2024-05-19 14:43:52
ᠤᠢᠷ᠎ᠠ᠎ᠳᠦ᠂ 《ᠬᠡᠯᠡ ᠪᠢᠴᠢᠭ᠎ᠦᠨ ᠬᠢᠴᠢᠶᠡᠯ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠬᠠᠢᠷᠠᠯᠠᠬᠤ᠎ᠶ᠋ᠢ ᠬᠦᠳᠦᠯᠦᠨ ᠵᠢᠯᠤᠭᠤᠳᠴᠤ᠂ ᠦᠨᠡᠨ ᠪᠣᠳᠠᠲᠠᠶ ᠬᠡᠯᠡᠨ᠎ᠦ ᠬᠡᠷᠡᠭ᠌ᠯᠡᠭᠡᠨ᠎ᠦ ᠣᠷᠴᠢᠨ᠎ᠳᠤ᠂ ᠢᠳᠡᠪᠬᠢᠲᠡᠶ ᠬᠡᠯᠡ ᠶᠠᠷᠢᠶᠠᠨ᠎ᠤ ᠦᠶ᠋ᠯᠡᠳᠦᠯᠭᠡ᠎ᠪᠡᠷ ᠳᠠᠮᠵᠢᠭᠤᠯᠤᠨ᠂ ᠬᠡᠯᠡ ᠶᠠᠷᠢᠶᠠᠨ᠎ᠤ ᠲᠤᠷᠱᠢᠯᠭ᠎ᠠ ᠬᠤᠷᠠᠮᠳᠤᠭᠤᠯᠵᠤ᠂ ᠦᠭᠡ ᠬᠡᠯᠡ ᠦᠰᠦᠭ ᠪᠢᠴᠢᠭ᠎ᠦᠨ ᠣᠨᠴᠠᠯᠢᠭ ᠪᠠ ᠬᠡᠷᠡᠭ᠌ᠯᠡᠯᠲᠡ᠎ᠶ᠋ᠢᠨ ᠵᠢᠮ᠎ᠡ ᠶᠣᠰᠣ᠎ᠶ᠋ᠢ ᠤᠢᠯᠠᠭᠠᠭᠤᠯᠵᠤ᠂ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠬᠥᠮᠦᠵᠢᠭᠦᠯᠬᠦ᠌ ᠭᠡᠷᠡᠭᠲᠠᠢ ᠁》 ᠬᠡᠵᠤ ᠪᠡᠭᠡᠵᠢᠩ᠎ᠦᠨ ᠬᠡᠯᠡ ᠪᠢᠴᠢᠭ᠎ᠦᠨ ᠤᠳᠤᠬᠢᠴᠢᠯᠠᠯᠳᠠ ᠵᠢᠨ ᠰᠤᠳᠤᠯᠭᠠᠨ᠎ᠤ ᠨᠡᠢᠭᠡᠮᠯᠢᠭ᠎ᠦᠨ ᠳᠠᠷᠤᠭ᠎ᠠ ᠼᠦᠢ ᠽᠸᠩ ᠯᠢᠶᠠᠩ ᠫᠷᠤᠹᠧᠰᠰᠤᠷ ᠲᠦᠩᠯᠢᠶᠣᠤ ᠬᠣᠲᠠ᠎ᠶ᠋ᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠭᠠᠨᠵᠤᠭ᠎ᠠ ᠪᠠᠯᠭᠠᠰᠤᠨ᠎ᠤ ᠭᠤᠤᠯ ᠰᠤᠷᠭᠠᠭᠤᠯᠢ᠎ᠳᠤ ᠬᠦᠷᠴᠦ᠍ ᠵᠢᠭᠠᠨ ᠰᠤᠳᠤᠯᠬᠤ ᠠᠵᠢᠯᠯᠠᠭ᠎ᠠ ᠥᠷᠨᠢᠭᠦᠯᠬᠥ ᠳ᠋ᠡᠬᠡᠨ ᠶᠠᠷᠢᠯ᠎ᠠ᠃ ᠲᠡᠷᠡ ᠪᠡᠷ᠂《ᠭᠠᠢᠬᠠᠮᠱᠢᠭ᠍ᠲᠤ ᠬᠢᠲᠠᠳ ᠦᠰᠦᠭ》 ᠪᠠ 《ᠬᠢᠲᠠᠳ ᠦᠰᠦᠭ᠎ᠦᠨ ᠰᠣᠨᠢᠷᠬᠠᠯᠳᠤ ᠵᠢᠭᠠᠨ ᠰᠤᠷᠭᠠᠯᠲᠠ》 ᠭᠡᠬᠦ᠌ ᠰᠡᠳᠦᠪ᠎ᠢᠶᠡᠷ᠂ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠥᠷᠭᠡᠨ ᠣᠯᠠᠨ ᠬᠡᠯᠡ ᠪᠢᠴᠢᠭ᠎ᠦᠨ ᠪᠠᠭ᠍ᠰᠢ᠎ᠨᠠᠷ ᠲᠸ᠋ ᠬᠢᠲᠠᠳ ᠦᠰᠦᠭ᠎ᠦᠨ ᠠᠷᠤ᠎ᠳᠠᠬᠢ ᠦᠯᠢᠭᠡᠷᠪᠠ ᠬᠢᠲᠠᠳ ᠦᠰᠦᠭ᠎ᠦᠨ ᠥᠨᠢ ᠤᠳᠠᠭᠠᠨ ᠲᠡᠦᠬᠡ᠎ᠶ᠋ᠢ ᠣᠢᠯᠠᠭᠠᠭᠤᠯᠪᠠ᠃
《ᠦᠰᠦᠭ ᠲᠠᠨᠢᠬᠤ ᠵᠢᠭᠠᠨ ᠰᠤᠷᠭᠠᠯᠲᠠ᠎ᠶ᠋ᠢᠨ ᠬᠢᠴᠢᠶᠡᠯ᠎ᠳᠦ ᠦᠰᠦᠭ ᠲᠠᠨᠢᠬᠤ ᠶᠠᠪᠤᠴᠠ᠎ᠶ᠋ᠢ ᠠᠮᠢᠳᠤ ᠴᠣᠪᠣᠭᠣᠯᠢᠭ ᠪᠣᠯᠭᠠᠬᠤ ᠬᠡᠷᠡᠭ᠌ᠲᠡᠢ᠂ ᠢᠩᠭᠢᠪᠡᠯ ᠬᠢᠴᠢᠶᠡᠯ᠎ᠦᠨ ᠲᠠᠩᠬᠢᠮ ᠰᠠᠶᠢ ᠰᠣᠶᠣᠯ᠎ᠤᠨ ᠠᠭᠤᠷ ᠠᠮᠢᠰᠭᠤᠯ᠎ᠢᠶᠠᠷ ᠪᠢᠯᠬᠠᠵᠤ ᠴᠢᠳᠠᠨ᠎ᠠ》 ᠭᠡᠵᠦ᠍ ᠼᠦᠢ ᠽᠸᠩ ᠯᠢᠶᠠᠩ ᠬᠡᠯᠡᠪᠡ᠃ ᠳᠠᠷᠠᠭ᠎ᠠ ᠨᠢ᠂ ᠲᠡᠷᠡ ᠪᠠᠰᠠ ᠬᠢᠴᠢᠶᠡᠯ᠎ᠦᠨ ᠲᠠᠩᠬᠢᠮ᠎ᠤᠨ ᠨᠢᠭᠡᠳᠦᠭᠡᠷ ᠹᠷᠣᠨᠲ᠎ᠲᠤ ᠭᠦᠨᠵᠡᠭᠡᠢᠷᠡᠨ᠂ ᠬᠡᠯᠡ ᠪᠢᠴᠢᠭ᠎ᠦᠨ ᠵᠢᠭᠠᠨ ᠰᠤᠷᠭᠠᠯᠲᠠ᠎ᠶ᠋ᠢᠨ ᠣᠳᠣᠬᠢ ᠪᠠᠢᠳᠠᠯ᠎ᠢ ᠨᠠᠷᠢᠨ ᠣᠢᠯᠠᠭᠠᠵᠤ᠂ ᠬᠡᠯᠡ ᠪᠢᠴᠢᠭ᠎ᠦᠨ ᠵᠢᠭᠠᠨ ᠰᠤᠷᠭᠠᠯᠲᠠ᠎ᠳᠤ ᠠᠮᠠᠷᠬᠠᠨ ᠭᠠᠷᠳᠠᠭ ᠪᠣᠳᠠᠲᠠᠶ ᠠᠰᠠᠭᠤᠳᠠᠯ᠎ᠳᠤ ᠴᠢᠭ᠌ᠯᠡᠭᠦᠯᠦᠨ ᠮᠠᠲᠠᠭ᠎ᠲᠠᠶ ᠠᠰᠠᠭᠤᠳᠠᠯ᠎ᠤᠳ᠎ᠢ ᠪᠠᠭ᠍ᠰᠢ᠎ᠨᠠᠷ᠎ᠲᠤ ᠨᠢᠭᠡᠳ ᠨᠢᠭᠡ᠎ᠪᠡᠷ ᠲᠠᠢᠯᠪᠤᠷᠢᠯᠠᠵᠤ ᠥᠭ᠌ᠪᠡ᠃
ᠭᠠᠨᠵᠤᠭ᠎ᠠ ᠪᠠᠯᠭᠠᠰᠤᠨ᠎ᠤ ᠭᠣᠣᠯ ᠰᠤᠷᠭᠠᠭᠤᠯᠢ᠎ᠶ᠋ᠢᠨ ᠯᠢᠦ ᠱᠢᠶᠤᠤ ᠱᠣ᠌ ᠪᠠᠭ᠍ᠰᠢ ᠲᠠᠢᠯᠤᠮᠵᠢ᠎ᠶ᠋ᠢ ᠰᠣᠨᠣᠰᠤᠭᠠᠳ᠄ 《ᠼᠦᠢ ᠫᠷᠤᠹᠸᠰᠰᠤᠷ᠎ᠤᠨ ᠲᠠᠢᠯᠤᠮᠵᠢ ᠨᠠᠳᠠ᠎ᠳᠤ ᠮᠠᠰᠢ ᠶᠡᠬᠡ ᠠᠱᠢᠭ ᠬᠦᠷᠲᠡᠭᠡᠵᠡᠢ᠂ ᠲᠠᠢᠯᠤᠮᠵᠢ᠎ᠵᠢᠨ ᠮᠡᠳᠡᠯᠭᠡ᠎ᠶ᠋ᠢ ᠪᠣᠳᠠᠲᠠᠢ ᠵᠢᠭᠠᠨ ᠰᠤᠷᠭᠠᠯᠲᠠ ᠳᠠᠭᠠᠨ ᠬᠡᠷᠡᠭ᠌ᠯᠡᠪᠡᠯ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠵᠤ ᠴᠢᠳᠠᠬᠤ᠎ᠪᠠᠷ ᠪᠠᠷᠠᠬᠤ ᠦᠭᠡᠢ᠂ ᠬᠡᠦᠬᠡᠳ᠎ᠤᠳ᠎ᠦᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠬᠤ ᠤᠷᠮ᠎ᠠ ᠪᠠᠬᠠᠵᠢᠨᠡᠩ ᠪᠦᠲᠦᠮᠵᠢᠲᠡᠢ ᠬᠥᠭ᠌ᠵᠢᠭᠡᠵᠦ᠍ ᠴᠢᠳᠠᠨ᠎ᠠ》 ᠭᠡᠪᠡ᠃
ᠮᠦᠨ ᠠᠳᠠᠯᠢ ᠴᠠᠭ᠎ᠲᠤ᠂ ᠭᠠᠨᠵᠤᠭ᠎ᠠ ᠪᠠᠯᠭᠠᠰᠤᠨ᠎ᠤ ᠬᠣᠶᠠᠳᠤᠭᠠᠷ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ 10 ᠪᠠᠭ᠍ᠰᠢ ᠰᠤᠷᠤᠭ᠍ᠴᠢ ᠪᠡᠭᠡᠵᠢᠩ᠎ᠳᠦ ᠬᠦᠷᠴᠦ᠍᠂ ᠪᠡᠭᠡᠵᠢᠩ᠎ᠦᠨ ᠭᠠᠳᠠᠭᠠᠳᠤ ᠠᠵᠤ ᠠᠬᠤᠢ ᠠᠷᠠᠯᠵᠢᠶᠠᠨ᠎ᠤ ᠶᠡᠬᠡ ᠰᠤᠷᠭᠠᠭᠤᠯᠢ᠎ᠶ᠋ᠢᠨ ᠬᠠᠷᠢᠶᠠᠲᠤ ᠳᠤᠮᠳᠠᠳᠤ ᠰᠤᠷᠭᠠᠭᠤᠯᠢ᠎ᠶ᠋ᠢᠨ ᠨᠣᠮ ᠤᠩᠱᠢᠬᠤ ᠠᠵᠢᠯᠯᠠᠭ᠎ᠠ᠎ᠳᠤ ᠣᠷᠣᠯᠴᠠᠵᠤ᠂ ᠬᠣᠶᠠᠷ ᠰᠤᠷᠭᠠᠭᠤᠯᠢ᠎ᠶ᠋ᠢᠨ ᠰᠤᠷᠤᠭ᠍ᠴᠢᠳ ᠬᠠᠮᠲᠤ᠎ᠪᠠᠷ 《ᠱᠢᠭᠦᠮᠵᠢᠯᠡᠯ᠎ᠳᠦ ᠨᠤᠮ》 ᠤ᠋ᠨ ᠠᠭᠤᠯᠭ᠎ᠠ᠎ᠪᠠᠷ ᠯᠠᠪᠯᠠᠯᠲᠠ ᠪᠣᠯᠭᠠᠨ ᠵᠣᠬᠢᠶᠠᠨ ᠪᠦᠲᠦᠭᠡᠭ᠌ᠰᠡᠨ 《ᠡᠷᠳᠡᠮᠲᠡᠨ᠎ᠦ ᠶᠣᠰᠣᠨ》 ᠭᠡᠬᠦ ᠱᠢᠯᠦᠭ ᠢ᠋ ᠤᠶᠠᠨᠭᠭᠠᠯᠠᠨ ᠳᠠᠭᠤᠯᠠᠪᠠ᠃ 《ᠰᠤᠷᠭᠠᠭᠤᠯᠢ᠎ᠪᠠᠨ ᠲᠥᠯᠥᠭᠡᠯᠡᠨ ᠲᠣᠰ ᠤᠳᠠᠭᠠᠨ᠎ᠤ ᠠᠵᠢᠯᠯᠠᠭ᠎ᠠ᠎ᠳᠤ ᠣᠷᠣᠯᠴᠠᠵᠤ᠂ ᠪᠠᠷᠢᠮᠵᠢᠶ᠎ᠠ ᠠᠪᠢᠶ᠎ᠠ ᠪᠦᠬᠦᠢ ᠨᠡᠢᠲᠡᠯᠢᠭ ᠬᠡᠯᠡ᠎ᠪᠡᠷ ᠬᠢᠲᠠᠳ ᠬᠡᠯᠡᠨ᠎ᠦ ᠰᠣᠩᠭᠣᠳᠠᠭ ᠵᠣᠬᠢᠶᠠᠯ᠎ᠢ ᠤᠶᠠᠩᠭᠠᠯᠠᠵᠤ᠂ ᠰᠣᠶᠣᠯ ᠢᠷᠭᠡᠨᠱᠢᠯ᠎ᠦᠨ ᠬᠡᠪ ᠪᠣᠯᠪᠠᠰᠤᠷᠠᠯ᠎ᠤᠨ ᠬᠥᠮᠦᠵᠢᠯ ᠬᠦᠷᠲᠡᠭ᠌ᠰᠡᠨ᠎ᠳᠡᠭᠡᠨ ᠮᠠᠰᠢ ᠠᠵᠠ᠎ᠲᠠᠶ ᠰᠠᠨᠠᠭᠳᠠᠵᠤ ᠪᠠᠢᠨ᠎ᠠ᠂ ᠬᠣᠢᠱᠢᠳᠠ ᠪᠢ ᠨᠡᠩ ᠢᠯᠡᠬᠦᠦ ᠴᠢᠷᠮᠠᠢᠨ ᠰᠤᠷᠤᠯᠴᠠᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠨᠠᠩ ᠰᠠᠢᠲᠤᠷ ᠤᠯᠠᠮᠵᠢᠯᠠᠨ ᠵᠠᠯᠭᠠᠮᠵᠢᠯᠠᠬᠤ᠎ᠪᠠᠷ ᠴᠢᠷᠮᠠᠢᠨ᠎ᠠ》 ᠭᠡᠵᠦ ᠭᠠᠨᠵᠤᠭ᠎ᠠ ᠪᠠᠯᠭᠠᠰᠤᠨ᠎ᠤ ᠬᠣᠶᠠᠳᠤᠭᠠᠷ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠥᠨᠳᠥᠷ ᠳᠤᠮᠳᠠᠳᠤ᠎ᠶ᠋ᠢᠨ ᠬᠣᠶᠠᠳᠤᠭᠠᠷ ᠣᠨ᠎ᠤ 12 ᠳ᠋ᠤᠭᠠᠷ ᠠᠩᠭᠢ᠎ᠶ᠋ᠢᠨ ᠸᠧᠶ ᠢᠦᠶ ᠵᠧᠸ᠋ ᠰᠡᠳᠭᠢᠯ ᠳᠣᠭ᠍ᠳᠣᠯᠤᠨ ᠬᠡᠯᠡᠪᠡ᠃
ᠣᠢᠯᠠᠭᠠᠭ᠍ᠰᠠᠨ᠎ᠢᠶᠠᠷ᠂ ᠥᠷᠭᠡᠨ ᠣᠯᠠᠨ ᠪᠠᠭ᠍ᠰᠢ ᠰᠤᠷᠤᠭ᠍ᠴᠢᠳ᠎ᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠤᠯᠠᠮ ᠨᠢᠭᠡ ᠠᠯᠬᠤᠮ ᠰᠠᠢᠲᠤᠷ ᠰᠤᠷᠤᠯᠴᠠᠭᠤᠯᠤᠨ ᠬᠡᠷᠡᠭ᠌ᠯᠡᠭᠦᠯᠬᠦ᠌ᠶ᠋ᠢᠨ ᠲᠥᠯᠥᠭᠡ᠂ ᠵᠢᠯ᠎ᠦᠨ ᠡᠬᠢᠨ᠎ᠡᠴᠡ ᠡᠬᠢᠯᠡᠨ ᠬᠣᠷᠴᠢᠨ ᠵᠡᠭᠦᠨ ᠭᠠᠷᠤᠨ ᠬᠣᠢᠲᠤ ᠬᠣᠱᠢᠭᠤ ᠡᠯᠪᠡᠭ ᠪᠠᠶᠠᠯᠢᠭ ᠠᠭᠤᠯᠭ᠎ᠠ᠎ᠪᠦᠬᠦᠢ ᠵᠢᠭᠠᠨ ᠰᠤᠳᠤᠯᠤᠯᠳᠠ᠂ ᠤᠷᠤᠯᠳᠤᠭᠠᠨ᠎ᠤ ᠠᠵᠢᠯᠯᠠᠭ᠎ᠠ᠎ᠶ᠋ᠢ ᠢᠳᠡᠪᠬᠢᠲᠡᠶ ᠥᠷᠨᠢᠭᠦᠯᠵᠦ᠍᠂ ᠪᠥᠬᠥ᠌ ᠬᠣᠱᠢᠭᠤᠨ᠎ᠤ ᠪᠠᠭ᠍ᠰᠢ ᠰᠤᠷᠤᠭ᠍ᠴᠢᠳ᠎ᠤᠨ ᠬᠢᠲᠠᠳ ᠥᠰᠥᠭ ᠰᠣᠨᠣᠰᠴᠤ᠌ ᠪᠢᠴᠢᠬᠦ᠌ ᠤᠷᠤᠯᠳᠤᠭᠠᠨ᠎ᠢ ᠵᠢᠷᠤᠮᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ᠎ᠶ᠋ᠢᠨ ᠤᠷᠠᠨ ᠪᠢᠴᠢᠯᠭᠡ᠎ᠶ᠋ᠢᠨ ᠤᠷᠤᠯᠳᠤᠭᠠᠨ᠎ᠢ ᠴᠤ᠌ ᠡᠮᠬᠢ ᠵᠢᠷᠤᠮ᠎ᠲᠠᠶ ᠪᠡᠯᠡᠳᠭᠡᠵᠦ᠍ ᠪᠠᠢᠨ᠎ᠠ᠃
《ᠲᠠᠷᠠᠭᠠᠴᠢ᠎ᠶ᠋ᠢᠨ ᠠᠯᠬᠤᠮ᠎ᠳᠤ᠂ ᠪᠢᠳᠡ ᠣᠯᠠᠨ ᠠᠷᠭ᠎ᠠ ᠬᠡᠮᠵᠢᠶ᠎ᠡ ᠠᠪᠴᠤ᠌᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠬᠡᠷᠡᠭ᠌ᠯᠡᠬᠦ᠌ ᠡᠷᠴᠢᠮᠢ᠋ ᠴᠢᠩᠭᠠᠷᠠᠭᠤᠯᠵᠤ᠂ ᠨᠠᠩ ᠣᠯᠠᠨ ᠣᠯᠠᠨ ᠲᠦᠮᠡᠨ᠎ᠢ ᠲᠡᠳᠡᠨ ᠣᠷᠣᠯᠴᠠᠭᠤᠯᠬᠤ᠎ᠶ᠋ᠢᠨ ᠬᠠᠮᠲᠤ ᠦᠭᠡ ᠬᠡᠯᠡ ᠥᠰᠥᠭ ᠪᠢᠴᠢᠭ᠎ᠦᠨ ᠷᠢᠳᠢ ᠱᠢᠳᠢ᠎ᠶ᠋ᠢ ᠮᠡᠳᠡᠷᠡᠭᠦᠯᠵᠦ᠍᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠬᠡᠷᠡᠯ ᠭᠢᠯᠪᠠᠭ᠎ᠠ ᠵᠢ ᠰᠠᠴᠤᠷᠠᠭᠤᠯᠤᠨ᠎ᠠ》 ᠭᠡᠵᠦ᠍ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠣᠣ ᠵᠢᠶᠦ᠋ᠨ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃