡ 》 ᠭᠡᠵᠦ᠍ ᠬᠥᠬᠡᠬᠣᠲᠠ᠎ᠶ᠋ᠢᠨ ᠭᠤᠴᠢᠳᠤᠭᠠᠷ ᠳᠤᠮᠳᠠᠳᠤ ᠰᠤᠷᠭᠠᠭᠤᠯᠢ᠎ᠶ᠋ᠢᠨ ᠪᠠᠭ᠍ᠰᠢ ᠢᠦᠢ ᠮᠢᠩ ᠶᠠᠩ ᠰᠡᠳᠬᠢᠭᠳᠡᠯ ᠭᠦᠨ ᠶᠠᠷᠢᠵᠤ ᠪᠢᠯᠠ᠃

ᠦᠨᠳᠦᠰᠦᠨ ᠱᠠᠲᠤᠨ᠎ᠳᠤ ᠭᠦᠨᠵᠡᠭᠡᠢᠷᠡᠵᠦ᠍ ᠵᠢᠭᠠᠨ ᠰᠤᠷᠭᠠᠯᠲᠠ᠎ᠶ᠋ᠢ ᠵᠢᠯᠣᠭᠣᠳᠪᠠ

ᠦᠨᠳᠦᠰᠦᠨ ᠱᠠᠲᠤᠨ ᠎ᠤ ᠤᠤᠯ ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠬᠢᠷᠢ ᠲᠦᠪᠰᠢᠨ ᠴᠤᠬᠤᠮ ᠬᠢᠷᠢ ᠵᠡᠷᠭᠡ ᠪᠤᠢ ? ᠡᠨᠡ ᠪᠣᠯ ᠤᠯᠤᠰ ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠎ᠢ ᠳᠡᠯᠭᠡᠷᠡᠭᠦᠯᠦᠨ ᠬᠡᠷᠡᠭ᠌ᠯᠡᠭ᠌ᠰᠡᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠬᠠᠮᠤᠭ᠎ᠠᠴᠠ ᠠᠩᠬᠠᠷᠴᠤ᠌ ᠪᠠᠢᠭ᠎ᠠ ᠠᠰᠠᠭᠤᠳᠠᠯ ᠪᠣᠯᠤᠨ᠎ᠠ᠃ 2020 ᠣᠨ᠎ᠤ 9 ᠰᠠᠷ᠎ᠠ᠎ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠎ᠤ ᠵᠢᠭᠠᠬᠤ᠎ᠶ᠋ᠢ ᠰᠤᠳᠤᠯᠬᠤ ᠲᠠᠰᠤᠭ 6 ᠪᠦᠯᠦᠭ ᠲᠤᠰᠭᠠᠶ ᠮᠡᠷᠭᠡᠵᠢᠯᠲᠡᠨ ᠎ᠦ ᠵᠢᠯᠣᠭᠣᠳᠭᠤ ᠪᠦᠯᠬᠦᠮ᠎ᠢ ᠵᠣᠬᠢᠶᠠᠨ ᠪᠠᠢᠭᠤᠯᠵᠤ᠂ ᠬᠣᠱᠢᠭᠤ ᠱᠢᠶᠠᠨ ᠰᠤᠮᠤ ᠱᠢᠶᠠᠩ ᠪᠠᠯᠭᠠᠰᠤ᠎ᠶ᠋ᠢᠨ ᠤᠤᠯ᠎ᠤᠨ ᠦᠨᠳᠦᠰᠦᠲᠡᠨ ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ ᠎ᠳᠤ ᠭᠦᠨᠵᠡᠭᠡᠢᠷᠡᠨ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠪᠠᠢᠳᠠᠯ᠎ᠢ ᠣᠢᠯᠠᠭᠠᠵᠤ᠂ ᠪᠠᠢᠴᠠᠭᠠᠨ ᠰᠤᠳᠤᠯᠵᠤ ᠪᠤᠯᠪᠠᠰᠤᠷᠠᠯ ᠵᠢᠯᠤᠭᠤᠳᠤᠯᠭ᠎ᠠ ᠬᠢᠪᠡ᠃ ᠭᠤᠷᠪᠠᠨ ᠵᠢᠯ᠎ᠦᠨ ᠲᠤᠷᠰᠢ᠂ ᠵᠢᠯᠣᠭᠣᠳᠭᠤ ᠪᠦᠯᠬᠦᠮ ᠎ᠤᠨ ᠬᠢᠨ ᠨᠡᠢᠲᠡ ᠪᠥᠬᠥ᠌ ᠣᠷᠣᠨ᠎ᠤ 53 ᠬᠣᠱᠢᠭᠤ ᠱᠢᠶᠠᠨ᠎ᠤ 132 ᠳᠤᠮᠳᠠᠳᠤ ᠪᠠᠭ᠎ᠠ ᠰᠤᠷᠭᠠᠭᠤᠯᠢ᠎ᠳᠤ ᠭᠦᠨᠵᠡᠭᠡᠢᠷᠡᠵᠦ ᠵᠢᠭᠠᠨ ᠵᠢᠯᠤᠭᠤᠳᠤᠭᠰᠠᠨ ᠪᠠᠢᠨ᠎ᠠ᠃ ᠵᠢᠱ᠌ᠢᠶᠡᠯᠡᠪᠡᠯ ᠲᠦᠩᠯᠢᠶᠣᠤ ᠬᠣᠲᠠ᠎ᠶ᠋ᠢᠨ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤ᠂ ᠬᠣᠷᠴᠢᠨ ᠵᠡᠭᠦᠨ ᠭᠠᠷᠤᠨ ᠬᠣᠢᠲᠤ ᠬᠣᠱᠢᠭᠤ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ᠂ ᠵᠠᠯᠠᠢᠳ ᠬᠣᠱᠢᠭᠤ᠂ ᠬᠥᠯᠥᠨ ᠪᠣᠢᠷ ᠬᠣᠲᠠ᠎ᠶ᠋ᠢᠨ ᠡᠸᠡᠩᠬᠢ ᠬᠣᠱᠢᠭᠤ᠂ ᠡᠷᠭᠦᠨ᠎ᠡ ᠬᠣᠲᠠ᠂ ᠣᠷᠳᠣᠰ ᠬᠣᠲᠠ᠎ᠶ᠋ᠢᠨ ᠦᠦᠱᠢᠨ ᠬᠣᠱᠢᠭᠤ᠂ ᠱᠢᠯᠢ᠎ᠶ᠋ᠢᠨ ᠭᠤᠤᠯ ᠠᠢᠮᠠᠭ᠎ᠤᠨ ᠠᠪᠠᠭ᠎ᠠ ᠬᠣᠱᠢᠭᠤ ᠵᠡᠷᠭᠡ ᠬᠣᠱᠢᠭᠤ ᠱᠢᠶᠠᠨ ᠳ᠋ᠤ ᠣᠯᠠᠨᠲᠠ ᠭᠦᠨᠵᠡᠭᠡᠢᠷᠡᠵᠤ᠂ ᠬᠢᠴᠢᠶᠡᠯ᠎ᠦᠨ ᠲᠠᠨᠭᠬᠢᠮ᠎ᠦᠨ ᠵᠢᠭᠠᠨ ᠰᠤᠷᠭᠠᠯᠲᠠ᠎ᠠᠴᠠ ᠭᠠᠷᠳᠠᠵᠤ᠂ ᠲᠤᠬᠠᠶ᠎ᠶ᠋ᠢᠨ ᠲᠠᠯᠠᠪᠠᠢ᠎ᠳᠤ ᠬᠢᠴᠢᠶᠡᠯ ᠰᠣᠨᠣᠰᠴᠤ᠌ ᠵᠢᠭᠠᠨ ᠵᠢᠯᠣᠭᠣᠳᠭᠤ᠂ ᠬᠢᠴᠢᠶᠡᠯ ᠰᠤᠳᠤᠯᠵᠤ ᠬᠢᠴᠢᠶᠡᠯ ᠪᠡᠯᠡᠳᠭᠡᠬᠦ᠂ ᠲᠤᠰᠭᠠᠶ ᠰᠡᠳᠦᠪᠲᠦ ᠲᠠᠢᠯᠤᠮᠵᠢ ᠬᠢᠬᠦ᠂ ᠠᠰᠠᠭᠤᠯᠲᠠ᠎ᠶ᠋ᠢᠨ ᠬᠠᠭᠤᠳᠠᠰᠤ᠎ᠪᠡᠷ ᠬᠠᠷᠢᠭᠤ ᠲᠤᠰᠬᠠᠬᠤ᠂ ᠶᠠᠷᠢᠯᠴᠠᠵᠤ ᠰᠣᠯᠢᠯᠴᠠᠬᠤ ᠵᠡᠷᠭᠡ ᠵᠢᠭᠠᠨ ᠰᠤᠳᠤᠯᠬᠤ ᠠᠵᠢᠯᠯᠠᠭ᠎ᠠ ᠵᠢ ᠦᠷᠨᠢᠬᠦᠯᠵᠤ᠂ ᠪᠠᠭ᠍ᠰᠢ ᠨᠠᠷ᠎ᠢ ᠬᠠᠪᠰᠤᠷᠤᠨ ᠵᠢᠭᠠᠨ ᠰᠤᠷᠭᠠᠯᠲᠠ᠎ᠶ᠋ᠢᠨ ᠪᠣᠳᠠᠲᠠᠶ ᠠᠰᠠᠭᠤᠳᠠᠯ᠎ᠢ ᠨᠢ ᠱᠢᠶ᠋ᠳᠪᠦᠷᠢᠯᠡᠵᠤ᠂ ᠬᠢᠴᠢᠶᠡᠯ ᠪᠡᠯᠡᠳᠭᠡᠬᠦ᠂ ᠲᠥᠰᠦᠪᠯᠡᠬᠦ᠂ ᠳᠠᠰᠭᠠᠯ ᠲᠠᠭᠠᠭᠠᠯᠭᠠᠪᠤᠷᠢ ᠵᠡᠷᠭᠡ ᠵᠢᠭᠠᠨ ᠰᠤᠷᠭᠠᠯᠲᠠ᠎ᠶ᠋ᠢᠨ ᠦᠢᠯᠡ ᠠᠵᠢᠯᠯᠠᠭ᠎ᠠ᠎ᠶ᠋ᠢ ᠨᠠᠷᠢᠯᠢᠭ ᠵᠢᠯᠣᠭᠣᠳᠴᠤ᠌ ᠵᠢᠷᠤᠮᠵᠢᠭᠤᠯᠵᠠᠢ᠃

ᠰᠢᠯᠢᠳᠡᠭ ᠪᠠᠭ᠍ᠰᠢ ᠪᠡᠷ ᠵᠢᠭᠠᠨ ᠰᠤᠷᠭᠠᠯᠲᠠ᠎ᠶ᠋ᠢ ᠳᠠᠢᠴᠢᠯᠠᠪᠠ

ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠭ᠌ᠰᠡᠨ᠎ᠡᠴᠡ ᠨᠠᠭᠠᠰᠢ᠂ ᠮᠠᠨ᠎ᠤ ᠣᠷᠣᠨ ᠭᠤᠤᠯᠯᠠᠭ᠍ᠴᠢ ᠪᠠᠭ᠍ᠰᠢ᠎ᠶ᠋ᠢ ᠬᠥᠮᠦᠵᠢᠭᠦᠯᠬᠦ᠌᠎ᠳᠦ ᠰᠠᠭᠤᠷᠢᠯᠠᠨ᠂ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ ᠵᠢᠨ ᠵᠢᠭᠠᠨ ᠰᠤᠷᠭᠠᠯᠲᠠ᠎ᠶ᠋ᠢᠨ ᠬᠢᠷᠢ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂《ᠵᠢᠱ᠌ᠢᠶ᠎ᠡ ᠦᠵᠡᠭᠦᠯᠬᠦ᠌ ᠴᠢᠨᠠᠷᠲᠠᠶ ᠰᠢᠯᠢᠳᠡᠭ ᠪᠠᠭ᠍ᠰᠢ》ᠵᠢᠨ ᠲᠥᠷᠥᠯ ᠵᠦᠶ᠋ᠯ᠎ᠢ ᠯᠠᠪᠳᠠᠭᠤᠨ ᠪᠠᠲᠤᠲᠠᠶ ᠠᠬᠢᠭᠤᠯᠵᠤ᠂ ᠪᠥᠬᠥ᠌ ᠣᠷᠣᠨ᠎ᠤ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ᠎ᠶ᠋ᠢᠨ 5000 ᠱᠢᠬᠠᠮ ᠪᠠᠭ᠍ᠰᠢ᠎ᠶ᠋ᠢᠨ ᠳᠣᠲᠣᠷ᠎ᠠ᠎ᠠᠴᠠ 300 ᠭᠠᠷᠤᠶ ᠪᠠᠭᠰᠢ ᠵᠢ ᠰᠤᠩᠭᠤᠨ ᠰᠢᠯᠭᠠᠷᠠᠭᠤᠯᠪᠠ᠃ 3 ᠵᠢᠯ᠎ᠦᠨ ᠬᠤᠭᠤᠴᠠᠭᠠᠨ ᠳ᠋ᠤ᠂ ᠥᠪᠡᠷᠲᠡᠭᠡᠨ ᠵᠠᠰᠠᠬᠤ ᠣᠷᠣᠨ᠎ᠤ ᠵᠢᠭᠠᠬᠤ ᠵᠢ ᠰᠤᠳᠤᠯᠬᠤ ᠲᠠᠰᠤᠭ ᠲᠦᠪᠯᠡᠷᠡᠭᠦᠯᠦᠨ ᠲᠤᠰᠭᠠᠶ ᠮᠡᠷᠭᠡᠵᠢᠯ᠎ᠦᠨ ᠬᠢᠴᠢᠶᠡᠯ ᠣᠷᠣᠬᠤ᠂ ᠰᠦᠯᠵᠢᠶᠡᠨ ᠳᠡᠭᠡᠷ᠎ᠡ ᠲᠣᠭ᠍ᠲᠠᠮᠠᠯ ᠪᠤᠰᠤ ᠬᠤᠭᠤᠴᠠᠭ᠎ᠠ᠎ᠲᠠᠶ ᠪᠡᠷ ᠣᠯᠠᠨ ᠶᠠᠩᠵᠤ ᠬᠡᠯᠪᠡᠷᠢ᠎ᠶ᠋ᠢᠨ ᠲᠤᠰᠭᠠᠶ ᠰᠡᠳᠦᠪᠳᠦ ᠰᠤᠳᠤᠯᠤᠨ ᠰᠤᠷᠤᠯᠴᠠᠬᠤ ᠠᠵᠢᠯᠯᠠᠭ᠎ᠠ ᠦᠷᠨᠢᠭᠦᠯᠵᠦ᠂ ᠠᠵᠢᠯ᠎ᠤᠨ ᠪᠠᠢᠷᠢ᠎ᠲᠡᠭᠡᠷ᠎ᠡ ᠳᠠᠭᠠᠵᠤ ᠰᠤᠷᠤᠯᠴᠠᠬᠤ᠂ ᠦᠶ᠋ᠯᠡᠳᠦᠯᠭᠡ᠎ᠶ᠋ᠢᠨ ᠠᠵᠢᠯᠯᠠᠭ᠎ᠠ ᠳ᠋ᠤ ᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠪᠣᠯᠪᠠᠰᠤᠷᠠᠯ ᠥᠷᠨᠢᠭᠦᠯᠬᠦ᠌ ᠎ᠪᠠᠷ ᠳᠠᠮᠵᠢᠭᠤᠯᠤᠨ᠂ ᠰᠤᠩᠭᠤᠨ ᠰᠢᠯᠭᠠᠷᠠᠭᠤᠯᠤᠭᠰᠠᠨ ᠰᠢᠯᠢᠳᠡᠭ ᠪᠠᠭ᠍ᠰᠢ ᠨᠠᠷ᠎ᠤᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠨᠠᠩ ᠰᠠᠢᠲᠤᠷ ᠤᠢᠯᠠᠭᠠᠨ ᠬᠡᠷᠡᠭᠯᠡᠬᠦ ᠵᠢ ᠬᠠᠨᠳᠤᠯᠭᠠᠲᠤ ᠴᠢᠨᠠᠷᠲᠠᠶ᠎ᠪᠠᠷ ᠵᠢᠯᠤᠭᠤᠳᠤᠨ ᠬᠠᠪᠰᠤᠷᠪᠠ᠃ ᠡᠭᠦᠨ᠎ᠦ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠬᠠᠮᠲᠤ᠎ᠪᠠᠷ ᠬᠢᠴᠢᠶᠡᠯ ᠪᠡᠯᠡᠳᠭᠡᠬᠦ᠌ ᠦᠵᠡᠭᠦᠯᠭᠡ᠂ ᠬᠢᠴᠢᠶᠡᠯ᠎ᠦᠨ ᠡᠬᠢ ᠪᠠᠶᠠᠯᠢᠭ᠎ᠤᠨ ᠪᠠᠢᠭᠤᠯᠤᠯᠲᠠ᠂ ᠵᠢᠭᠠᠨ ᠰᠤᠷᠭᠠᠯᠲᠠ᠎ᠶ᠋ᠢᠨ ᠲᠤᠰᠠᠯᠠᠬᠤ ᠮᠠᠲ᠋ᠧᠷᠢᠶᠠᠯ᠎ᠢ ᠰᠣᠩᠭᠣᠨ ᠨᠠᠢᠷᠠᠭᠤᠯᠬᠤ ᠵᠡᠷᠭᠡ ᠠᠵᠢᠯ᠎ᠤᠨ ᠳᠤᠮᠳᠠᠬᠢ ᠭᠤᠤᠯ ᠦᠢᠯᠡᠳᠦᠯ᠎ᠢ ᠨᠢ ᠪᠠᠳᠠᠷᠠᠭᠤᠯᠪᠠ᠃ ᠱᠢᠰᠲ᠋ᠧᠮ᠎ᠲᠡᠶ᠂ ᠥᠨᠳᠥᠷ ᠲᠦᠪᠱᠢᠨ᠎ᠲᠡᠶ᠂ ᠣᠯᠠᠨ ᠬᠠᠷᠠᠭᠠᠰᠤ᠂ ᠪᠥᠬᠥ᠌ ᠲᠠᠯ᠎ᠠ᠎ᠶ᠋ᠢᠨ ᠪᠣᠯᠪᠠᠰᠤᠷᠠᠯ᠎ᠢᠶᠠᠷ ᠳᠡᠮᠵᠢᠨ᠂ ᠰᠢᠯᠢᠳᠡᠭ ᠪᠠᠭ᠍ᠰᠢ ᠨᠠᠷ᠎ᠤᠨ ᠲᠤᠰᠭᠠᠶ ᠮᠡᠷᠭᠡᠵᠢᠯ᠎ᠦᠨ ᠬᠡᠪ ᠪᠣᠯᠪᠠᠰᠤᠷᠠᠯ ᠪᠣᠯᠤᠨ ᠵᠢᠭᠠᠨ ᠰᠤᠷᠭᠠᠯᠲᠠ᠎ᠶ᠋ᠢᠨ ᠤᠷ᠎ᠠ ᠴᠢᠳᠠᠪᠤᠷᠢ᠎ᠨᠢ ᠴᠢᠨᠠᠷ᠎ᠤᠨ ᠦᠰᠦᠷᠦᠯᠲᠡ᠎ᠲᠡᠶ ᠪᠣᠯᠤᠭ᠍ᠰᠠᠨ ᠪᠥᠭᠡᠳ ᠮᠠᠰᠢ ᠰᠠᠢᠨ ᠨᠥᠯᠥᠭᠡᠯᠡᠨ ᠳᠠᠢᠴᠢᠯᠠᠬᠤ ᠦᠢᠯᠡᠳᠦᠯ ᠦᠵᠡᠭᠦᠯᠵᠦ᠍᠂ ᠦᠨᠡᠨ ᠬᠦ᠌《ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠤᠭ᠍ᠴᠢ᠂ ᠬᠢᠴᠢᠶᠡᠯ᠎ᠦᠨ ᠥᠭᠡᠷᠡᠴᠢᠯᠡᠯᠲᠡ᠎ᠶ᠋ᠢ ᠠᠬᠢᠭᠤᠯᠬᠤ ᠵᠢᠭᠠᠨ ᠵᠢᠯᠣᠭᠣᠳᠣᠭ᠍ᠴᠢ᠂ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌ ᠵᠢ ᠲᠠᠪᠳᠠᠨ ᠪᠤᠯᠪᠠᠰᠤᠷᠠᠭᠤᠯᠤᠭᠴᠢ᠂ ᠪᠠᠭ᠍ᠰᠢ᠎ᠶ᠋ᠢᠨ ᠦᠰᠦᠨ ᠪᠣᠢᠵᠢᠯᠲᠠ᠎ᠶ᠋ᠢ ᠬᠥᠲᠥᠯᠥᠨ ᠳᠠᠭᠠᠭᠤᠯᠬᠤ ᠦᠶ᠋ᠯᠡᠴᠢᠯᠡᠭ᠌ᠴᠢ》 ᠪᠤᠯᠤᠭᠰᠠᠨ ᠪᠠᠢᠨ᠎ᠠ᠃

《ᠵᠠᠯᠠᠭᠤ ᠪᠠᠭ᠍ᠰᠢ ᠪᠣᠯᠤᠭ᠍ᠰᠠᠨ᠎ᠤ ᠬᠤᠪᠢ᠎ᠳᠤ᠂ ᠪᠢ ᠪᠣᠯᠪᠠᠰᠤᠷᠠᠯ᠎ᠢᠶᠠᠷ ᠳᠠᠮᠵᠢᠨ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠣᠢᠯᠠᠭᠠᠬᠤ ᠪᠠ ᠡᠵᠡᠮᠳᠡᠬᠦ᠌ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠵᠢᠭᠠᠨ ᠰᠤᠷᠭᠠᠯᠲᠠ᠎ᠶ᠋ᠢᠨ ᠣᠢᠯᠠᠭᠠᠭ᠍ᠳᠠᠬᠤᠨ ᠪᠠ ᠠᠷᠭ᠎ᠠ ᠪᠠᠷᠢᠯ ᠵᠢᠠᠨ ᠱᠢᠨᠡᠳᠭᠡᠪᠡ᠃ ᠬᠣᠢᠱᠢᠳᠠ ᠥᠪᠡᠷ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠬᠢᠷᠢ ᠲᠦᠪᠱᠢᠨ᠎ᠢᠶᠡᠨ ᠦᠷᠭᠦᠯᠵᠢᠯᠡᠨ ᠳᠡᠭᠡᠭ᠌ᠰᠢᠯᠡᠭᠦᠯᠬᠦ᠌᠎ᠪᠡᠷ ᠪᠠᠷᠠᠬᠤ ᠥᠬᠡᠶ᠂ ᠰᠢᠯᠢᠳᠡᠭ ᠪᠠᠭ᠍ᠰᠢ᠎ᠶ᠋ᠢᠨ ᠵᠢᠱ᠌ᠢᠶ᠎ᠡ ᠦᠵᠡᠭᠦᠯᠦᠨ ᠳᠠᠢᠴᠢᠯᠠᠬᠤ ᠦᠶ᠋ᠯᠡᠳᠦᠯ᠎ᠢ ᠨᠠᠩ ᠰᠠᠢᠲᠤᠷ ᠪᠠᠳᠠᠷᠠᠭᠤᠯᠤᠨ᠎ᠠ》 ᠭᠡᠵᠦ᠍ ᠲᠦᠩᠯᠢᠶᠣᠤ ᠬᠣᠲᠠ᠎ᠶ᠋ᠢᠨ ᠨᠠᠶ᠋ᠮᠠᠨ ᠬᠣᠱᠢᠭᠤᠨ᠎ᠤ ᠪᠠᠢᠰᠢᠩᠲᠤ ᠮᠣᠩᠭᠣᠯ ᠦᠨᠳᠦᠰᠦᠲᠡᠨ᠎ᠦ ᠰᠤᠷᠭᠠᠭᠤᠯᠢ᠎ᠶ᠋ᠢᠨ ᠪᠠᠭ᠍ᠰᠢ ᠲᠢᠶᠸ ᠯᠦᠩ ᠬᠡᠯᠡᠪᠡ᠃

ᠲᠥᠷᠥᠯ ᠵᠦᠶ᠋ᠯ ᠵᠢᠡᠷ ᠴᠢᠳᠠᠪᠤᠷᠢ ᠤᠯᠭᠤᠵᠤ ᠵᠢᠭᠠᠨ ᠰᠤᠷᠭᠠᠯᠲᠠ᠎ᠶ᠋ᠢ ᠳᠡᠭᠡᠭ᠌ᠰᠢᠯᠡᠭᠦᠯᠪᠡ

《ᠬᠥᠮᠦᠨ ᠪᠦᠬᠦᠨ ᠰᠤᠷᠤᠯᠴᠠᠵᠤ᠂ ᠴᠠᠭ ᠢᠮᠠᠭ᠍ᠲᠠ ᠰᠤᠷᠤᠯᠴᠠᠵᠤ᠂ ᠭᠠᠵᠠᠷ ᠪᠣᠯᠭᠠᠨ᠎ᠳᠤ ᠰᠤᠷᠤᠯᠴᠠᠬᠤ》 ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠤᠯᠴᠠᠬᠤ ᠣᠷᠴᠢᠨ ᠲᠣᠭᠣᠷᠢᠨ᠎ᠢ ᠴᠢᠷᠮᠠᠢᠨ ᠡᠭᠦᠳᠴᠦ᠍᠂ 2022 ᠣᠨ᠎ᠤ 5 ᠰᠠᠷ᠎ᠠ᠎ᠳᠤ᠂ ᠮᠠᠨ᠎ᠤ ᠣᠷᠣᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠦᠷᠦᠯ ᠵᠦᠢᠯ᠎ᠢ ᠡᠬᠢᠯᠡᠭᠦᠯᠪᠡ᠃ ᠵᠣᠬᠢᠶᠠᠮᠠᠯ ᠣᠶᠤᠨ᠎ᠦ ᠴᠢᠳᠠᠪᠤᠷᠢ ᠪᠠ ᠲᠣᠮᠣ ᠳ᠋ᠠᠢᠲ᠋ᠠ᠎ᠶ᠋ᠢᠨ ᠪᠠᠢᠭᠤᠯᠤᠯᠲᠠ᠎ᠳᠤ ᠲᠦᠱᠢᠭ᠌ᠯᠡᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠱᠢᠷᠢᠰ ᠰᠤᠷᠤᠯᠴᠠᠯᠭ᠎ᠠ᠎ᠶ᠋ᠢᠨ ᠲᠠᠪᠴᠠᠩ᠎ᠢ ᠪᠠᠢᠭᠤᠯᠵᠤ᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠣᠶᠤᠨᠴᠢ ᠬᠠᠪᠰᠤᠷᠤᠨ ᠰᠤᠷᠭᠠᠬᠤ ᠱᠢᠰᠲ᠋ᠧᠮ᠎ᠢ ᠳᠣᠭᠢᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ᠎ᠶ᠋ᠢᠨ ᠲᠤᠰᠭᠠᠶ ᠰᠡᠳᠦᠪᠲᠦ ᠬᠢᠴᠢᠶᠡᠯ᠎ᠦᠨ ᠲᠠᠩᠬᠢᠮ᠎ᠢ ᠪᠠᠢᠭᠤᠯᠵᠤ᠂ ᠪᠠᠭ᠍ᠰᠢ᠎ᠶ᠋ᠢᠨ ᠣᠶᠤᠨᠴᠢ ᠰᠤᠷᠤᠯᠴᠠᠯᠭ᠎ᠠ᠎ᠶ᠋ᠢᠨ ᠲᠠᠪᠴᠠᠩ᠎ᠢ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠲᠤᠰᠭᠠᠶ ᠰᠤᠷᠭᠠᠨ ᠬᠥᠮᠦᠵᠢᠯ᠎ᠦᠨ ᠡᠬᠢ ᠪᠠᠶᠠᠯᠢᠭ ᠵᠡᠷᠭᠡ᠎ᠶ᠋ᠢ ᠨᠡᠭᠡᠭᠡᠨ ᠬᠥᠭ᠌ᠵᠢᠭᠦᠯᠪᠡ᠃ ᠣᠳᠣᠬᠠᠨ᠎ᠳᠤ᠂ ᠲᠥᠷᠥᠯ ᠵᠦᠶ᠋ᠯ᠎ᠢ ᠪᠦᠬᠦᠨ᠎ᠢ ᠪᠠᠢᠭᠤᠯᠵᠤ ᠲᠠᠭᠤᠰᠬᠠᠨ ᠪᠥᠬᠥ᠌ ᠲᠠᠯ᠎ᠠ᠎ᠪᠡᠷ ᠠᠰᠢᠬᠯᠠᠯᠳᠠ ᠳ᠋ᠤ ᠣᠷᠣᠭᠤᠯᠵᠤ᠂ ᠨᠡᠢᠲᠡ 7.7 ᠲᠦᠮᠡ ᠭᠠᠷᠤᠶ ᠪᠠᠭ᠍ᠰᠢ᠂ 37 ᠲᠦᠮᠡᠨ ᠰᠣᠷᠣᠭ᠍ᠴᠢ ᠲᠥᠷᠥᠯ ᠵᠦᠶ᠋ᠯ᠎ᠦᠨ ᠲᠠᠪᠴᠠᠩ᠎ᠢ ᠬᠡᠷᠡᠭ᠌ᠯᠡᠵᠦ᠍᠂ ᠪᠥᠬᠥ᠌ ᠣᠷᠣᠨ᠎ᠤ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠰᠠᠢᠲᠤᠷ ᠰᠤᠷᠴᠤ᠌ ᠬᠡᠷᠡᠭ᠌ᠯᠡᠬᠦ᠌᠎ᠶ᠋ᠢ ᠠᠬᠢᠭᠤᠯᠬᠤ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠬᠡᠷᠡᠭ᠌ᠯᠡᠯᠲᠡ᠎ᠶ᠋ᠢ ᠠᠬᠢᠭᠤᠯᠬᠤ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠳᠠᠷᠤᠭᠠᠰᠤ᠎ᠶ᠋ᠢ ᠬᠥᠩᠭᠡᠷᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠬᠦ᠌᠎ᠳᠦ ᠬᠦᠴᠦᠨ ᠨᠡᠮᠡᠷᠢᠯᠡᠵᠦ ᠪᠤᠢ᠃

《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠦᠷᠦᠯ ᠵᠦᠢᠯ᠎ᠢᠶᠡᠷ ᠳᠠᠮᠵᠢᠭᠤᠯᠤᠨ᠂ ᠰᠤᠷᠭᠠᠭᠤᠯᠢ ᠵᠢᠨ ᠲᠠᠯ᠎ᠠ ᠡᠴᠡ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠦᠨ ᠲᠤᠰᠭᠠᠢ ᠬᠢᠴᠢᠶᠡᠯ᠎ᠦᠨ ᠥᠷᠥᠬᠡ ᠪᠠᠢᠭᠤᠯᠵᠤ᠂ ᠬᠢᠴᠢᠶᠡᠯ ᠪᠡᠯᠡᠳᠬᠡᠬᠦ ᠬᠢᠴᠢᠶᠡᠯ ᠵᠢᠭᠠᠬᠤ ᠱᠢᠰᠲ᠋ᠧᠮ᠎ᠢ ᠬᠡᠷᠡᠭ᠌ᠯᠡᠨ ᠵᠢᠭᠠᠨ ᠰᠤᠷᠭᠠᠯᠲᠠ ᠰᠤᠳᠤᠯᠭᠠᠨ᠎ᠦ ᠠᠵᠢᠯ ᠥᠷᠨᠢᠭᠦᠯᠵᠦ᠍᠂ ᠬᠥᠳᠡᠯᠦᠩᠭᠦᠢ ᠬᠢᠨᠠᠨ ᠬᠡᠮᠵᠢᠬᠦ᠌ ᠴᠢᠳᠠᠪᠬᠢ᠎ᠶ᠋ᠢ ᠠᠱᠢᠭ᠍ᠯᠠᠨ ᠰᠤᠭᠤᠴᠢᠨ ᠬᠡᠮᠵᠢᠯᠲᠡ ᠬᠢᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠦᠷᠭᠦᠯᠵᠢᠯᠡᠨ ᠳᠡᠭᠡᠭ᠌ᠰᠢᠯᠡᠬᠦᠯᠵᠡᠢ》᠃ ᠡᠨᠡ ᠪᠤᠯ ᠬᠥᠬᠡᠬᠣᠲᠠ᠎ᠶ᠋ᠢᠨ ᠦᠨᠳᠦᠰᠦᠲᠡᠨ᠎ᠦ ᠲᠤᠷᠱᠢᠯᠲᠠ᠎ᠶ᠋ᠢᠨ ᠰᠤᠷᠭᠠᠭᠤᠯᠢ ᠵᠢᠨ ᠲᠥᠷᠥᠯ ᠵᠦᠶ᠋ᠯ᠎ᠢ ᠬᠡᠷᠡᠭᠵᠢᠭᠦᠯᠦᠭᠰᠡᠨ ᠡᠴᠡ ᠪᠤᠯᠤᠭᠰᠠᠨ ᠦᠨᠡᠨ ᠪᠤᠳᠠᠳᠠᠢ ᠬᠤᠪᠢᠷᠠᠯᠲᠠ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面