2024-08-12 11:37:37
《〈ᠬᠥᠯ ᠨᠢ ᠤᠷᠲᠤ ᠭᠠᠷ ᠨᠢ ᠤᠬᠤᠷ᠂ ᠬᠥᠮᠥᠰᠬᠡ ᠨᠢ ᠨᠢᠳᠦ᠎ᠪᠡᠨ ᠬᠠᠯᠬᠠᠯᠠᠨ᠎ᠠ᠃ ᠬᠦᠮᠦᠨ ᠦᠬᠡᠢ ᠪᠤᠯ ᠨᠠᠮ ᠵᠢᠮ᠂ ᠬᠦᠮᠦᠨ ᠪᠠᠢᠪᠠᠯ ᠲᠤᠤᠷ᠎ᠠ ᠪᠠᠨ ᠵᠢᠯᠢᠢᠳᠡᠭ〉 ᠡᠨᠡ ᠴᠤᠬᠤᠮ ᠶᠠᠮᠠᠷ ᠠᠮᠢᠲᠠᠨ ᠪᠤᠶ? ᠵᠠᠭᠠᠨ ᠶᠤᠮ ᠦᠦ᠂ ᠴᠠᠷᠴᠠᠬᠠᠢ ᠶᠤᠮ ᠦᠦ?》 ᠬᠡᠵᠤ ᠤᠯᠠᠭᠠᠨᠬᠠᠳᠠ ᠬᠣᠲᠠ ᠶᠢᠨ ᠬᠡᠰᠢᠭᠲᠡᠨ ᠬᠣᠰᠢᠭᠤᠨ ᠤ ᠪᠢᠷᠠᠭᠤ ᠳ᠋ᠡᠬᠢ ᠮᠣᠩᠭᠣᠯ ᠦᠨᠳᠦᠰᠦᠲᠡᠨ᠎ᠦ ᠪᠠᠭ᠎ᠠ ᠰᠤᠷᠭᠠᠭᠤᠯᠢ᠎ᠶᠢᠨ ᠬᠡᠯᠡ ᠪᠢᠴᠢᠭ᠎ᠦᠨ ᠪᠠᠭ᠍ᠰᠢ ᠲᠠᠨ᠎ᠠ ᠰᠤᠷᠤᠭ᠍ᠴᠢᠳ ᠵᠢᠨᠨ ᠳᠠᠭᠠᠭᠤᠯᠤᠨ ᠣᠨᠢᠰᠤᠭ᠎ᠠ ᠳᠠᠭᠠᠬᠤ ᠲᠣᠭᠯᠠᠭᠠᠮ ᠬᠢᠵᠦ ᠪᠠᠶᠠᠷ ᠪᠠᠶᠠᠰᠬᠤᠯᠠᠨᠭᠳᠤ ᠠᠭᠤᠷ ᠠᠮᠢᠰᠬᠤᠯ᠎ᠤᠨ ᠲᠤᠮᠳᠠ ᠬᠢᠴᠢᠶᠡᠯ ᠤᠷᠤᠵᠤ ᠪᠠᠢᠯ᠎ᠠ᠃
《ᠭᠤᠷᠪᠠᠳᠤᠭᠠᠷ ᠣᠨ ᠤ ᠰᠤᠷᠤᠭ᠍ᠴᠢᠳ᠎ᠲᠤ ᠴᠢᠭᠯᠡᠭᠦᠯᠦᠨ᠂ ᠦᠰᠦᠭ ᠭᠠᠯᠢᠭ᠍ᠯᠠᠬᠤ ᠲᠣᠭᠯᠠᠭᠠᠮ ᠪᠤᠶᠤ ᠣᠨᠢᠰᠤᠭ᠎ᠠ ᠳᠠᠭᠠᠬᠤ ᠲᠣᠭᠯᠠᠭᠠᠮᠨᠡᠭᠡᠭᠡᠵᠦ ᠬᠡᠦᠭᠡᠳ᠎ᠤᠨ ᠰᠤᠷᠤᠯᠴᠠᠬᠤ ᠤᠷᠮ᠎ᠠ ᠪᠠᠬ᠎ᠠ᠎ᠵᠢ ᠨᠡᠮᠡᠭᠳᠡᠭᠦᠯᠤᠨ᠎ᠠ᠂ ᠰᠤᠷᠤᠭ᠍ᠴᠢᠳ᠎ᠤᠨ ᠰᠤᠷᠤᠯᠴᠠᠬᠤ ᠤᠷᠮ᠎ᠠ ᠪᠠᠬᠠᠴᠤ᠌ ᠲᠠᠰᠤᠷᠠᠯᠲᠠ ᠦᠭᠡᠢ ᠳᠡᠭᠡᠭᠰᠢᠯᠡᠵᠦ ᠪᠠᠢᠨ᠎ᠠ᠂ ᠪᠠᠰᠠ ᠰᠤᠷᠤᠭ᠍ᠴᠢᠳ᠎ᠤᠨ ᠰᠢᠨ᠎ᠡ ᠰᠣᠷᠣᠭᠰᠠᠨ ᠦᠭᠡ ᠦᠰᠦᠭ ᠢ᠋ᠶ᠋ᠡᠷ ᠡᠳᠦᠷ᠎ᠦᠨ ᠲᠡᠮᠳᠡᠭᠯᠡᠯ ᠪᠤᠶᠤ ᠣᠬᠣᠷ ᠦᠯᠢᠭᠡᠷ ᠪᠢᠴᠢᠬᠦᠯᠵᠦ᠂ ᠬᠢᠲᠠᠳ ᠦᠰᠦᠭ ᠢ᠋ ᠨᠡᠩ ᠰᠠᠢᠨ ᠡᠵᠡᠮᠰᠢᠬᠦ ᠶ᠋ᠢ ᠵᠣᠷᠢᠭ᠍ᠵᠢᠭᠤᠯᠵᠤ ᠪᠠᠢᠨ᠎ᠠ 》 ᠭᠡᠵᠦ ᠲᠠᠨ᠎ᠠ ᠰᠤᠷᠪᠤᠯᠵᠢᠯᠠᠬᠴᠢ ᠳᠤ ᠶᠠᠷᠢᠨ᠎ᠠ᠃
ᠣᠢᠷ᠎ᠠ᠎ᠶᠢᠨ ᠵᠢᠯ᠎ᠦᠳ᠎ᠲᠦ᠂ ᠬᠡᠰᠢᠭᠲᠡᠨ ᠬᠣᠰᠢᠭᠤᠨ᠎ᠤ ᠪᠢᠷᠠᠭᠤ ᠳ᠋ᠡᠬᠢ ᠮᠣᠩᠭᠣᠯ ᠦᠨᠳᠦᠰᠦᠲᠡᠨ᠎ᠦ ᠪᠠᠭ᠎ᠠ ᠰᠤᠷᠭᠠᠭᠤᠯᠢ ᠠᠳᠠᠯᠢ ᠪᠤᠰᠤ ᠣᠨ᠎ᠤ ᠰᠣᠷᠣᠭ᠍ᠴᠢᠳ᠎ᠤᠨ ᠣᠨᠴᠠᠯᠢᠭ᠋᠎ᠲᠤ ᠴᠢᠭᠯᠡᠭᠦᠯᠦᠨ ᠠᠳᠠᠯᠢ ᠪᠤᠰᠤ ᠵᠢᠭᠠᠨ ᠰᠤᠷᠭᠠᠯᠲᠠ᠎ᠶᠢᠨ ᠠᠷᠭ᠎ᠠ ᠠᠪᠴᠤ᠂ ᠬᠡᠯᠡ ᠪᠢᠴᠢᠭ᠎ᠦᠨ ᠵᠢᠭᠠᠨ ᠰᠤᠷᠭᠠᠯᠲᠠ ᠵᠢ ᠴᠢᠩᠭᠠᠳᠬᠠᠵᠤ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠰᠤᠷᠤᠯᠴᠠᠬᠤ ᠢᠳᠡᠪᠬᠢᠵᠢᠯ᠎ᠢ ᠳᠡᠭᠡᠭᠰᠢᠯᠡᠭᠦᠯᠵᠤ ᠪᠤᠢ ᠃
《ᠨᠢᠭᠡᠳᠦᠭᠡᠷ ᠣᠨ᠂ ᠬᠣᠶᠠᠳᠤᠭᠠᠷ ᠣᠨ᠎ᠤ ᠰᠣᠷᠣᠭ᠍ᠴᠢᠳ᠎ᠤᠨ ᠨᠠᠰᠤ ᠵᠢᠯ ᠤᠨ ᠤᠨᠴᠠᠯᠢᠭ ᠲᠸ᠋ ᠴᠢᠭᠯᠡᠬᠦᠯᠦᠨ᠂ ᠲᠡᠳᠡᠨ᠎ᠤ ᠠᠩᠬᠠᠷᠤᠯ᠎ᠢ ᠲᠦᠪᠯᠡᠷᠡᠬᠦᠯᠬᠦ ᠵᠢᠨ ᠲᠦᠯᠦᠭᠡ᠂ ᠬᠡᠯᠡ ᠪᠢᠴᠢᠭ᠎ᠦᠨ ᠪᠠᠭ᠍ᠰᠢ ᠡᠴᠡ ᠺᠠᠷᠲ᠂ ᠦᠯᠢᠭᠡᠷ᠎ᠦᠨ ᠨᠣᠮ ᠢ᠋ ᠠᠰᠢᠭᠯᠠᠨ ᠬᠦᠨᠳᠦ ᠦᠬᠡᠰ ᠢ᠋ ᠴᠡᠭᠡᠵᠢᠯᠡᠭᠦᠯᠬᠦ ᠪᠤᠶᠤ ᠳᠦᠷᠢ ᠲᠣᠭᠯᠠᠭᠤᠯᠬᠤ ᠳᠤᠭᠤᠢᠯᠠᠩ᠎ᠤᠨ ᠠᠵᠢᠯᠯᠠᠭ᠎ᠠ ᠦᠷᠨᠢᠬᠦᠯᠵᠦ᠂ ᠰᠣᠷᠣᠭ᠍ᠴᠢᠳ᠎ᠤᠨ ᠦᠭᠡ ᠥᠰᠥᠭ᠎ᠦᠨ ᠲᠤᠬᠠᠢ ᠣᠢᠯᠠᠭᠠᠯᠲᠠ᠎ᠶᠢ ᠭᠦᠨᠵᠡᠭᠡᠢᠷᠡᠭᠦᠯᠵᠦ ᠪᠤᠢ᠃ ᠳᠤᠮᠳᠠ ᠳᠡᠭᠡᠳᠦ ᠣᠨ᠎ᠤ ᠰᠤᠷᠤᠭ᠍ᠴᠢᠳ ᠲᠸ᠋ ᠳᠤᠭᠤᠢᠯᠠᠩ ᠤᠨ ᠶᠠᠷᠢᠯᠴᠠᠭ᠎ᠠ᠂ ᠮᠠᠷᠭᠤᠯᠳᠤᠬᠤ ᠤᠷᠤᠯᠳᠤᠭᠠᠨ᠂ ᠶᠠᠷᠢᠶ᠎ᠠ ᠢᠯᠡᠳᠬᠡᠯ ᠦᠨ ᠤᠷᠤᠯᠳᠤᠭᠠᠨ ᠢ ᠵᠤᠬᠢᠶᠠᠨ ᠪᠠᠢᠭᠤᠯᠵᠤ᠂ ᠰᠤᠷᠤᠭ᠍ᠴᠢᠳ᠎ᠤᠨ ᠤᠢᠯᠠᠭᠠᠵᠤ ᠤᠬᠠᠬᠤ ᠰᠤᠷᠤᠯᠴᠠᠵᠤ ᠴᠡᠭᠡᠵᠢᠯᠡᠬᠦ ᠴᠢᠳᠠᠪᠤᠷᠢ ᠵᠢ ᠲᠡᠭᠡᠭᠰᠢᠯᠡᠬᠦᠯᠵᠦ ᠪᠠᠢᠨ᠎ᠠ》ᠭᠡᠵᠦ ᠬᠡᠰᠢᠭᠲᠡᠨ ᠬᠣᠰᠢᠭᠤᠨ᠎ᠤ ᠪᠢᠷᠠᠭᠤ ᠳ᠋ᠡᠬᠢ ᠮᠣᠩᠭᠣᠯ ᠦᠨᠳᠦᠰᠦᠲᠡᠨ᠎ᠦ ᠪᠠᠭ᠎ᠠ ᠰᠤᠷᠭᠠᠭᠤᠯᠢ ᠶ᠋ᠢᠨ ᠵᠠᠬᠢᠷᠤᠯ ᠰᠤᠳᠤ ᠶᠠᠷᠢᠯ᠎ᠠ᠃
ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠬᠤ ᠢᠳᠡᠪᠬᠢᠵᠢᠯ᠎ᠢ ᠳᠡᠭᠡᠭᠰᠢᠯᠡᠭᠦᠯᠬᠦ ᠳ᠋ᠤ᠂ ᠵᠥᠪᠬᠡᠨ ᠠᠳᠠᠯᠢ ᠪᠤᠰᠤ ᠬᠡᠯᠡ ᠪᠢᠴᠢᠭ᠎ᠦᠨ ᠵᠢᠭᠠᠨ ᠰᠤᠷᠭᠠᠯᠲᠠ᠎ᠶᠢᠨ ᠠᠷᠭ᠎ᠠ᠎ᠶᠢ ᠬᠡᠷᠡᠭᠯᠡᠵᠦ ᠪᠠᠢᠭ᠎ᠠ ᠲᠡᠳᠦᠢ ᠪᠢᠰᠢ᠃ ᠲᠣᠰ ᠰᠤᠷᠭᠠᠭᠤᠯᠢ ᠵᠢᠨ ᠬᠢᠨ ᠪᠠᠰᠠ ᠰᠤᠷᠤᠭ᠍ᠴᠢᠳ᠎ᠤᠨ ᠨᠡᠢᠭᠡᠮ᠎ᠦᠨ ᠦᠢᠯᠡᠳᠦᠯᠭᠡ ᠶᠢᠨ ᠠᠵᠢᠯᠯᠠᠭ᠎ᠠ᠎ᠳᠤ ᠣᠷᠣᠯᠴᠠᠬᠤ᠎ᠶᠢ ᠵᠣᠷᠢᠭ᠍ᠵᠢᠭᠤᠯᠵᠤ᠂ ᠰᠣᠶᠣᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠮᠢᠳᠤᠷᠠᠯ᠎ᠤᠨ ᠶᠡᠷᠦ᠎ᠶᠢᠨ ᠮᠡᠳᠡᠯᠭᠡ ᠵᠡᠷᠭᠡ ᠠᠳᠠᠯᠢ ᠪᠤᠰᠤ ᠰᠡᠳᠦᠪᠳᠦ《ᠬᠡᠯᠡ ᠶᠠᠷᠢᠶᠠᠨ᠎ᠤ ᠪᠤᠯᠤᠩ》 ᠭᠠᠷᠭᠠᠵᠤ᠂ ᠰᠤᠷᠤᠭ᠍ᠴᠢᠳ ᠢ ᠳᠠᠭᠠᠭᠤᠯᠤᠨ ᠮᠦᠽᠧᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠷᠳᠣᠨ᠎ᠢᠶᠠᠷ ᠲᠣᠭᠣᠷᠢᠨ ᠦᠵᠡᠭᠦᠯᠵᠦ᠂ ᠰᠤᠷᠤᠭ᠍ᠴᠢᠳ᠎ᠤᠨ ᠰᠣᠯᠢᠯᠴᠠᠭ᠎ᠠ ᠰᠤᠷᠤᠯᠴᠠᠯᠭ᠎ᠠ᠎ᠶᠢᠨ ᠳᠤᠮᠳᠠ ᠬᠡᠯᠡᠨ ᠦ ᠢᠯᠡᠳᠬᠡᠬᠦ ᠴᠢᠳᠠᠪᠤᠷᠢ᠎ᠶᠢ ᠨᠢ ᠳᠡᠭᠡᠭᠰᠢᠯᠡᠭᠦᠯᠵᠦ ᠪᠠᠢᠭ᠎ᠠ ᠶᠤᠮ ᠃
ᠬᠡᠰᠢᠭᠲᠡᠨ ᠬᠣᠰᠢᠭᠤᠨ᠎ᠤ ᠪᠢᠷᠠᠭᠤ ᠳ᠋ᠡᠬᠢ ᠮᠣᠩᠭᠣᠯ ᠦᠨᠳᠦᠰᠦᠲᠡᠨ᠎ᠦ ᠪᠠᠭ᠎ᠠ ᠰᠤᠷᠭᠠᠭᠤᠯᠢ ᠪᠠᠰᠠ ᠬᠡᠰᠢᠭᠲᠡᠨ ᠬᠣᠰᠢᠭᠤᠨ᠎ᠤ ᠪᠢᠷᠠᠭᠤ ᠳ᠋ᠡᠬᠢ ᠬᠣᠶᠠᠳᠤᠭᠠᠷ ᠪᠠᠭ᠎ᠠ ᠰᠤᠷᠭᠠᠭᠤᠯᠢ᠂ ᠬᠡᠰᠢᠭᠲᠡᠨ ᠬᠣᠰᠢᠭᠤᠨ᠎ᠤ ᠪᠢᠷᠠᠭᠤ ᠳ᠋ᠡᠬᠢ ᠭᠤᠷᠪᠠᠳᠤᠭᠠᠷ ᠪᠠᠭ᠎ᠠ ᠰᠤᠷᠭᠠᠭᠤᠯᠢ᠎ᠲᠠᠢ ᠠᠵᠢᠯ ᠲᠦᠷᠦᠯ᠎ᠤᠨ ᠬᠠᠪᠰᠤᠷᠤᠯᠴᠠᠭ᠎ᠠ ᠪᠠᠢᠭᠤᠯᠵᠤ᠂ ᠵᠢᠭᠠᠨ ᠰᠤᠷᠭᠠᠯᠲᠠ᠎ᠶᠢᠨ ᠳᠤᠬᠠᠢ ᠰᠤᠳᠤᠯᠤᠨ ᠶᠠᠷᠢᠯᠴᠠᠵᠤ ᠰᠣᠯᠢᠯᠴᠠᠬᠤ᠂ ᠬᠢᠴᠢᠶᠡᠯ ᠰᠣᠨᠣᠰᠬᠤ᠂ ᠬᠢᠴᠢᠶᠡᠯ ᠦᠨᠡᠯᠡᠬᠦ ᠵᠡᠷᠭᠡ ᠤᠯᠠᠨ ᠵᠦᠢᠯ᠎ᠦᠨ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠰᠤᠷᠭᠠᠭᠤᠯᠢ᠎ᠶᠢᠨ ᠪᠠᠭ᠍ᠰᠢ ᠨᠠᠷ ᠢ ᠬᠠᠮᠲᠤ᠎ᠪᠠᠷ ᠰᠤᠷᠤᠯᠴᠠᠭᠤᠯᠵᠤ᠂ ᠬᠠᠮᠲᠤ᠎ᠪᠠᠷ ᠤᠬᠠᠭᠠᠷᠠᠭᠤᠯᠵᠤ᠂ ᠪᠠᠭ᠍ᠰᠢ ᠨᠠᠷ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠴᠢᠳᠠᠪᠤᠷᠢ᠎ᠶᠢ ᠳᠠᠰᠤᠷᠠᠯᠳᠠ ᠦᠭᠡᠢ ᠳᠡᠭᠡᠭᠰᠢᠯᠡᠭᠦᠯᠵᠤ ᠪᠠᠢᠨ᠎ᠠ᠃
《2023 ᠣᠨ᠎ᠤ 3 ᠰᠠᠷ᠎ᠠ ᠠ᠋ᠴᠠ ᠡᠬᠢᠯᠡᠨ᠂ ᠮᠠᠨ᠎ᠤ ᠰᠤᠷᠭᠠᠭᠤᠯᠢ ᠶ᠋ᠢᠨ ᠬᠡᠯᠡ ᠪᠢᠴᠢᠭ᠎ᠦᠨ ᠪᠠᠭ᠍ᠰᠢ ᠨᠠᠷ ᠭᠠᠷᠠᠭ ᠪᠦᠷᠢ ᠪᠠᠭ᠎ᠠ᠎ᠳᠠᠭᠠᠨ ᠨᠢᠭᠡ ᠤᠳᠠᠭ᠎ᠠ ᠠᠵᠢᠯ ᠲᠦᠷᠦᠯ᠎ᠤᠨ ᠬᠠᠪᠰᠤᠷᠤᠯᠴᠠᠭ᠎ᠠ ᠪᠠᠢᠭᠤᠯᠤᠭᠰᠠᠨ ᠰᠤᠷᠭᠠᠭᠤᠯᠢ ᠵᠢᠨ ᠬᠡᠯᠡ ᠪᠢᠴᠢᠭ᠎ᠦᠨ ᠪᠠᠭ᠍ᠰᠢ ᠶ᠋ᠢᠨ ᠵᠢᠱ᠌ᠢᠶ᠎ᠡ ᠦᠵᠡᠭᠦᠯᠬᠦ ᠬᠢᠴᠢᠶᠡᠯ ᠢ᠋ ᠰᠣᠨᠣᠰᠴᠤ᠂ ᠬᠠᠪᠰᠤᠷᠤᠯᠴᠠᠭ᠎ᠠ ᠪᠠᠢᠭᠤᠯᠤᠭᠰᠠᠨ ᠰᠤᠷᠭᠠᠭᠤᠯᠢ ᠶ᠋ᠢᠨ ᠬᠡᠯᠡ ᠪᠢᠴᠢᠭ᠎ᠦᠨ ᠪᠠᠭ᠍ᠰᠢ ᠴᠤ᠌ ᠲᠣᠭᠲᠠᠮᠠᠯ ᠬᠤᠭᠤᠴᠠᠭ᠎ᠠ᠎ᠲᠠᠢ᠎ᠪᠠᠷ ᠰᠤᠷᠭᠠᠭᠤᠯᠢ᠎ᠳᠤ ᠢᠷᠡᠵᠦ ᠬᠢᠴᠢᠶᠡᠯ ᠰᠣᠨᠣᠰᠴᠤ᠂ ᠬᠢᠴᠢᠶᠡᠯ ᠰᠢᠯᠭᠠᠷᠠᠭᠤᠯᠵᠤ᠂ ᠵᠢᠭᠠᠨ ᠰᠤᠷᠭᠠᠯᠲᠠ ᠶ᠋ᠢᠨ ᠲᠠᠯ᠎ᠠ᠎ᠪᠠᠷ ᠰᠤᠳᠤᠯᠤᠨ ᠶᠠᠷᠢᠯᠴᠠᠵᠤ ᠰᠣᠯᠢᠯᠴᠠᠳᠠᠭ᠂ ᠣᠳᠣ᠌ ᠮᠠᠨ᠎ᠤ ᠰᠤᠷᠭᠠᠭᠤᠯᠢ ᠶ᠋ᠢᠨ ᠪᠠᠭ᠍ᠰᠢ ᠨᠠᠷ᠎ᠤᠨ ᠵᠢᠭᠠᠨ ᠰᠤᠷᠭᠠᠯᠳᠠ ᠵᠢᠨ ᠢᠳᠡᠪᠬᠢᠵᠢᠯ ᠮᠠᠰᠢ ᠥᠨᠳᠥᠷ ᠪᠠᠢᠨ᠎ᠠ 》 ᠬᠡᠵᠦ ᠰᠤᠳᠤ ᠶᠠᠷᠢᠯ᠎ᠠ᠃
ᠬᠡᠰᠢᠭᠲᠡᠨ ᠬᠣᠰᠢᠭᠤᠨ᠎ᠤ ᠪᠢᠷᠠᠭᠤ ᠳ᠋ᠡᠬᠢ ᠮᠣᠩᠭᠣᠯ ᠦᠨᠳᠦᠰᠦᠲᠡᠨ᠎ᠦ ᠪᠠᠭ᠎ᠠ ᠰᠤᠷᠭᠠᠭᠤᠯᠢ ᠪᠠᠰᠠ ᠪᠠᠭ᠍ᠰᠢ ᠨᠠᠷ᠎ᠤᠨ《ᠤᠯᠤᠰ᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ ᠣᠶᠤᠨᠴᠢ ᠰᠤᠷᠭᠠᠨ ᠬᠥᠮᠦᠵᠢᠯ᠎ᠦᠨ ᠲᠠᠪᠴᠠᠩ》᠎ᠢ᠋ ᠰᠠᠢᠲᠤᠷ ᠬᠡᠷᠡᠭᠯᠡᠬᠦ ᠵᠢ ᠬᠥᠲᠥᠯᠥᠨ ᠵᠢᠯᠤᠭᠣᠳᠴᠤ᠂ ᠪᠠᠭ᠍ᠰᠢ ᠨᠠᠷ᠎ᠢ ᠵᠣᠬᠢᠶᠠᠨ ᠪᠠᠢᠭᠤᠯᠤᠨ《ᠵᠢᠱ᠌ᠢᠶ᠎ᠡ ᠦᠵᠡᠭᠦᠯᠬᠦ ᠴᠢᠨᠠᠷᠲᠠᠢ ᠭᠤᠤᠯᠯᠠᠬᠤ ᠪᠠᠭ᠍ᠰᠢ》ᠵᠢᠨ ᠰᠦᠯᠵᠢᠶᠡᠨ ᠪᠣᠯᠪᠠᠰᠤᠷᠠᠯ᠂ ᠬᠡᠯᠡ ᠪᠢᠴᠢᠭ᠎ᠦᠨ ᠪᠠᠭ᠍ᠰᠢ᠎ᠶᠢᠨ ᠰᠢᠯᠢᠳᠡᠭ᠎ᠢ ᠬᠥᠮᠥᠵᠢᠭᠦᠯᠵᠦ ᠪᠠᠭᠤᠷᠠᠢ ᠳᠠᠯ᠎ᠠ ᠵᠢ ᠨᠦᠬᠦᠪᠦᠷᠢᠯᠡᠬᠦ ᠲᠤᠬᠠᠢᠯᠠᠭᠰᠠᠨ ᠠᠵᠢᠯ᠎ᠤᠨ ᠵᠢᠭᠠᠨ ᠵᠢᠯᠤᠭᠣᠳᠬᠤ ᠪᠣᠯᠪᠠᠰᠤᠷᠠᠯ ᠵᠡᠷᠭᠡ᠎ᠳᠦ ᠢᠳᠡᠪᠬᠢᠲᠡᠢ ᠣᠷᠣᠯᠴᠠᠭᠤᠯᠵᠤ᠂ ᠣᠯᠠᠨ ᠡᠰᠢᠲᠦ ᠪᠣᠯᠪᠠᠰᠤᠷᠠᠯ᠎ᠤᠨ ᠵᠠᠭᠪᠤᠷ᠎ᠢᠶᠠᠷ ᠪᠠᠭ᠍ᠰᠢ ᠨᠠᠷ᠎ᠤᠨ ᠰᠤᠷᠭᠠᠨ ᠬᠥᠮᠦᠵᠢᠯ᠎ᠦᠨ ᠣᠢᠯᠠᠭᠠᠭᠳᠠᠬᠤᠨ᠎ᠢ ᠰᠢᠨᠡᠴᠢᠯᠡᠵᠦ᠂ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠵᠦ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃