2024-08-13 10:02:04
ᠲᠦᠷᠦᠭᠦᠬᠡᠨ ᠪᠠᠶᠠᠨᠨᠠᠭᠤᠷ ᠬᠣᠲᠠ᠎ᠶ᠋ᠢᠨ ᠤᠷᠠᠳ᠎ᠤᠨ ᠳᠤᠮᠳᠠᠳᠤ ᠬᠣᠱᠢᠭᠤᠨ᠎ᠤ ᠲᠤᠷᠱᠢᠯᠲᠠ᠎ᠶ᠋ᠢᠨ ᠰᠤᠷᠭᠠᠭᠤᠯᠢ᠎ᠳᠤ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠤᠨ ᠬᠢᠴᠢᠶᠡᠯ ᠪᠡᠯᠡᠳᠭᠡᠵᠦ ᠬᠢᠴᠢᠶᠡᠯ ᠤᠷᠤᠬᠤ ᠱᠢᠰᠲ᠋ᠧᠮ᠎ᠦᠨ ᠪᠤᠯᠪᠠᠰᠤᠷᠠᠯ ᠥᠷᠨᠢᠭᠦᠯᠪᠡ᠃
《ᠬᠢᠴᠢᠶᠡᠯ ᠪᠡᠯᠡᠳᠭᠡᠬᠦ᠌ ᠱᠠᠲᠤᠨ᠎ᠳ᠋ᠤ 〈ᠣᠶᠤᠨᠳᠤ ᠬᠢᠴᠢᠶᠡᠯ᠎ᠦᠨ ᠲᠠᠩᠬᠢᠮ〉 ᠳ᠋ᠤ ᠮᠠᠰᠢ ᠤᠯᠠᠨ ᠡᠬᠢ ᠪᠠᠶᠠᠯᠢᠭ᠎ᠲᠠᠶ᠂ ᠵᠢᠭᠠᠨ ᠰᠤᠷᠭᠠᠯᠲᠠ᠎ᠶ᠋ᠢᠨ ᠵᠢᠷᠤᠭ ᠲᠥᠯᠥᠪᠯᠡᠭᠡ ᠨᠢ ᠱᠢᠨ᠎ᠡ ᠰᠡᠪᠡᠭᠦᠨ ᠪᠠᠢᠵᠤ᠂ ᠪᠠᠭ᠎ᠠ ᠰᠤᠷᠭᠠᠭᠤᠯᠢ᠂ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠠᠮᠤᠷᠴᠤ᠌᠂ ᠺᠠᠷᠲ᠋ᠣᠨ ᠵᠢᠷᠤᠭ᠂ ᠪᠢᠴᠢᠯ ᠬᠢᠴᠢᠶᠡᠯ ᠵᠡᠷᠭᠡ ᠪᠡᠷ ᠳᠠᠮᠵᠢᠭᠤᠯᠤᠨ ᠵᠢᠭᠠᠬᠤ ᠮᠠᠲ᠋ᠧᠷᠢᠶᠠᠯ᠎ᠤᠨ ᠭᠤᠤᠯᠳᠠᠯᠭ᠎ᠠ᠎ᠲᠠᠶ ᠪᠠ ᠬᠦᠴᠢᠷᠲᠡᠢ ᠠᠰᠠᠭᠤᠳᠠᠯ᠎ᠢ ᠲᠠᠢᠯᠪᠤᠷᠢᠯᠠᠵᠤ᠂ ᠪᠠᠭ᠍ᠰᠢ᠎ᠶ᠋ᠢᠨ ᠥᠨᠳᠥᠷ ᠪᠦᠲᠦᠮᠵᠢᠲᠡᠶ ᠪᠡᠷ ᠬᠢᠴᠢᠶᠡᠯ ᠪᠡᠯᠡᠳᠭᠡᠬᠦ᠌᠎ᠳᠦ ᠳᠥᠭᠥᠮ ᠳᠥᠲᠡ ᠦᠶ᠋ᠯᠡᠴᠢᠯᠡᠭᠡ ᠬᠠᠩᠭᠠᠪᠠ ᠁》 ᠬᠡᠵᠦ ᠥᠪᠡᠷᠲᠡᠭᠡᠨ ᠵᠠᠰᠠᠬᠤ ᠣᠷᠣᠨ᠎ᠤ ᠤᠯᠤᠰ ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠲᠥᠷᠥᠯ ᠵᠦᠶ᠋ᠯ᠎ᠦᠨ ᠳᠤᠭᠤᠢᠯᠠᠩ ᠤᠨ ᠯᠢ ᠮᠠᠨ ᠵᠦ᠍ ᠪᠠᠭᠰᠢ ᠬᠡᠯᠡᠵᠦ ᠪᠠᠢᠯ᠎ᠠ᠃
《ᠪᠣᠯᠪᠠᠰᠤᠷᠠᠯ ᠨᠢ ᠭᠤᠤᠯᠳᠠᠭᠤ 〈ᠤᠶᠤᠨᠳᠤ ᠬᠢᠴᠢᠶᠡᠯ᠎ᠦᠨ ᠲᠠᠩᠬᠢᠮ〉 ᠤ᠋ᠨ ᠵᠥᠭᠡᠯᠡᠨ ᠲᠣᠨᠣᠭ᠎ᠤᠨ ᠬᠡᠷᠡᠭ᠌ᠯᠡᠬᠦ᠌ ᠶᠠᠪᠤᠴᠠ ᠪᠠ ᠠᠷᠭ᠎ᠠ᠎ᠶ᠋ᠢᠨ ᠲᠣᠭᠣᠷᠢᠨ᠎ᠳᠤ ᠶᠠᠪᠤᠭ᠍ᠳᠠᠵᠤ᠂ ᠠᠭᠤᠯᠭ᠎ᠠ ᠵᠢᠨ ᠲᠠᠯ᠎ᠠ ᠪᠡᠷ ᠳᠤᠮᠳᠠᠳᠤ ᠰᠤᠷᠭᠠᠭᠤᠯᠢ ᠪᠠ ᠪᠠᠭ᠎ᠠ ᠰᠤᠷᠭᠠᠭᠤᠯᠢ ᠭᠡᠵᠦ᠍ ᠬᠣᠶᠠᠷ ᠬᠡᠰᠡᠭ ᠬᠤᠪᠢᠶᠠᠪᠠ》 ᠭᠡᠵᠦ ᠯᠢ ᠮᠠᠨ ᠵᠦ᠍ ᠰᠤᠷᠪᠤᠯᠵᠢᠯᠠᠭ᠍ᠴᠢ᠎ᠳᠤ ᠬᠡᠯᠡᠨ᠎ᠡ᠂ ᠲᠡᠷᠡ ᠪᠠᠰᠠ 《ᠵᠢᠵᠢᠭ ᠺᠤᠮᠫᠢᠦᠢ᠍ᠲᠸᠷ》 ᠵᠢᠠᠷ ᠶᠡᠬᠡ ᠡᠨᠧᠷᠭᠢ᠎ᠶ᠋ᠢ ᠪᠠᠳᠠᠷᠠᠭᠠᠵᠤ᠂ ᠬᠢᠴᠢᠶᠡᠯ᠎ᠦᠨ ᠲᠠᠩᠬᠢᠮ᠎ᠤᠨ ᠨᠠᠷᠢᠯᠢᠭ ᠣᠨᠣᠪᠴᠢᠲᠠᠶ ᠵᠢᠭᠠᠨ ᠰᠤᠷᠭᠠᠯᠲᠠ᠎ᠶ᠋ᠢ ᠪᠡᠶᠡᠯᠡᠭᠦᠯᠵᠦ᠍᠂ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠰᠤᠷᠤᠯᠴᠠᠯᠭ᠎ᠠ ᠳᠤ ᠬᠦᠴᠦᠨ ᠨᠡᠮᠡᠷᠢᠯᠡᠬᠦ᠌᠎ᠶ᠋ᠢ ᠬᠦᠰᠡᠵᠦ᠍ ᠪᠠᠢᠨ᠎ᠠ ᠭᠡᠵᠡᠶ᠃
《ᠪᠣᠯᠪᠠᠰᠤᠷᠠᠯ᠎ᠢᠶᠠᠷ ᠳᠡᠮᠵᠢᠨ᠂ ᠪᠠᠭ᠍ᠰᠢ᠎ᠨᠠᠷ 〈ᠤᠶᠤᠨᠳᠤ ᠬᠢᠴᠢᠶᠡᠯ᠎ᠦᠨ ᠲᠠᠩᠬᠢᠮ〉 ᠤ᠋ᠨ ᠵᠥᠭᠡᠯᠡᠨ ᠲᠣᠨᠣᠭ᠎ᠢ ᠨᠠᠩ ᠪᠣᠯᠪᠠᠰᠤᠷᠠᠩᠭᠤᠶ ᠬᠡᠷᠡᠭ᠌ᠯᠡᠵᠦ᠍᠂ ᠨᠡᠩ ᠤᠯᠠᠨ ᠵᠢᠭᠠᠨ ᠰᠤᠷᠭᠠᠯᠲᠠ ᠵᠢᠨ ᠠᠷᠭ᠎ᠠ ᠪᠠ ᠵᠢᠭᠠᠨ ᠰᠤᠳᠤᠯᠬᠤ ᠠᠷᠭ᠎ᠠ᠎ᠶ᠋ᠢ ᠡᠵᠡᠮᠰᠢᠵᠦ᠂ ᠤᠶᠤᠨᠳᠤ ᠬᠢᠴᠢᠶᠡᠯ᠎ᠦᠨ ᠲᠠᠩᠬᠢᠮ ᠢ ᠬᠡᠷᠡᠭ᠌ᠯᠡᠬᠦ᠌ ᠢᠳᠡᠪᠬᠢᠵᠢᠯ ᠨᠢ ᠲᠡᠭᠡᠭᠰᠢᠯᠡᠪᠡ》ᠭᠡᠵᠦ ᠤᠷᠠᠳ᠎ᠤᠨ ᠳᠤᠮᠳᠠᠳᠤ ᠬᠣᠱᠢᠭᠤᠨ᠎ᠤ ᠲᠤᠷᠱᠢᠯᠲᠠ᠎ᠶ᠋ᠢᠨ ᠰᠤᠷᠭᠠᠭᠤᠯᠢ᠎ᠶ᠋ᠢᠨ ᠳᠡᠳ᠋ ᠵᠠᠬᠢᠷᠤᠯ ᠰᠠᠷᠠᠨ᠎ᠠ ᠬᠡᠯᠡᠪᠡ᠃
ᠣᠢᠯᠠᠭᠠᠭ᠍ᠰᠠᠨ᠎ᠢᠶᠠᠷ᠂ 《ᠤᠶᠤᠨᠳᠤ ᠬᠢᠴᠢᠶᠡᠯ᠎ᠦᠨ ᠲᠠᠩᠬᠢᠮ》 ᠤ᠋ᠨ ᠵᠥᠭᠡᠯᠡᠨ ᠲᠣᠨᠣᠭ ᠪᠤᠯ ᠬᠢᠴᠢᠶᠡᠯ ᠤᠷᠤᠬᠤ ᠱᠠᠲᠤᠨ ᠳ᠋ᠤ ᠪᠠᠰᠠ ᠬᠢᠴᠢᠶᠡᠯ ᠦᠨ ᠳᠡᠪᠲᠡᠷ᠂ ᠬᠢᠴᠢᠶᠡᠯ᠎ᠦᠨ ᠲᠣᠨᠣᠭ᠂ ᠲᠠᠢᠯᠤᠮᠵᠢ᠂ ᠴᠠᠭᠠᠨ ᠬᠠᠪᠲᠠᠰᠤ ᠵᠡᠷᠭᠡ ᠲᠦᠷᠭᠡᠨ ᠴᠣᠩᠬᠣᠪᠴᠢ᠎ᠶ᠋ᠢ ᠲᠣᠬᠢᠷᠠᠭᠤᠯᠵᠤ᠂ ᠬᠢᠴᠢᠶᠡᠯ᠎ᠦᠨ ᠦᠵᠡᠭᠦᠯᠭᠡ᠎ᠶ᠋ᠢᠨ ᠲᠤᠷᠱᠢᠯᠲᠠ᠂ ᠲᠠᠩ ᠦᠭᠡᠰ᠎ᠢ ᠰᠣᠨᠣᠰᠴᠤ᠌ ᠪᠢᠴᠢᠬᠦ᠌᠂ ᠤᠷᠠᠨ ᠲᠣᠳᠣ ᠤᠩᠱᠢᠯᠭ᠎ᠠ ᠵᠡᠷᠭᠡ ᠠᠭᠤᠯᠭ᠎ᠠ ᠶ᠋ᠢ ᠬᠠᠮᠤᠷᠴᠤ᠂ ᠬᠢᠴᠢᠶᠡᠯ ᠦᠨ ᠲᠠᠩᠬᠢᠮ᠎ᠤᠨ ᠠᠵᠢᠯᠯᠠᠭ᠎ᠠ᠎ᠶ᠋ᠢ ᠪᠠᠶᠠᠯᠢᠭ᠍ᠵᠢᠭᠤᠯᠪᠠ; ᠬᠢᠴᠢᠶᠡᠯ ᠦᠨ ᠳᠠᠷᠠᠭᠠᠬᠢ ᠬᠠᠷᠢᠭᠤ ᠲᠤᠰᠭᠠᠬᠤ ᠱᠠᠲᠤᠨ᠎ᠳᠤ᠂ ᠲᠠᠪᠴᠠᠩ᠎ᠨᠢ ᠪᠠᠰᠠ ᠲᠣᠭ᠎ᠠ ᠪᠠᠷᠢᠮᠲᠠ᠎ᠶ᠋ᠢ ᠠᠱᠢᠭ᠍ᠯᠠᠨ ᠰᠤᠷᠤᠭ᠍ᠴᠢᠳ᠎ᠤᠨ ᠮᠡᠳᠡᠯᠭᠡ ᠡᠵᠡᠮᠱᠢᠭ᠌ᠰᠡᠨ ᠪᠠᠢᠳᠠᠯ ᠢ ᠵᠠᠳᠠᠯᠤᠨ ᠱᠢᠨᠵᠢᠯᠡᠵᠦ᠍᠂ ᠰᠤᠷᠤᠯᠭ᠎ᠠ᠎ᠶ᠋ᠢᠨ ᠪᠠᠢᠳᠠᠯ ᠢ ᠣᠨᠣᠱᠢᠯᠠᠨ ᠵᠠᠳᠠᠯᠵᠤ᠂ ᠰᠤᠷᠤᠯᠴᠠᠭ᠍ᠰᠠᠨ ᠪᠠᠢᠳᠠᠯ ᠢ ᠡᠮᠬᠢᠯᠡᠨ ᠨᠡᠢᠳᠬᠡᠵᠦ᠂ ᠡᠯᠪᠡᠭ ᠪᠠᠶᠠᠯᠢᠭ ᠦᠨᠡᠯᠡᠨ ᠵᠢᠱ᠌ᠢᠯᠳᠡ ᠪᠠ ᠬᠠᠷᠢᠭᠤ ᠲᠤᠰᠭᠠᠬᠤ ᠲᠣᠭ᠍ᠲᠠᠴᠠ᠎ᠶ᠋ᠢ ᠬᠠᠩᠭᠠᠭᠰᠠᠨ ᠪᠠᠢᠨ᠎ᠠ᠃
ᠣᠢᠯᠠᠭᠠᠭ᠍ᠰᠠᠨ᠎ᠢᠶᠠᠷ᠂ ᠤᠷᠠᠳ ᠤᠨ ᠳᠤᠮᠳᠠᠳᠤ ᠬᠣᠱᠢᠭᠤᠨ ᠤ ᠲᠤᠷᠱᠢᠯᠲᠠ᠎ᠶ᠋ᠢᠨ ᠰᠤᠷᠭᠠᠭᠤᠯᠢ ᠪᠣᠯ ᠠᠷᠪᠠᠨ ᠬᠣᠶᠠᠷ ᠵᠢᠯ ᠦᠨ ᠳᠦᠷᠢᠮᠲᠦ ᠰᠤᠷᠭᠠᠭᠤᠯᠢ ᠪᠠᠢᠵᠤ᠂ ᠴᠥᠭᠡᠨ ᠲᠣᠭᠠᠲᠤ ᠦᠨᠳᠦᠰᠦᠲᠡᠨ ᠦ ᠰᠣᠷᠣᠭ᠍ᠴᠢ ᠨᠡᠯᠢᠶᠡᠳ ᠣᠯᠠᠨ ᠪᠠᠢᠳᠠᠭ᠃ ᠣᠳᠣᠬᠠᠨ᠎ᠳᠤ ᠪᠦᠬᠦ᠌ ᠰᠤᠷᠭᠠᠭᠤᠯᠢ᠎ᠶ᠋ᠢᠨ 35 ᠠᠩᠬᠢ᠎ᠶ᠋ᠢᠨ ᠬᠡᠯᠡ ᠪᠢᠴᠢᠭ᠂ ᠲᠣᠭᠠᠨ᠎ᠤ ᠤᠬᠠᠭᠠᠨ᠂ ᠠᠨᠭ᠌ᠭ᠌ᠯᠢ ᠬᠡᠯᠡ᠂ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ ᠵᠡᠷᠭᠡ ᠬᠡᠳᠦᠨ ᠲᠦᠷᠦᠯ ᠦᠨ ᠬᠢᠴᠢᠶᠡᠯ᠎ᠳᠦ ᠴᠥᠮ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠵᠢᠭᠠᠨ ᠰᠤᠷᠭᠠᠯᠲᠠ᠎ᠶ᠋ᠢᠨ ᠬᠢᠴᠢᠶᠡᠯ᠎ᠢ ᠨᠢᠭᠡᠳᠦᠯᠲᠡᠢ ᠨᠡᠭᠡᠭᠡᠵᠦ᠍ ᠪᠠᠢᠨ᠎ᠠ᠃
《ᠪᠢᠳᠡ ᠮᠡᠳᠡᠭᠡ ᠵᠠᠩᠭᠢ᠎ᠶ᠋ᠢᠨ ᠮᠡᠷᠭᠡᠵᠢᠯ ᠬᠢᠭᠡᠳ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶ᠋ᠢ ᠭᠦᠨᠵᠡᠭᠡᠶ ᠠᠭᠤᠰᠤᠯᠴᠠᠭᠤᠯᠵᠤ᠂ ᠣᠶᠤᠨᠳᠤ ᠬᠢᠴᠢᠶᠡᠯ᠎ᠦᠨ ᠲᠠᠩᠬᠢᠮ᠎ᠢᠶᠠᠷ ᠭᠠᠷᠳᠠᠴᠠ ᠪᠣᠯᠭᠠᠨ᠂ ᠲᠣᠮᠣ ᠳ᠋ᠠᠢᠲ᠋ᠠ ᠶ᠋ᠢᠨ ᠮᠡᠷᠭᠡᠵᠢᠯ ᠵᠢᠡᠷ ᠲᠤᠯᠭᠠᠭᠤᠷᠢᠯᠠᠯᠪᠤᠯᠭᠠᠵᠤ᠂ ᠬᠢᠴᠢᠶᠡᠯ᠎ᠦᠨ ᠡᠮᠦᠨᠡᠬᠢ᠂ ᠬᠢᠴᠢᠶᠡᠯᠲᠡᠭᠡᠷᠡᠬᠢ᠂ ᠬᠢᠴᠢᠶᠡᠯ ᠦᠨ ᠳᠠᠷᠠᠭᠠᠬᠢ ᠵᠢᠭᠠᠨ ᠰᠤᠷᠭᠠᠯᠲᠠ᠎ᠶ᠋ᠢᠨ ᠪᠥᠬᠥ᠌ ᠶᠠᠪᠤᠴᠠ᠎ᠳᠤ ᠲᠣᠭ᠎ᠠ ᠪᠠᠷᠢᠮᠲᠠ᠎ᠶ᠋ᠢᠨ ᠴᠤᠭ᠍ᠯᠠᠭᠤᠯᠭᠠ ᠪᠠ ᠣᠶᠤᠨᠴᠢ ᠵᠠᠳᠠᠯᠤᠯᠲᠠᠬᠢᠵᠦ᠍᠂ ᠪᠠᠭ᠍ᠰᠢ᠎ᠨᠠᠷ᠎ᠤᠨ 〈ᠨᠠᠷᠢᠯᠢᠭ ᠨᠤᠨᠤᠪᠴᠢᠲᠠᠢ ᠵᠢᠭᠠᠬᠤ〉 ᠪᠠ ᠰᠤᠷᠤᠭ᠍ᠴᠢᠳ᠎ᠤᠨ〈ᠥᠪᠡᠷᠮᠢᠴᠡ ᠤᠨᠴᠠᠯᠢᠭ ᠲᠠᠢ ᠰᠤᠷᠤᠯᠴᠠᠬᠤ〉 ᠵᠢ ᠳᠡᠮᠵᠢᠵᠦ᠍᠂ ᠪᠠᠭ᠍ᠰᠢ ᠰᠤᠷᠤᠭ᠍ᠴᠢᠳ ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ》 ᠭᠡᠵᠦ᠍ ᠰᠠᠷᠠᠨ᠎ᠠ ᠲᠠᠨᠢᠯᠴᠠᠭᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃