ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-10-21 10:12:21

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠣᠢᠷ᠎ᠠ᠎ᠶᠢᠨ ᠡᠳᠦᠷ᠎ᠦᠳ᠎ᠲᠦ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠦᠭᠡ ᠬᠡᠯᠡ ᠥᠰᠥᠭ ᠪᠢᠴᠢᠭ᠎ᠦᠨ ᠠᠵᠢᠯ᠎ᠤᠨ ᠵᠥᠪᠯᠡᠯ᠎ᠦᠨ ᠱᠠᠭᠠᠷᠳᠠᠯᠭ᠎ᠠ ᠪᠡᠷ᠂ ᠤᠯᠤᠰ᠎ᠤᠨ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ ᠰᠠᠭᠤᠷᠢᠨ (ᠵᠢᠨᠢᠩ᠎ᠤᠨ ᠪᠠᠭ᠍ᠰᠢ᠎ᠶᠢᠨ ᠳᠡᠭᠡᠳᠦ ᠰᠤᠷᠭᠠᠭᠤᠯᠢ) 30 ᠭᠠᠷᠤᠢ ᠰᠠᠢᠨ ᠳᠤᠷ᠎ᠠ ᠵᠢᠨ ᠲᠤᠰᠬᠠᠢ ᠮᠡᠷᠭᠡᠵᠢᠯᠲᠡᠨ ᠵᠢᠴᠢ ᠭᠣᠣᠯᠯᠠᠭ᠍ᠴᠢ ᠪᠠᠭ᠍ᠰᠢ ᠵᠢ ᠵᠣᠬᠢᠶᠠᠨ ᠪᠠᠢᠭᠤᠯᠵᠤ᠂ ᠤᠯᠠᠭᠠᠨᠴᠠᠪ ᠬᠣᠲᠠ᠎ᠶᠢᠨ ᠬᠡᠰᠡᠭ ᠬᠣᠰᠢᠭᠤ ᠰᠢᠶᠠᠨ᠎ᠳᠤ ᠭᠦᠨᠵᠡᠭᠡᠢᠷᠡᠨ 《ᠨᠢᠭᠡ ᠭᠠᠵᠠᠷ ᠣᠷᠣᠨ᠎ᠳᠤ ᠨᠢᠭᠡ ᠪᠣᠳᠣᠯᠭ᠎ᠠ ᠬᠡᠷᠡᠭᠵᠢᠭᠦᠯᠬᠦ》 ᠰᠢᠷᠢᠰ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠪᠡ᠃

ᠱᠠᠩᠳᠤ ᠰᠢᠶᠠᠨ᠎ᠳᠤ᠂ ᠲᠤᠬᠠᠢ᠎ᠶᠢᠨ ᠭᠠᠵᠠᠷ᠎ᠤᠨ 50 ᠭᠠᠷᠤᠢ ᠠᠯᠪᠠᠲᠠᠨ᠎ᠳᠤ ᠨᠡᠢᠲᠡᠯᠢᠭ ᠬᠡᠯᠡᠨ᠎ᠦ ᠬᠢᠷᠢ ᠲᠦᠪᠰᠢᠨ᠎ᠦ ᠰᠢᠯᠭᠠᠯᠲᠠ᠎ᠳᠤ ᠣᠷᠣᠯᠴᠠᠬᠤ ᠮᠡᠷᠭᠡᠵᠢᠯ᠎ᠦᠨ ᠪᠣᠯᠪᠠᠰᠤᠷᠠᠯ ᠥᠷᠨᠢᠭᠦᠯᠵᠦ᠂ ᠰᠢᠨ᠎ᠡ᠎ᠪᠡᠷ ᠠᠵᠢᠯ᠎ᠳᠤ ᠣᠷᠣᠭᠰᠠᠨ 60 ᠭᠠᠷᠤᠢ ᠪᠠᠭ᠍ᠰᠢ᠎ᠳᠤ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠬᠡᠷᠡᠭᠯᠡᠭᠡᠨ᠎ᠦ ᠴᠢᠳᠠᠪᠤᠷᠢ᠎ᠶᠢ ᠳᠡᠭᠡᠭᠰᠢᠯᠡᠭᠦᠯᠬᠦ ᠪᠣᠯᠪᠠᠰᠤᠷᠠᠯ ᠥᠷᠨᠢᠭᠦᠯᠵᠦ᠂ ᠲᠤᠬᠠᠢ᠎ᠶᠢᠨ ᠭᠠᠵᠠᠷ᠎ᠤᠨ ᠠᠯᠪᠠᠲᠠᠨ ᠪᠠ ᠰᠢᠨ᠎ᠡ᠎ᠪᠡᠷ ᠠᠵᠢᠯ᠎ᠳᠤ ᠣᠷᠣᠭᠰᠠᠨ ᠪᠠᠭ᠍ᠰᠢ ᠨᠠᠷ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠬᠡᠷᠡᠭᠯᠡᠭᠡᠨ᠎ᠦ ᠴᠢᠳᠠᠪᠤᠷᠢ᠎ᠶᠢ ᠤᠯᠠᠮ ᠳᠡᠭᠡᠭᠰᠢᠯᠡᠭᠦᠯᠪᠡ᠃ ᠰᠠᠢᠨ ᠳᠤᠷᠠᠴᠤᠳ ᠪᠠᠰᠠ ᠨᠡᠢᠭᠡᠮ ᠲᠣᠭᠣᠷᠢᠭ᠋᠂ ᠴᠤᠭᠯᠠᠭ᠎ᠠ ᠮᠠᠢᠮᠠᠢ᠂ ᠰᠤᠷᠭᠠᠭᠤᠯᠢ᠎ᠳᠤ ᠨᠡᠢᠲᠡᠯᠢᠭ ᠬᠡᠯᠡ᠎ᠶᠢ ᠲᠦᠭᠡᠮᠡᠯᠵᠢᠭᠦᠯᠬᠦ᠂ ᠳᠦᠷᠢᠮᠵᠢᠭᠰᠡᠨ ᠦᠰᠦᠭ᠎ᠢ ᠪᠢᠴᠢᠬᠦ ᠠᠯᠢ ᠤᠯᠠᠨ ᠦᠢᠯᠡᠳᠦᠯᠭᠡ᠎ᠶᠢᠨ ᠠᠵᠢᠯᠯᠠᠭ᠎ᠠ᠎ᠶᠢ ᠥᠷᠨᠢᠭᠦᠯᠦᠭᠰᠡᠨ ᠪᠥᠭᠡᠳ ᠱᠠᠩᠳᠤ ᠰᠢᠶᠠᠨ᠎ᠤ ᠨᠢᠭᠡᠳᠦᠭᠡᠷ ᠳᠤᠮᠳᠠᠳᠤ ᠰᠤᠷᠭᠠᠭᠤᠯᠢ᠂ ᠫᠢᠩ ᠠᠨ ᠪᠠᠭ᠎ᠠ ᠰᠤᠷᠭᠠᠭᠤᠯᠢ᠎ᠳᠤ ᠭᠦᠨᠵᠡᠭᠡᠢᠷᠡᠨ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠬᠡᠷᠡᠭᠯᠡᠯᠲᠡ᠎ᠶᠢᠨ ᠪᠠᠢᠳᠠᠯ᠎ᠢ ᠣᠢᠯᠠᠭᠠᠵᠤ᠂ ᠪᠦᠬᠦᠨ ᠢ᠋ ᠬᠠᠮᠤᠷᠤᠭᠰᠠᠨ ᠪᠠᠢᠴᠠᠭᠠᠨ ᠰᠤᠳᠤᠯᠤᠯᠲᠠ ᠥᠷᠨᠢᠭᠦᠯᠪᠡ᠃

ᠬᠤᠸᠠᠳᠧ ᠰᠢᠶᠠᠨ᠎ᠳᠤ᠂ ᠨᠡᠢᠳᠡᠯᠢᠭ ᠬᠡᠯᠡ ᠵᠢ ᠲᠦᠬᠡᠮᠡᠯᠵᠢᠬᠦᠯᠬᠦ ᠰᠠᠢᠨ ᠳᠤᠷᠠᠴᠤᠳ ᠬᠤᠸᠠᠳᠧ ᠰᠢᠶᠠᠨ᠎ᠤ ᠭᠤᠷᠪᠠᠳᠤᠭᠠᠷ ᠳᠤᠮᠳᠠᠳᠤ ᠰᠤᠷᠭᠠᠭᠤᠯᠢ᠂ ᠬᠣᠶᠠᠳᠤᠭᠠᠷ ᠳᠤᠮᠳᠠᠳᠤ ᠰᠤᠷᠭᠠᠭᠤᠯᠢ᠂ ᠬᠣᠶᠠᠳᠤᠭᠠᠷ ᠪᠠᠭ᠎ᠠ ᠰᠤᠷᠭᠠᠭᠤᠯᠢ᠎ᠶᠢᠨ ᠪᠠᠭ᠍ᠰᠢ ᠨᠠᠷ ᠲᠠᠢ ᠶᠠᠷᠢᠯᠴᠠᠬᠤ ᠬᠤᠷᠠᠯ ᠬᠢᠵᠦ᠂ ᠡᠯ᠎ᠡ ᠰᠤᠷᠭᠠᠭᠤᠯᠢ᠎ᠶᠢᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠶᠠᠪᠤᠴᠠ᠎ᠳᠠᠬᠢ ᠪᠣᠳᠠᠲᠠᠢ ᠠᠷᠭ᠎ᠠ ᠬᠡᠮᠵᠢᠶ᠎ᠡ ᠵᠢᠴᠢ ᠪᠣᠳᠠᠲᠠᠢ ᠬᠦᠴᠢᠷᠳᠡᠯ ᠵᠡᠷᠭᠡ᠎ᠶᠢ ᠭᠦᠢᠴᠡᠳ ᠣᠢᠯᠠᠭᠠᠬᠤ᠎ᠶᠢᠨ ᠬᠠᠮᠲᠤ ᠪᠣᠳᠠᠲᠠᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ᠎ᠶᠢ ᠨᠠᠷᠢᠨ ᠨᠢᠭ᠍ᠲᠠ ᠵᠥᠪᠯᠡᠨ ᠲᠣᠭᠲᠠᠭᠠᠵᠠᠢ᠃ ᠰᠠᠭᠤᠷᠢᠨ᠎ᠤ ᠪᠦᠷᠢᠯᠳᠦᠭᠦᠨ᠂ ᠤᠯᠤᠰ᠎ᠤᠨ ᠳᠡᠰ᠎ᠤᠨ ᠨᠡᠢᠲᠡᠯᠢᠭ ᠬᠡᠯᠡᠨ᠎ᠤ ᠰᠢᠯᠭᠠᠯᠳᠠ ᠵᠢ ᠬᠢᠨᠠᠨ ᠰᠢᠯᠭᠠᠭ᠍ᠴᠢ ᠬᠤᠤ ᠴᠢᠩ ᠱᠠᠨ ᠬᠤᠸᠠᠳᠧ ᠰᠢᠶᠠᠨ᠎ᠤ ᠭᠤᠷᠪᠠᠳᠤᠭᠠᠷ ᠳᠤᠮᠳᠠᠳᠤ ᠰᠤᠷᠭᠠᠭᠤᠯᠢ ᠶ᠋ᠢᠨ ᠪᠠᠭ᠍ᠰᠢ ᠰᠤᠷᠤᠭ᠍ᠴᠢᠳ᠎ᠲᠤ 《ᠰᠣᠩᠭᠣᠳᠠᠭ ᠵᠣᠬᠢᠶᠠᠯ᠎ᠤᠨ ᠤᠩᠰᠢᠯᠭ᠎ᠠ ᠵᠢ ᠰᠤᠷᠭᠠᠭᠤᠯᠢ ᠶ᠋ᠢᠨ ᠬᠦᠷᠢᠶᠡᠨ᠎ᠳᠦ ᠣᠷᠣᠭᠤᠯᠬᠤ》 ᠲᠤᠰᠬᠠᠢ ᠰᠡᠳᠦᠪᠲᠦ ᠲᠠᠢᠯᠤᠮᠵᠢ ᠬᠢᠵᠦ᠂ ᠰᠣᠩᠭᠣᠳᠠᠭ ᠵᠣᠬᠢᠶᠠᠯ ᠢ᠋ ᠬᠠᠮᠲᠤ ᠪᠠᠷ ᠤᠩᠰᠢᠨ᠂ ᠰᠤᠷᠤᠭ᠍ᠴᠢᠳ᠎ᠤᠨ ᠰᠣᠶᠣᠯ᠎ᠤᠨ ᠢᠲᠡᠭᠡᠯ ᠢ᠋ ᠨᠡᠮᠡᠭᠳᠡᠭᠦᠯᠪᠡ᠃

ᠳᠥᠷᠪᠡᠳ ᠬᠣᠰᠢᠭᠤᠨ᠎ᠳᠤ᠂ ᠰᠠᠢᠨ ᠳᠤᠷᠠᠴᠤᠳ ᠬᠢᠯᠢ ᠬᠢᠵᠠᠭᠠᠷ᠎ᠤᠨ ᠰᠤᠮᠤ ᠭᠠᠴᠠᠭ᠎ᠠ᠎ᠶᠢᠨ ᠮᠠᠯᠴᠢᠳ᠎ᠤᠨ ᠭᠡᠷ᠎ᠲᠦ ᠬᠦᠷᠴᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠬᠡᠷᠡᠭᠯᠡᠯᠲᠡ᠎ᠶᠢᠨ ᠪᠠᠢᠳᠠᠯ᠎ᠢ ᠣᠢᠯᠠᠭᠠᠬᠤ᠎ᠶᠢᠨ ᠬᠠᠮᠲᠤ ᠳᠥᠷᠪᠡᠳ ᠬᠣᠰᠢᠭᠤᠨ᠎ᠤ ᠨᠢᠭᠡᠳᠦᠭᠡᠷ ᠳᠤᠮᠳᠠᠳᠤ ᠰᠤᠷᠭᠠᠭᠤᠯᠢ᠂ ᠭᠤᠷᠪᠠᠳᠤᠭᠠᠷ ᠪᠠᠭ᠎ᠠ ᠰᠤᠷᠭᠠᠭᠤᠯᠢ᠎ᠶᠢᠨ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠬᠡᠷᠡᠭᠯᠡᠯᠲᠡ᠎ᠶᠢᠨ ᠪᠠᠢᠳᠠᠯ᠎ᠢ ᠭᠦᠨᠵᠡᠭᠡᠢ ᠪᠠᠢᠴᠠᠭᠠᠨ ᠰᠤᠳᠤᠯᠵᠤ᠂ ᠬᠣᠯᠪᠣᠭᠳᠠᠯ ᠪᠦᠬᠦᠢ ᠰᠤᠷᠭᠠᠭᠤᠯᠢ᠎ᠲᠠᠢ ᠣᠷᠳᠣ᠌ ᠬᠤᠭᠤᠴᠠᠭ᠎ᠠ᠎ᠪᠠᠷ ᠬᠠᠪᠰᠤᠷᠤᠨ ᠲᠡᠳᠬᠦᠬᠦ ᠰᠠᠨᠠᠯ ᠵᠢᠡᠨ ᠨᠢᠭᠡᠳᠪᠡ᠃

ᠤᠯᠤᠰ᠎ᠤᠨ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ ᠰᠠᠭᠤᠷᠢᠨ (ᠵᠢᠨᠢᠩ᠎ᠦᠨ ᠪᠠᠭ᠍ᠰᠢ᠎ᠶᠢᠨ ᠳᠡᠭᠡᠳᠦ ᠰᠤᠷᠭᠠᠭᠤᠯᠢ) ᠤ᠋ ᠬᠠᠮᠢᠶ᠎ᠠ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ᠎ᠢᠶᠠᠷ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ᠂ ᠶᠣᠰᠣ᠌ ᠰᠤᠷᠲᠠᠬᠤᠨ ᠵᠢᠡᠷ ᠬᠥᠮᠥᠨ ᠬᠥᠮᠥᠵᠢᠭᠦᠯᠬᠦ ᠦᠨᠳᠦᠰᠦᠨ ᠡᠭᠦᠷᠭᠡ᠎ᠶᠢ ᠨᠠᠢᠳᠠᠪᠤᠷᠢᠵᠢᠭᠤᠯᠬᠤ ᠵᠢᠨ ᠲᠤᠭᠤᠷᠢᠨ ᠳ᠋ᠤ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠪᠠ ᠳᠤᠮᠳᠠᠳᠤ᠎ᠶᠢᠨ ᠰᠢᠯᠢᠳᠡᠭ ᠰᠣᠶᠣᠯ᠎ᠢ ᠤᠯᠠᠮᠵᠢᠯᠠᠨ ᠬᠥᠭᠵᠢᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ ᠮᠠᠰᠢ ᠤᠯᠠᠨ ᠠᠵᠢᠯ᠎ᠢ᠋ ᠥᠷᠨᠢᠭᠦᠯᠵᠡᠢ᠃ ᠬᠣᠢᠰᠢᠳᠠ ᠭᠣᠣᠯᠳᠠᠯᠭ᠎ᠠ ᠲᠠᠢ ᠬᠥᠮᠥᠰ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠰᠠᠭᠤᠷᠢᠨ᠎ᠤ ᠪᠠᠭ᠍ᠰᠢ᠎ᠶᠢᠨ ᠳᠠᠪᠠᠭᠤᠯᠢᠭ᠋ ᠪᠠ ᠣᠷᠣᠨ ᠪᠦᠰᠡ᠎ᠶᠢᠨ ᠳᠠᠪᠠᠭᠤᠯᠢᠭ᠋᠎ᠢ ᠢᠳᠡᠪᠬᠢᠲᠡᠢ ᠪᠠᠳᠠᠷᠠᠭᠤᠯᠤᠨ᠂ ᠬᠠᠪᠰᠤᠷᠤᠨ ᠲᠡᠳᠬᠦᠬᠦ ᠠᠷᠭ᠎ᠠ ᠵᠠᠮ ᠪᠠ ᠬᠠᠪᠰᠤᠷᠤᠨ ᠲᠡᠳᠬᠦᠬᠦ ᠠᠵᠢᠯ᠎ᠤᠨ ᠬᠠᠮᠤᠷᠬᠤ ᠬᠡᠪᠴᠢᠶ᠎ᠡ᠎ᠶᠢ ᠲᠠᠰᠤᠷᠠᠯᠲᠠ ᠦᠭᠡᠢ ᠥᠷᠭᠡᠳᠬᠡᠵᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠎ᠶᠢ ᠠᠬᠢᠭᠤᠯᠬᠤ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面