ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-04-26 10:54:01

ᠵᠣᠬᠢᠶᠠᠭ᠍ᠴᠢ᠄ ᠯᠢ ᠰᠢᠨ ᠵᠢᠶᠦ᠋ᠨ ᠣᠩᠱᠢᠭ᠍ᠰᠠᠨ ᠣᠳᠠᠭ᠎ᠠ᠄ 3

ᠬᠥᠯᠥᠨ ᠪᠤᠢ᠍ᠢᠷ ᠬᠤᠳᠠ᠎ᠶᠢᠨ ᠮᠣᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠰᠢᠭᠤᠨ᠎ᠤ ᠨᠢᠷᠬᠢ ᠬᠣᠶᠠᠳᠤᠭᠠᠷ ᠪᠠᠭ᠎ᠠ ᠰᠤᠷᠭᠠᠭᠤᠯᠢ ᠶᠠᠷᠢᠶ᠎ᠠ ᠢᠯᠡᠳᠬᠡᠯ᠎ᠦᠨ ᠤᠷᠤᠯᠳᠤᠭᠠᠨ᠂ ᠰᠣᠩᠭᠣᠳᠠᠭ ᠵᠣᠬᠢᠶᠠᠯ᠎ᠤᠨ ᠤᠩᠰᠢᠯᠭ᠎ᠠ᠂ ᠭᠣᠣᠯ ᠰᠡᠳᠦᠪᠲᠦ ᠠᠩᠭᠢ᠎ᠶᠢᠨ ᠬᠤᠷᠠᠯ᠂ ᠭᠠᠷ ᠪᠢᠴᠢᠮᠡᠯ ᠰᠣᠨᠢᠨ᠂ ᠭᠤᠷᠪᠠᠨ ᠶᠠᠩᠵᠤ ᠵᠢᠨ ᠪᠢᠷ᠎ᠦᠨ ᠦᠰᠦᠭ᠎ᠦᠨ ᠦᠵᠡᠭᠦᠯᠭᠡ ᠪᠠ 《ᠳᠤᠩᠰᠢᠭᠤᠯ ᠠᠯᠳᠠᠭ᠎ᠠ ᠪᠤᠷᠤᠭᠤ᠎ᠶᠢ ᠵᠠᠯᠠᠷᠠᠭᠤᠯᠬᠤᠢ》 ᠵᠡᠷᠭᠡ ᠪᠠᠶᠠᠯᠢᠭ᠋ ᠰᠠᠢᠬᠠᠨ ᠠᠵᠢᠯᠯᠠᠭ᠎ᠠ᠎ᠶᠢ ᠡᠷᠬᠢᠯᠡᠬᠦ᠎ᠪᠡᠷ ᠳᠠᠮᠵᠢᠭᠤᠯᠵᠤ᠂ ᠰᠤᠷᠤᠭ᠍ᠴᠢᠳ ᠎ᠤ᠋ᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠨ ᠬᠡᠷᠡᠭᠯᠡᠬᠦ ᠳ᠋ᠤ ᠪᠠᠶᠠᠷ ᠪᠠᠶᠠᠰᠬᠤᠯᠠᠩᠳᠤ ᠤᠷᠴᠢᠨ ᠨᠦᠬᠦᠴᠡᠯ᠎ᠢ ᠡᠬᠦᠳᠴᠦ ᠦᠭᠪᠡ᠃

《ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠬᠤ ᠨᠢ ᠰᠤᠷᠤᠭ᠍ᠴᠢᠳ᠎ᠤᠨ ᠨᠡᠩ ᠴᠢᠨᠠᠷ ᠰᠠᠢᠲᠠᠢ ᠣᠳᠣᠬᠢᠴᠢᠯᠠᠭᠰᠠᠨ ᠰᠤᠷᠭᠠᠨ ᠬᠥᠮᠦᠵᠢᠯ ᠭᠥᠷᠳᠡᠬᠦ᠂ ᠰᠢᠨᠵᠢᠯᠡᠬᠦ ᠤᠬᠠᠭᠠᠨ ᠰᠣᠶᠣᠯ᠎ᠤᠨ ᠬᠡᠪ ᠴᠢᠨᠠᠷ ᠢ᠋ ᠳᠡᠭᠡᠭᠰᠢᠯᠡᠭᠦᠯᠬᠦ᠂ ᠤᠯᠤᠰ᠎ᠤᠨ ᠥᠭᠡᠷᠡᠴᠢᠯᠡᠯᠲᠡ ᠬᠥᠭᠵᠢᠯᠲᠡ ᠶ᠋ᠢᠨ ᠦᠷ᠎ᠡ ᠪᠦᠲᠦᠭᠡᠯ ᠢ᠋ ᠬᠠᠮᠲᠤ᠎ᠪᠠᠷ ᠡᠳ᠋ᠯᠡᠬᠦ᠎ᠳᠦ ᠠᠰᠢᠭ᠍ᠲᠠᠢ》 ᠭᠡᠵᠦ ᠬᠣᠶᠠᠳᠤᠭᠠᠷ ᠪᠠᠭ᠎ᠠ ᠰᠤᠷᠭᠠᠭᠤᠯᠢ᠎ᠶᠢᠨ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠳᠤᠭᠤᠢᠯᠠᠩ᠎ᠤᠨ ᠪᠦᠷᠢᠯᠳᠦᠭᠦᠨ ᠾᠧ ᠬᠠᠢ ᠶᠠᠨ ᠬᠡᠯᠡᠪᠡ᠃

《ᠮᠣᠷᠢᠨᠳᠠᠪᠠᠭ᠎ᠠ ᠵᠢᠨ ᠲᠠᠭᠤᠷ ᠦᠨᠳᠦᠰᠦᠲᠡᠨ᠎ᠤ ᠦᠪᠡᠷᠲᠡᠭᠡᠨ ᠵᠠᠰᠠᠬᠤ ᠬᠣᠰᠢᠭᠤ ᠰᠤᠷᠤᠭ᠍ᠴᠢᠳ᠎ᠢ ᠬᠠᠷᠠᠬᠠᠨ ᠪᠠᠭ᠎ᠠ᠎ᠠᠴᠠ ᠪᠠᠨ ᠰᠠᠢᠨ ᠰᠠᠢᠬᠠᠨ ᠵᠣᠷᠢᠭ᠋ ᠰᠠᠨᠠᠭ᠎ᠠ ᠵᠠᠩ ᠴᠢᠨᠠᠷ᠂ ᠶᠣᠰᠣ᠌ ᠰᠤᠷᠲᠠᠬᠤᠨ᠎ᠤ ᠬᠡᠪ ᠪᠣᠯᠪᠠᠰᠤᠷᠠᠯ᠂ ᠬᠠᠤᠯᠢᠵᠢᠯ᠎ᠤᠨ ᠦᠵᠡᠯᠲᠡ ᠪᠣᠯᠣᠨ ᠨᠡᠢᠭᠡᠮ᠎ᠦᠨ ᠬᠠᠷᠢᠭᠤᠴᠠᠯᠭᠠᠲᠤ ᠰᠡᠳᠬᠢᠯᠭᠡ᠎ᠵᠢ ᠪᠤᠢ ᠪᠤᠯᠭᠠᠵᠤ᠂ ᠰᠣᠶᠣᠯ ᠮᠡᠳᠡᠯᠭᠡ᠎ᠶᠢ ᠨᠡᠩ ᠰᠠᠢᠨ ᠰᠤᠷᠤᠯᠴᠠᠵᠤ᠂ ᠨᠡᠩ ᠴᠢᠨᠠᠷ ᠰᠠᠢᠲᠠᠢ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠢ ᠡᠳ᠋ᠯᠡᠵᠦ᠂ ᠨᠡᠢᠭᠡᠮ᠎ᠳᠦ ᠨᠡᠩ ᠰᠠᠢᠨ ᠠᠭᠤᠰᠤᠯᠴᠠᠭᠤᠯᠬᠤ᠎ᠪᠠᠷ ᠭᠠᠷᠳᠠᠴᠠ ᠪᠣᠯᠭᠠᠵᠤ᠂ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠪᠣᠯᠣᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠶᠡᠬᠡ ᠪᠡᠷ ᠳᠡᠯᠭᠡᠷᠡᠭᠦᠯᠦᠨ ᠬᠡᠷᠡᠭᠯᠡᠪᠡ》 ᠭᠡᠵᠦ ᠮᠣᠷᠢᠨᠳᠠᠪᠠᠭ᠎ᠠ ᠵᠢᠨ ᠲᠠᠭᠤᠷ ᠦᠨᠳᠦᠰᠦᠲᠡᠨ᠎ᠤ ᠦᠪᠡᠷᠲᠡᠭᠡᠨ ᠵᠠᠰᠠᠬᠤ ᠬᠣᠰᠢᠭᠤᠨ᠎ᠤ ᠰᠤᠷᠭᠠᠨ ᠬᠥᠮᠦᠵᠢᠯ(ᠪᠡᠶ᠎ᠡ᠎ᠶᠢᠨ ᠲᠠᠮᠢᠷ) ᠤ᠋ᠨ ᠲᠣᠪᠴᠢᠶᠠᠨ ᠳᠠᠷᠤᠭ᠎ᠠ ᠯᠢᠦ᠎ᠶᠢᠨ ᠵᠦ᠍ ᠰᠣᠷᠪᠤᠯᠵᠢᠯᠠᠭ᠎ᠠ᠎ᠬᠦᠯᠢᠶᠡᠬᠦ᠎ᠳᠡᠭᠡᠨ ᠬᠡᠯᠡᠪᠡ᠃

ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠢ ᠳᠡᠯᠭᠡᠷᠡᠭᠦᠯᠦᠨ ᠬᠡᠷᠡᠭᠯᠡᠬᠦ ᠪᠣᠯ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠴᠤ ᠰᠠᠢᠲᠤᠷ ᠬᠡᠷᠡᠭᠯᠡᠬᠦ᠎ᠶᠢᠨ ᠴᠢᠬᠤᠯᠠ ᠠᠴᠢᠶᠠᠯᠠᠪᠤᠷᠢ ᠪᠠ ᠪᠦᠲᠦᠮᠵᠢᠲᠡᠶ ᠠᠷᠭ᠎ᠠ ᠵᠠᠮ ᠮᠥᠨ᠃ ᠬᠠᠢᠯᠠᠷ ᠲᠣᠭᠣᠷᠢᠭ᠋᠎ᠤᠨ ᠱᠧᠩ ᠯᠢ ᠵᠡᠭᠡᠯᠢ᠎ᠶᠢᠨ ᠪᠠᠭ᠎ᠠ ᠰᠤᠷᠭᠠᠭᠤᠯᠢ ᠪᠠ ᠨᠠᠨ ᠺᠠᠢ ᠵᠠᠮ᠎ᠤᠨ ᠪᠠᠭ᠎ᠠ ᠰᠤᠷᠭᠠᠭᠤᠯᠢ ᠵᠢᠨ ᠬᠢᠨ ᠬᠥᠯᠥᠨ ᠪᠠᠭ᠎ᠠ ᠰᠤᠷᠭᠠᠭᠤᠯᠢ᠎ᠲᠠᠢ ᠬᠠᠪᠰᠤᠷᠤᠨ ᠲᠡᠳᠬᠦᠬᠦ ᠬᠠᠪᠰᠤᠷᠤᠯᠴᠠᠭ᠎ᠠ ᠪᠠᠢᠭᠤᠯᠵᠤ᠂ 《ᠨᠠᠷᠠᠲᠤ ᠪᠠᠭ᠍ᠰᠢ》ᠵᠢᠨ ᠠᠵᠢᠯᠯᠠᠬᠤ ᠲᠠᠰᠤᠭ᠎ᠤᠨ ᠲᠣᠭᠲᠠᠴᠠ᠎ᠶᠢ ᠬᠡᠷᠡᠭᠵᠢᠭᠦᠯᠵᠦ᠂ ᠨᠢᠭᠡ ᠴᠣᠭᠴᠠᠵᠢᠭᠤᠯᠤᠨ《ᠬᠤᠯᠪᠤᠯᠳᠠᠭᠤᠯᠤᠨ》ᠬᠢᠨᠡᠨ ᠰᠢᠯᠭᠠᠬᠤ᠎ᠶᠢ ᠬᠡᠷᠡᠭᠵᠢᠭᠦᠯᠵᠦ᠂《ᠪᠠᠭ᠍ᠰᠢ ᠱᠠᠪᠢ᠎ᠶᠢᠨ ᠳᠦᠷᠢᠮ》ᠵᠢᠡᠷ ᠬᠡᠯᠡ ᠪᠢᠴᠢᠭ᠎ᠦᠨ ᠭᠣᠣᠯᠯᠠᠭ᠍ᠴᠢ ᠪᠠᠭ᠍ᠰᠢ᠎ᠶᠢ ᠬᠥᠮᠥᠵᠢᠭᠦᠯᠵᠦ᠂ ᠲᠤᠰᠬᠠᠢ ᠰᠡᠳᠦᠪ᠎ᠦᠨ ᠰᠤᠳᠤᠯᠭᠠᠨ᠂ ᠬᠡᠯᠡ ᠪᠢᠴᠢᠭ᠎ᠦᠨ ᠬᠢᠴᠢᠶᠡᠯ ᠲᠥᠷᠥᠯ᠎ᠦᠨ ᠤᠷᠤᠯᠳᠤᠭᠠᠨ᠂ ᠰᠤᠷᠤᠯᠭ᠎ᠠ᠎ᠶᠢᠨ ᠬᠢᠷᠢ ᠬᠡᠮᠵᠢᠶ᠎ᠡ᠎ᠶᠢᠨ ᠦᠵᠡᠭᠦᠯᠭᠡ ᠵᠡᠷᠭᠡ ᠠᠵᠢᠯᠯᠠᠭ᠎ᠠ᠎ᠪᠠᠷ ᠳᠡᠮᠵᠢᠭᠤᠯᠤᠨ ᠬᠥᠯᠥᠨ ᠪᠠᠭ᠎ᠠ ᠰᠤᠷᠭᠠᠭᠤᠯᠢ᠎ᠶᠢᠨ ᠬᠡᠯᠡ ᠪᠢᠴᠢᠭ᠎ᠦᠨ ᠪᠠᠭ᠍ᠰᠢ᠎ᠶᠢᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠬᠡᠷᠡᠭᠯᠡᠭᠡᠨ᠎ᠦ ᠴᠢᠳᠠᠪᠤᠷᠢ ᠪᠠ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠴᠢᠳᠠᠪᠤᠷᠢ᠎ᠶᠢ ᠴᠢᠷᠮᠠᠢᠨ ᠳᠡᠭᠡᠭᠰᠢᠯᠡᠭᠦᠯᠪᠡ᠃

ᠬᠥᠯᠥᠨ ᠪᠠᠭ᠎ᠠ ᠰᠤᠷᠭᠠᠭᠤᠯᠢ ᠰᠣᠷᠣᠭ᠍ᠴᠢ᠎ᠶᠢᠨ ᠪᠣᠳᠠᠲᠠᠢ᠎ᠲᠠᠢ ᠤᠶᠠᠯᠳᠤᠭᠤᠯᠤᠨ᠂ ᠪᠠᠭ᠎ᠠ ᠰᠤᠷᠭᠠᠭᠤᠯᠢ᠎ᠶᠢᠨ ᠨᠢᠭᠡᠳᠦᠭᠡᠷ ᠤᠨ᠂ ᠬᠣᠶᠠᠳᠤᠭᠠᠷ ᠣᠨ᠎ᠳᠤ ᠪᠦᠯᠬᠦᠮ ᠨᠡᠶ᠋ᠢᠲᠡ᠎ᠶᠢᠨ ᠠᠵᠢᠯᠯᠠᠭ᠎ᠠ᠂ ᠬᠢᠴᠢᠶᠡᠯ᠎ᠦᠨ ᠭᠠᠳᠠᠭᠤᠷᠬᠢ ᠤᠩᠰᠢᠯᠭ᠎ᠠ᠂ ᠦᠢᠯᠡᠳᠦᠯᠭᠡ᠎ᠶᠢᠨ ᠠᠵᠢᠯᠯᠠᠭ᠎ᠠ᠂ ᠭᠠᠷ ᠤᠷᠠᠯᠠᠯ᠎ᠤᠨ ᠠᠵᠢᠯᠯᠠᠭ᠎ᠠ᠎ᠶᠢᠨ ᠲᠥᠷᠥᠯ᠎ᠢᠶᠡᠷ ᠭᠣᠣᠯ ᠪᠣᠯᠭᠠᠵᠤ᠂ ᠭᠤᠷᠪᠠ ᠠ᠋ᠴᠠ ᠵᠢᠷᠭᠤᠳᠤᠭᠠᠷ ᠣᠨ᠎ᠳᠤ ᠬᠢᠴᠢᠶᠡᠯ᠎ᠦᠨ ᠭᠠᠳᠠᠭᠤᠷᠬᠢ ᠤᠩᠰᠢᠯᠭ᠎ᠠ᠂ ᠳᠠᠰᠬᠠᠯ᠎ᠤᠨ ᠬᠠᠪᠰᠤᠷᠤᠨ ᠵᠢᠯᠣᠭᠣᠳᠤᠯᠭ᠎ᠠ᠂ ᠳᠤᠷ᠎ᠠ ᠰᠣᠨᠢᠷᠬᠠᠯ᠎ᠤᠨ ᠳᠤᠭᠤᠢᠯᠠᠩ᠂ ᠪᠦᠯᠬᠦᠮ ᠨᠡᠶ᠋ᠢᠲᠡ᠎ᠶᠢᠨ ᠠᠵᠢᠯᠯᠠᠭ᠎ᠠ᠂ ᠶᠡᠷᠦᠩᠬᠡᠢᠯᠡᠭᠰᠡᠨ ᠦᠢᠯᠡᠳᠦᠯᠭᠡ᠎ᠪᠡᠷ ᠭᠣᠣᠯ ᠪᠣᠯᠭᠠᠵᠤ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠬᠡᠷᠡᠭᠯᠡᠬᠦ ᠂ ᠲᠠᠨᠢᠬᠤ᠂ ᠤᠩᠰᠢᠬᠤ᠂ ᠵᠣᠬᠢᠶᠠᠨ ᠪᠢᠴᠢᠬᠦ ᠪᠣᠯᠪᠠᠰᠤᠷᠠᠯ᠎ᠢ ᠴᠢᠩᠭᠠᠳᠬᠠᠪᠠ᠃ ᠰᠤᠷᠤᠯᠭ᠎ᠠ᠎ᠶᠢᠨ ᠬᠤᠭᠤᠴᠠᠭ᠎ᠠ ᠪᠦᠷᠢ᠎ᠳᠦ ᠪᠤᠯᠤᠳ ᠪᠢᠷ᠎ᠤᠨ ᠪᠢᠴᠢᠯᠭᠡ᠂ ᠤᠷᠠᠨ ᠪᠢᠴᠢᠯᠭᠡ᠎ᠶᠢᠨ ᠦᠵᠡᠭᠦᠯᠭᠡ᠂ ᠣᠨᠴᠠᠯᠢᠭ᠍ᠲᠤ ᠳᠠᠰᠬᠠᠯ᠂ ᠶᠠᠷᠢᠶ᠎ᠠ ᠢᠯᠡᠳᠭᠡᠯ᠂ ᠢᠷᠠᠭᠤ ᠨᠠᠢᠷᠠᠭ᠎ᠤᠨ ᠤᠷᠠᠨ ᠤᠩᠰᠢᠯᠭ᠎ᠠ ᠵᠡᠷᠭᠡ ᠠᠵᠢᠯᠯᠠᠭ᠎ᠠ᠎ᠶᠢ ᠥᠷᠨᠢᠭᠦᠯᠵᠦ ᠪᠤᠢ᠃ ᠬᠥᠯᠥᠨ ᠪᠠᠭ᠎ᠠ ᠰᠤᠷᠭᠠᠭᠤᠯᠢ᠎ᠶᠢᠨ ᠰᠣᠷᠣᠭ᠍ᠴᠢᠳ᠎ᠤ᠋ᠨ ᠬᠡᠯᠡ ᠪᠢᠴᠢᠭ᠎ᠦᠨ ᠬᠢᠴᠢᠶᠡᠯ ᠰᠤᠷᠤᠯᠭ᠎ᠠ᠎ᠶᠢᠨ ᠬᠢᠷᠢ ᠪᠦᠲᠦᠮᠵᠢ ᠵᠢᠯ ᠳᠠᠷᠠᠭᠠᠯᠠᠨ ᠳᠡᠭᠡᠭᠰᠢᠯᠡᠵᠦ᠂ 2023 ᠣᠨ᠎ᠤ 12 ᠰᠠᠷ᠎ᠠ᠎ᠶᠢᠨ ᠳᠤᠮᠳᠠᠴᠢ᠎ᠪᠠᠷ ᠶᠠᠪᠤᠭᠳᠠᠭᠰᠠᠨ ᠪᠥᠬᠥ ᠬᠣᠲᠠ᠎ᠶᠢᠨ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ ᠪᠠᠢᠭᠰᠠᠨ ᠰᠤᠷᠭᠠᠭᠤᠯᠢ᠎ᠶᠢᠨ ᠨᠢᠭᠡᠳᠦᠯᠲᠡᠢ ᠬᠢᠨᠠᠨ ᠰᠢᠯᠭᠠᠯᠲᠠ᠎ᠳᠤ ᠬᠥᠯᠥᠨ ᠪᠠᠭ᠎ᠠ ᠰᠤᠷᠭᠠᠭᠤᠯᠢ᠎ᠶᠢᠨ ᠬᠡᠯᠡ ᠪᠢᠴᠢᠭ᠎ᠦᠨ ᠬᠢᠴᠢᠶᠡᠯ ᠨᠢ ᠪᠥᠬᠥ ᠬᠣᠲᠠ᠎ᠶᠢᠨ ᠨᠢᠭᠡᠳᠦᠭᠡᠷ᠎ᠲᠦ ᠣᠷᠣᠪᠠ᠃

《ᠰᠤᠷᠭᠠᠨ ᠬᠥᠮᠦᠵᠢᠯ ᠬᠥᠭᠵᠢᠪᠡᠯ ᠤᠯᠤᠰ ᠣᠷᠣᠨ ᠮᠠᠨᠳᠤᠨ᠎ᠠ᠂ ᠰᠤᠷᠭᠠᠨ ᠬᠥᠮᠦᠵᠢᠯ ᠬᠦᠴᠦᠷᠬᠡᠭᠵᠢᠪᠡᠯ ᠤᠯᠤᠰ ᠣᠷᠣᠨ ᠬᠦᠴᠦᠷᠬᠡᠭᠵᠢᠨ᠎ᠡ》᠃ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠢ ᠲᠡᠯᠭᠡᠷᠡᠬᠦᠯᠦᠨ ᠬᠡᠷᠡᠭᠯᠡᠵᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠴᠤ ᠰᠠᠢᠲᠤᠷ ᠬᠡᠷᠡᠭᠯᠡᠬᠦ ᠪᠣᠯ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠴᠢᠬᠤᠯᠠ ᠠᠷᠭ᠎ᠠ ᠵᠠᠮ ᠮᠥᠨ᠃ ᠬᠥᠯᠥᠨ ᠪᠤᠢ᠍ᠢᠷ ᠬᠤᠳᠠ᠎ᠶᠢᠨ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ ᠪᠠᠢᠭᠰᠠᠨ 15 ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ ᠰᠠᠢᠨ ᠳᠤᠷ᠎ᠠ᠎ᠠᠴᠠ᠎ᠪᠠᠨ ᠬᠡᠯᠡ ᠪᠢᠴᠢᠭ᠎ᠦᠨ ᠬᠢᠴᠢᠶᠡᠯ᠎ᠦᠨ ᠬᠠᠪᠰᠤᠷᠤᠨ ᠵᠢᠯᠣᠭᠣᠳᠤᠯᠭ᠎ᠠ᠎ᠳᠤ ᠣᠷᠣᠯᠴᠠᠵᠠᠢ᠃ ᠲᠣᠰ ᠬᠣᠲᠠ᠎ᠶᠢᠨ ᠬᠢᠨ《ᠨᠢᠭᠡ ᠰᠤᠷᠭᠠᠭᠤᠯᠢ ᠳ᠋ᠤ ᠨᠢᠭᠡ ᠲᠦᠰᠦᠯ᠎ᠢ ᠬᠡᠷᠡᠭᠵᠢᠬᠦᠯᠬᠦ》 ᠵᠠᠷᠴᠢᠮ ᠶᠣᠰᠣᠭᠠᠷ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠵᠢᠭᠠᠨ ᠰᠤᠷᠭᠠᠯᠲᠠ᠎ᠶᠢᠨ ᠠᠷᠭ᠎ᠠ ᠮᠠᠶᠢᠭ᠋᠎ᠤᠨ ᠰᠢᠨ᠎ᠡ᠎ᠶᠢ ᠡᠭᠦᠳᠴᠦ᠂ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠶᠡᠬᠡ ᠡᠭᠦᠷᠭᠡ᠎ᠶᠢ ᠡᠭᠦᠷᠭᠡᠯᠡᠵᠦ ᠳᠡᠶ᠋ᠢᠯᠬᠦ ᠴᠠᠭ ᠦᠶ᠎ᠡ᠎ᠶᠢᠨ ᠰᠢᠨ᠎ᠡ ᠬᠥᠮᠥᠨ᠎ᠢ ᠪᠥᠬᠥ ᠬᠦᠴᠦᠨ᠎ᠢᠶᠡᠷ᠎ᠢᠶᠡᠨ ᠬᠥᠮᠥᠵᠢᠭᠦᠯᠦᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面