2024-04-07 11:38:03
ᠤᠷᠠᠨ ᠤᠩᠰᠢᠯᠭ᠎ᠠ ᠵᠢᠨ ᠲᠠᠭᠤᠨ ᠤᠯᠠᠭᠠᠨᠬᠠᠳᠠ ᠬᠤᠳᠠ᠎ᠶ᠋ᠢᠨ ᠪᠠᠭᠠᠷᠢᠨ ᠪᠠᠷᠠᠭᠤᠨ ᠬᠣᠱᠢᠭᠤᠨ᠎ᠤ ᠴᠠᠭᠠᠨᠮᠥ᠋ᠷᠡᠨ ᠭᠣᠣᠯ ᠪᠠᠭ᠎ᠠ ᠰᠤᠷᠭᠠᠭᠤᠯᠢ᠎ᠶ᠋ᠢᠨ ᠬᠦᠷᠢᠶᠡᠨ᠎ᠳᠦ ᠴᠤᠤᠷᠢᠶᠠᠲᠤᠨ᠎ᠠ᠃ ᠰᠤᠷᠤᠭ᠍ᠴᠢᠳ ᠬᠡᠯᠡ ᠪᠢᠴᠢᠭ᠎ᠦᠨ ᠪᠠᠭ᠍ᠰᠢ ᠴᠢᠮᠡᠭ᠎ᠦᠨ ᠲᠠᠭᠠᠭᠤᠯᠭ᠎ᠠ᠎ᠪᠠᠷ 《ᠪᠢᠴᠢᠬᠠᠨ ᠤᠨᠠᠭ᠎ᠠ ᠭᠣᠣᠯ ᠭᠠᠲᠤᠯᠤᠭ᠍ᠰᠠᠨ ᠨᠢ》 ᠭᠡᠬᠦ᠌ ᠬᠢᠴᠢᠶᠡᠯ᠎ᠢ ᠨᠠᠷᠢᠨ ᠬᠢᠨᠠᠮᠠᠭᠠᠢ ᠤᠩᠱᠢᠵᠤ ᠪᠠᠢᠯ᠎ᠠ᠃ ᠤᠩᠰᠢᠯᠭ᠎ᠠ ᠵᠢᠨ ᠲᠠᠭᠠᠤ᠂ ᠴᠢᠮᠡᠭ ᠪᠠᠭᠰᠢ ᠲᠠᠢᠯᠪᠤᠷᠢ ᠬᠢᠵᠦ᠍᠂ ᠠᠪᠢᠶᠠᠨ᠎ᠤ ᠳᠠᠭᠤᠳᠠᠯᠭ᠎ᠠ᠎ᠶ᠋ᠢ ᠵᠠᠯᠠᠷᠠᠭᠤᠯᠤᠨ᠎ᠠ᠃
《ᠪᠢᠳᠠ ᠬᠠᠪᠰᠤᠷᠤᠯᠴᠠᠭ᠎ᠠ ᠪᠠᠢᠭᠤᠯᠤᠭᠰᠠᠨ ᠰᠤᠷᠭᠠᠭᠤᠯᠢ᠎ᠶ᠋ᠢᠨ ᠯᠢᠦ ᠹᠸᠩ ᠶᠠᠨ ᠪᠠᠭ᠍ᠰᠢ᠎ᠲᠠᠶ ᠬᠠᠮᠲᠤ 〈ᠪᠢᠴᠢᠬᠠᠨ ᠤᠨᠠᠭ᠎ᠠ ᠭᠣᠣᠯ ᠭᠠᠲᠤᠯᠤᠭᠰᠠᠨ ᠨᠢ〉 ᠬᠡᠬᠦ ᠬᠢᠴᠢᠶᠡᠯ᠎ᠦᠨ ᠵᠢᠭᠠᠬᠤ ᠲᠦᠰᠤᠯ᠎ᠢ ᠬᠠᠮᠳᠦ ᠪᠤᠯᠪᠠᠰᠤᠷᠠᠭᠤᠯᠤᠬᠰᠡᠨ ᠶᠤᠮ᠃ ᠬᠢᠴᠢᠶᠠᠯ᠎ᠢ ᠨᠠᠷᠢᠨ ᠨᠢᠮᠪᠡᠢ ᠪᠡᠯᠡᠳᠭᠡᠭᠰᠡᠨ ᠡᠴᠠ ᠬᠡᠦᠬᠡᠳ᠎ᠦᠳ ᠪᠠᠷᠢᠮᠵᠢᠶ᠎ᠠ ᠠᠪᠢᠶᠠᠨ᠎ᠤ ᠲᠠᠭᠤᠳᠠᠯᠭ᠎ᠠ᠎ᠶ᠋ᠢ ᠡᠵᠡᠮᠰᠢᠵᠦ ᠴᠢᠳᠠᠭᠰᠠᠨ ᠢᠶᠠᠷ ᠪᠠᠷᠠᠬᠤ ᠦᠭᠡᠢ ᠪᠠᠰᠠ ᠵᠣᠬᠢᠶᠠᠯ᠎ᠤᠨ ᠠᠭᠤᠯᠭ᠎ᠠ᠎ᠶ᠋ᠢ ᠰᠠᠢᠳᠤᠷ ᠣᠢᠯᠠᠭᠠᠵᠠᠢ》 ᠭᠡᠵᠦ᠍ ᠴᠢᠮᠡᠭ ᠬᠡᠯᠡᠨ᠎ᠡ᠃
ᠯᠢᠦ ᠹᠧᠩ ᠶᠠᠨ ᠪᠣᠯ ᠪᠠᠭᠠᠷᠢᠨ ᠪᠠᠷᠠᠭᠤᠨ ᠬᠣᠱᠢᠭᠤᠨ᠎ᠤ ᠳ᠋ᠠᠪᠠᠨ ᠬᠣᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠦᠨ ᠪᠠᠭ᠍ᠰᠢ ᠮᠦᠨ᠃ 2021 ᠣᠨ᠎ᠠᠴᠠ ᠨᠠᠭᠠᠰᠢ᠂ ᠯᠢᠦ ᠹᠧᠩ ᠶᠠᠨ ᠪᠠᠭᠠᠷᠢᠨ ᠪᠠᠷᠠᠭᠤᠨ ᠬᠣᠱᠢᠭᠤᠨ᠎ᠤ ᠴᠠᠭᠠᠨᠮᠥ᠋ᠷᠡᠨ ᠭᠤᠤᠯ ᠪᠠᠭ᠎ᠠ ᠰᠤᠷᠭᠠᠭᠤᠯᠢ᠎ᠶ᠋ᠢᠨ ᠪᠠᠭ᠍ᠰᠢ ᠨᠠᠷ᠎ᠲᠠᠶ ᠬᠠᠮᠲᠤ᠎ᠪᠠᠷ ᠬᠢᠴᠢᠶᠡᠯ᠎ᠦᠨ ᠠᠭᠤᠯᠭ᠎ᠠ᠂ ᠵᠢᠭᠠᠨ ᠰᠤᠷᠭᠠᠬᠤ ᠠᠷᠭ᠎ᠠ᠂ ᠵᠢᠭᠠᠨ ᠰᠤᠷᠭᠠᠯᠲᠠ᠎ᠶ᠋ᠢᠨ ᠵᠠᠳᠠᠯᠤᠯᠲᠠ ᠵᠡᠷᠭᠡ᠎ᠶ᠋ᠢ ᠰᠤᠳᠤᠯᠵᠤ᠂ ᠤᠶᠠᠩᠭᠠᠯᠠᠨ ᠤᠩᠰᠢᠬᠤ ᠪᠠ ᠪᠠᠷᠢᠮᠵᠢᠶ᠎ᠠ ᠠᠪᠢᠶᠠᠨ᠎ᠤ ᠲᠠᠭᠤᠳᠠᠯᠭ᠎ᠠ ᠵᠢᠨ ᠵᠠᠳᠠᠯᠤᠯᠲᠠ᠎ᠪᠠᠷ ᠳᠠᠮᠵᠢᠭᠤᠯᠤᠨ᠂ ᠰᠤᠷᠤᠭ᠍ᠴᠢᠳ᠎ᠤᠨ ᠠᠪᠢᠶᠠᠯᠠᠭ᠎ᠠ ᠵᠢᠷᠤᠮᠵᠢᠯ ᠥᠬᠡᠶ ᠪᠠᠢᠬᠤ᠂ ᠬᠢᠴᠢᠶᠡᠯ᠎ᠦᠨ ᠪᠢᠴᠢᠭ᠎ᠢ ᠣᠢᠯᠠᠭᠠᠬᠤ᠎ᠳᠤ ᠬᠦᠴᠢᠷᠲᠡᠶ ᠪᠠᠢᠬᠤ ᠵᠡᠷᠭᠡ ᠠᠰᠠᠭᠤᠳᠠᠯ᠎ᠢ ᠱᠢᠶ᠋ᠳᠪᠦᠷᠢᠯᠡᠪᠡ᠃
《ᠬᠠᠷᠢᠯᠴᠠᠨ ᠬᠢᠴᠢᠶᠡᠯ ᠰᠣᠨᠣᠰᠭᠤ᠂ ᠶᠠᠷᠢᠯᠴᠠᠬᠤ᠂ ᠳᠠᠬᠢᠨᠲᠠ ᠬᠢᠴᠢᠶᠡᠯ ᠪᠡᠯᠡᠳᠭᠡᠬᠦ᠌᠎ᠪᠡᠷ ᠳᠡᠮᠵᠢᠨ᠂ ᠴᠠᠭᠠᠨᠮᠥ᠋ᠷᠡᠨ ᠭᠤᠤᠯ ᠪᠠᠭ᠎ᠠ ᠰᠤᠷᠭᠠᠭᠤᠯᠢ᠎ᠶ᠋ᠢᠨ ᠪᠠᠭ᠍ᠰᠢ᠎ᠨᠠᠷ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ ᠢᠯᠡᠳᠲᠡ ᠳᠡᠭᠡᠭ᠌ᠰᠢᠯᠡᠵᠦ᠍᠂ ᠵᠢᠭᠠᠨ ᠰᠤᠷᠭᠠᠯᠲᠠ᠎ᠶ᠋ᠢᠨ ᠲᠥᠯᠥᠪᠯᠡᠭᠡ ᠨᠠᠩ ᠵᠦᠶ ᠵᠣᠬᠢᠰᠲᠠᠶ ᠪᠣᠯᠵᠣ᠂ ᠰᠤᠷᠤᠭ᠍ᠴᠢᠳ᠎ᠤᠨ ᠠᠪᠢᠶᠠᠨ᠎ᠤ ᠲᠠᠭᠤᠳᠠᠯᠭ᠎ᠠ ᠨᠠᠩ ᠣᠨᠣᠪᠴᠢᠲᠠᠶ ᠪᠣᠯᠵᠣ᠂ ᠦᠭᠡ ᠬᠡᠯᠡᠨ᠎ᠦ ᠢᠯᠡᠳᠭᠡᠬᠦ᠌ ᠴᠢᠳᠠᠪᠤᠷᠢ ᠢᠯᠡᠳᠲᠡ ᠳᠡᠭᠡᠭ᠌ᠰᠢᠯᠡᠵᠡᠢ》 ᠭᠡᠵᠦ᠍ ᠯᠢᠦ ᠹᠧᠩ ᠶᠠᠨ ᠶᠠᠷᠢᠨ᠎ᠠ᠃
ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢ ᠠᠬᠢᠭᠤᠯᠬᠤ ᠠᠵᠢᠯ᠎ᠤᠨ ᠳᠤᠮᠳᠠ᠂ ᠴᠠᠭᠠᠨᠮᠥ᠋ᠷᠡᠨ ᠭᠣᠣᠯ ᠪᠠᠭ᠎ᠠ ᠰᠤᠷᠭᠠᠭᠤᠯᠢ ᠵᠢᠨ ᠬᠢᠨ ᠪᠠᠶᠠᠨᠬᠤᠱᠢᠭᠤ ᠭᠣᠣᠯ ᠪᠠᠭ᠎ᠠ ᠰᠤᠷᠭᠠᠭᠤᠯᠢ ᠪᠣᠯᠤᠨ ᠳ᠋ᠠᠪᠠᠨ᠎ᠤ ᠬᠣᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠪᠠᠭ᠎ᠠ ᠰᠤᠷᠭᠠᠭᠤᠯᠢ᠎ᠲᠠᠶ 《ᠬᠠᠪᠰᠤᠷᠤᠯᠴᠠᠭ᠎ᠠ ᠪᠠᠢᠭᠤᠯᠤᠨ ᠬᠠᠮᠲᠤ᠎ᠪᠠᠷ ᠠᠬᠢᠬᠤ》᠂ ᠬᠠᠮᠲᠤ᠎ᠪᠠᠷ ᠵᠢᠭᠠᠨ ᠰᠤᠳᠤᠯᠬᠤ᠂ ᠬᠢᠴᠢᠶᠡᠯ ᠪᠡᠯᠡᠳᠭᠡᠬᠦ᠌᠂ ᠬᠢᠴᠢᠶᠡᠯ ᠰᠣᠨᠣᠰᠭᠤ᠂ ᠬᠢᠴᠢᠶᠡᠯ ᠦᠨᠡᠯᠡᠬᠦ ᠵᠡᠷᠭᠡ ᠤᠯᠠᠨ ᠵᠦᠢᠯ᠎ᠦᠨ ᠠᠷᠭ᠎ᠠ ᠬᠡᠯᠪᠡᠷᠢ ᠪᠡᠷ ᠵᠢᠭᠠᠨ ᠰᠤᠳᠤᠯᠬᠤ ᠲᠤᠬᠠᠢᠯᠠᠭ᠍ᠰᠠᠨ ᠠᠵᠢᠯ᠎ᠢ ᠬᠠᠮᠲᠤ᠎ᠪᠠᠷ ᠠᠬᠢᠭᠤᠯᠬᠤ ᠰᠠᠢ᠌ᠨ ᠰᠠᠢᠬᠠᠨ ᠠᠭᠤᠷ ᠠᠮᠢᠰᠭᠤᠯ᠎ᠢ ᠪᠦᠷᠢᠯᠳᠦᠭᠦᠯᠵᠡᠢ᠃
《ᠬᠠᠪᠰᠤᠷᠤᠯᠴᠠᠭ᠎ᠠ ᠪᠠᠢᠭᠤᠯᠤᠭ᠍ᠰᠠᠨ ᠰᠤᠷᠭᠠᠭᠤᠯᠢ᠎ᠶ᠋ᠢᠨ ᠬᠡᠯᠡ ᠪᠢᠴᠢᠭ᠎ᠦᠨ ᠪᠠᠭ᠍ᠰᠢ ᠰᠤᠷᠤᠯᠭ᠎ᠠ᠎ᠶ᠋ᠢᠨ ᠬᠤᠭᠤᠴᠠᠭ᠎ᠠ ᠪᠦᠷᠢ ᠮᠠᠨ᠎ᠤ ᠰᠤᠷᠭᠠᠭᠤᠯᠢ᠎ᠳᠤ 6 ᠤᠳᠠᠭ᠎ᠠ ᠢᠷᠡᠵᠦ᠍᠂ ᠵᠢᠭᠠᠨ ᠰᠤᠷᠭᠠᠯᠲᠠ᠎ᠶ᠋ᠢᠨ ᠲᠤᠷᠱᠢᠯᠭ᠎ᠠ᠎ᠪᠠᠨ ᠬᠠᠷᠢᠯᠴᠠᠨ ᠰᠣᠯᠢᠯᠴᠠᠳᠠᠭ᠂ ᠡᠨᠡ ᠨᠢ ᠮᠦᠨ ᠴᠤ᠌ ᠮᠠᠨ᠎ᠤ ᠰᠤᠷᠭᠠᠭᠤᠯᠢ᠎ᠶ᠋ᠢᠨ ᠪᠠᠭ᠍ᠰᠢ᠎ᠨᠠᠷ᠎ᠤᠨ ᠵᠢᠭᠠᠨ ᠰᠤᠷᠭᠠᠯᠲᠠ᠎ᠶ᠋ᠢᠨ ᠶᠠᠰᠤ ᠴᠢᠨᠠᠷ ᠪᠠ ᠰᠤᠷᠤᠭ᠍ᠴᠢᠳ᠎ᠤᠨ ᠰᠤᠷᠤᠯᠭ᠎ᠠ᠎ᠶ᠋ᠢᠨ ᠦᠷ᠎ᠡ ᠪᠦᠲᠦᠭᠡᠯ᠎ᠦᠨ ᠱᠢᠯᠭᠠᠯᠲᠠ ᠪᠠ ᠪᠠᠢᠴᠠᠭᠠᠯᠲᠠ ᠪᠣᠯᠤᠨ᠎ᠠ》 ᠭᠡᠵᠦ᠍ ᠴᠠᠭᠠᠨᠮᠥ᠋ᠷᠡᠨ ᠭᠤᠤᠯ ᠪᠠᠭ᠎ᠠ ᠰᠤᠷᠭᠠᠭᠤᠯᠢ᠎ᠶ᠋ᠢᠨ ᠨᠠᠮ᠎ᠤᠨ ᠡᠭᠦᠷ᠎ᠦᠨ ᠱᠦᠵᠢ᠂ ᠰᠤᠷᠭᠠᠭᠤᠯᠢ᠎ᠶ᠋ᠢᠨ ᠵᠠᠬᠢᠷᠤᠯ ᠰᠡᠴᠡᠨᠵᠣᠷᠢᠭ ᠬᠡᠯᠡᠪᠡ᠃
《ᠬᠠᠪᠰᠤᠷᠤᠯᠴᠠᠭ᠎ᠠ ᠪᠠᠢᠭᠤᠯᠤᠨ ᠬᠠᠮᠲᠤ᠎ᠪᠠᠷ ᠠᠬᠢᠭᠤᠯᠬᠤ》 ᠵᠢ ᠬᠡᠷᠡᠭ᠌ᠵᠢᠭᠦᠯᠦᠭᠰᠡᠨ ᠨᠢ ᠪᠠᠭ᠍ᠰᠢ᠎ᠨᠠᠷ᠎ᠲᠤ ᠬᠠᠷᠢᠯᠴᠠᠨ ᠰᠤᠯᠢᠯᠴᠠᠨ ᠬᠠᠷᠢᠯᠴᠠᠨ ᠰᠤᠷᠤᠯᠴᠠᠬᠤ ᠲᠠᠪᠴᠠᠩ᠎ᠢ ᠪᠠᠢᠭᠤᠯᠵᠤ ᠥᠭ᠌ᠪᠡ᠃ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠨᠡᠩ ᠰᠠᠢᠲᠤᠷ ᠰᠤᠷᠤᠯᠴᠠᠵᠤ ᠨᠡᠩ ᠰᠠᠢᠳᠤᠷ ᠬᠡᠷᠡᠭ᠌ᠯᠡᠭᠦᠯᠬᠦ᠌ ᠵᠢ ᠠᠬᠢᠭᠤᠯᠬᠤ᠎ᠶ᠋ᠢᠨ ᠲᠥᠯᠥᠭᠡ᠂ ᠴᠠᠭᠠᠨᠮᠥ᠋ᠷᠡᠨ ᠭᠣᠣᠯ ᠪᠠᠭ᠎ᠠ ᠰᠤᠷᠭᠠᠭᠤᠯᠢ ᠪᠠᠰᠠ ᠰᠤᠨᠢᠷᠬᠠᠯᠲᠤ ᠰᠠᠢᠬᠠᠨ ᠠᠵᠢᠯᠯᠠᠭ᠎ᠠ ᠪᠠ ᠤᠷᠤᠯᠳᠤᠭᠠᠨ ᠨᠤᠭᠤᠳ᠎ᠢ ᠡᠷᠬᠢᠯᠡᠵᠦ᠍᠂ ᠰᠤᠷᠤᠭ᠍ᠴᠢᠳ᠎ᠤᠨ ᠳᠦᠷᠢᠮᠵᠢᠭᠦᠨ ᠪᠢᠴᠢᠬᠦ᠌ ᠪᠠ ᠦᠭᠡ ᠬᠡᠯᠡᠨ᠎ᠦ ᠢᠯᠡᠳᠭᠡᠬᠦ᠌ ᠴᠢᠳᠠᠪᠤᠷᠢ᠎ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ ᠪᠤᠢ᠃
《ᠡᠳᠦᠷ ᠪᠦᠷᠢ ᠬᠡᠯᠡ ᠪᠢᠴᠢᠭ᠎ᠦᠨ ᠬᠢᠴᠢᠶᠡᠯ᠎ᠦᠨ ᠡᠮᠦᠨᠡᠬᠢ 15 ᠮᠢᠨᠦ᠋ᠲ᠎ᠦᠨ ᠤᠩᠱᠢᠯᠭ᠎ᠠ ᠲᠠᠢ᠂ ᠭᠠᠷᠠᠭ ᠪᠦᠷᠢ ᠬᠡᠯᠡ ᠪᠢᠴᠢᠭ᠎ᠦᠨ ᠬᠢᠴᠢᠶᠡᠯ᠎ᠦᠨ ᠳᠠᠷᠠᠭᠠᠬᠢ ᠦᠢᠯᠡᠴᠢᠯᠡᠭᠡᠨ᠎ᠤ ᠤᠩᠱᠢᠯᠭ᠎ᠠ᠎ᠶ᠋ᠢᠨ ᠠᠵᠢᠯᠯᠠᠭ᠎ᠠ᠎ᠶ᠋ᠢ 2 ᠤᠳᠠᠭ᠎ᠠ ᠬᠢᠵᠦ᠍᠂ ᠰᠤᠷᠤᠯᠭ᠎ᠠ᠎ᠶ᠋ᠢᠨ ᠬᠤᠭᠤᠴᠠᠭ᠎ᠠ ᠪᠦᠷᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠪᠢᠴᠢᠯᠭᠡ ᠵᠢᠨ ᠤᠷᠤᠯᠳᠤᠭᠠᠨ᠎ᠢ 3 - 4 ᠤᠳᠠᠭ᠎ᠠ᠂ ᠰᠣᠩᠭᠣᠳᠠᠭ ᠪᠦᠲᠦᠭᠡᠯ᠎ᠤᠨ ᠤᠩᠱᠢᠯᠭ᠎ᠠ᠎ᠶ᠋ᠢᠨ ᠤᠷᠤᠯᠳᠤᠭᠠᠨ᠎ᠢ 5 - 6 ᠤᠳᠠᠭ᠎ᠠ ᠬᠢᠵᠦ᠍ ᠪᠤᠢ》 ᠭᠡᠵᠦ ᠰᠡᠴᠡᠨᠵᠣᠷᠢᠭ ᠶᠠᠷᠢᠨ᠎ᠠ᠃ ᠣᠳᠣᠬᠠᠨ᠎ᠳᠤ᠂ ᠲᠤᠰ ᠰᠤᠷᠭᠠᠭᠤᠯᠢ᠎ᠶ᠋ᠢᠨ ᠰᠤᠷᠤᠭ᠍ᠴᠢᠳ᠎ᠤᠨ ᠰᠤᠷᠤᠯᠴᠠᠬᠤ ᠤᠷᠮ᠎ᠠ ᠪᠠᠬ᠎ᠠ ᠨᠡᠩ ᠦᠳᠭᠡᠨ ᠵᠤᠵᠠᠭᠠᠨ ᠪᠤᠯᠵᠤ᠂ ᠪᠠᠭ᠍ᠰᠢ᠎ᠨᠠᠷ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠡᠷ ᠵᠢᠭᠠᠨ ᠰᠤᠷᠭᠠᠬᠤ ᠴᠢᠳᠠᠪᠤᠷᠢ ᠤᠯᠠᠮ ᠴᠢᠨᠠᠭᠰᠢᠲᠠ ᠳᠡᠭᠡᠭ᠌ᠰᠢᠯᠡᠵᠦ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃