2024-11-04 10:05:00
《〈ᠬᠤᠸᠠᠩᠱᠠᠨ ᠠᠭᠤᠯᠠᠨ᠎ᠤ ᠬᠠᠴᠢᠨ ᠴᠢᠯᠠᠭᠤ〉 ᠭᠡᠬᠦ ᠬᠢᠴᠢᠶᠡᠯ᠎ᠢ ᠵᠢᠭᠠᠬᠤ ᠳ᠋ᠤ ᠵᠦᠪᠭᠡᠨ ᠦᠭᠡ ᠦᠰᠦᠭ᠎ᠤᠨ ᠲᠠᠯ᠎ᠠ ᠡᠴᠡ ᠬᠤᠸᠠᠩᠱᠠᠨ ᠠᠭᠤᠯᠠᠨ᠎ᠤ ᠬᠠᠴᠢᠨ ᠴᠢᠯᠠᠭᠤᠨ᠎ᠤ ᠭᠠᠢᠬᠠᠮᠰᠢᠭ᠋᠎ᠢ ᠲᠠᠢᠯᠪᠤᠷᠢᠯᠠᠬᠤ᠎ᠨᠢ ᠬᠤᠯᠠ ᠬᠦᠷᠦᠯᠴᠡᠬᠦ ᠦᠭᠡᠢ ᠶᠤᠮ᠂ ᠬᠡᠦᠭᠡᠳ᠎ᠤᠳ ᠲᠸ᠋ ᠡᠨᠡ ᠬᠦ᠌〈ᠬᠠᠴᠢᠨ〉 ᠬᠡᠬᠦ ᠦᠰᠦᠭ᠎ᠦᠨ ᠤᠳᠬ᠎ᠠ᠎ᠶᠢ ᠦᠨᠡᠨ ᠬᠦ᠌ ᠣᠢᠯᠠᠭᠠᠭᠤᠯᠬᠤ᠎ᠳᠤ ᠨᠡᠯᠢᠶᠡᠳ ᠬᠦᠴᠢᠷᠲᠡᠢ ᠪᠠᠢᠳᠠᠭ᠂ ᠪᠢᠳᠡ ᠵᠢᠷᠤᠭ᠂ ᠸᠢᠳᠢᠤ᠋ ᠪᠠ ᠠᠮᠢᠳᠤᠯᠢᠭ᠋ ᠳᠦᠷᠰᠦᠯᠡᠯ᠎ᠢᠶᠡᠷ ᠡᠳᠡᠭᠡᠷ ᠴᠢᠯᠠᠭᠤᠨ᠎ᠤ ᠬᠠᠴᠢᠨ ᠵᠢᠭᠲᠡᠢ ᠬᠡᠯᠪᠡᠷᠢ᠎ᠶᠢ ᠢᠯᠡᠷᠡᠭᠦᠯᠬᠦ᠎ᠳᠦ ᠬᠠᠪᠰᠤᠷᠤᠮᠵᠢ ᠪᠣᠯᠭᠠᠵᠤ ᠪᠠᠢᠭ᠎ᠠ ᠶᠤᠮ᠃》 《 …… ᠮᠡᠲᠦ …… ᠬᠡᠬᠦ ᠥᠭᠦᠯᠡᠪᠦᠷᠢ᠎ᠶᠢᠨ ᠬᠡᠯᠪᠡᠷᠢ᠎ᠪᠡᠷ ᠴᠢᠯᠠᠭᠤᠨ᠎ᠤ ᠶᠠᠩᠵᠤ ᠪᠤᠶᠤ ᠪᠤᠰᠤᠳ ᠬᠡᠷᠡᠭ ᠪᠣᠳᠠᠰ᠎ᠢ ᠳᠦᠷᠰᠦᠯᠡᠨ ᠪᠢᠴᠢᠬᠦ᠎ᠶᠢ ᠱᠠᠭᠠᠷᠳᠠᠬᠤ ᠨᠢ ᠬᠣᠶᠠᠳᠤᠭᠠᠷ ᠣᠨ᠎ᠤ ᠰᠤᠷᠤᠭ᠍ᠴᠢᠳ᠎ᠤᠨ ᠦᠭᠡ ᠬᠡᠯᠡ ᠵᠤᠬᠢᠶᠠᠮᠵᠢᠯᠠᠬᠤ ᠴᠢᠳᠠᠪᠤᠷᠢ ᠪᠠ ᠳᠦᠷᠰᠦᠯᠡᠨ ᠪᠤᠳᠤᠬᠤ ᠴᠢᠳᠠᠪᠤᠷᠢ ᠵᠢᠨ ᠲᠠᠯ᠎ᠠ ᠵᠢᠨ ᠨᠢᠭᠡᠨ ᠥᠷᠢᠰᠦᠯᠳᠦᠭᠡᠨ ᠪᠣᠯᠬᠤ ᠶᠤᠮ》 ᠁ 10 ᠰᠠᠷ᠎ᠠ᠎ᠶᠢᠨ 25᠎ᠤ᠋ ᠡᠳᠦᠷ᠂ ᠣᠷᠳᠣᠰ ᠬᠣᠲᠠ᠎ᠶᠢᠨ ᠦᠦᠰᠢᠨ ᠬᠣᠰᠢᠭᠤᠨ᠎ᠤ ᠲᠤᠷᠰᠢᠯᠲᠠ᠎ᠶᠢᠨ ᠪᠠᠭ᠎ᠠ ᠰᠤᠷᠭᠠᠭᠤᠯᠢ᠎ᠶᠢᠨ ᠬᠢᠴᠢᠶᠡᠯ᠎ᠦᠨ ᠭᠡᠷ᠎ᠲᠦ ᠬᠣᠶᠠᠳᠤᠭᠠᠷ ᠣᠨ᠎ᠤ ᠬᠡᠯᠡ ᠪᠢᠴᠢᠭ᠎ᠦᠨ ᠪᠠᠭ᠍ᠰᠢ ᠨᠠᠷ ᠳᠥᠷᠪᠡᠳᠦᠭᠡᠷ ᠨᠢᠬᠡᠴᠢ ᠵᠢᠨ ᠵᠢᠭᠠᠨ ᠰᠤᠷᠭᠠᠯᠲᠠ᠎ᠵᠢᠨ ᠬᠣᠶᠠᠳᠠᠭᠢ ᠤᠳᠠᠭ᠎ᠠ ᠬᠢᠴᠢᠶᠡᠯ ᠪᠡᠯᠡᠳᠬᠡᠵᠦ ᠪᠠᠢᠯ᠎ᠠ᠃
ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠦᠨᠡᠨᠬᠦ ᠳᠡᠭᠡᠭᠰᠢᠯᠡᠭᠦᠯᠵᠦ᠂ ᠪᠠᠭ᠍ᠰᠢ ᠨᠠᠷ᠎ᠤᠨ ᠬᠠᠷᠢᠯᠴᠠᠨ ᠰᠤᠷᠤᠯᠴᠠᠵᠤ ᠬᠠᠮᠲᠤ᠎ᠪᠠᠷ ᠳᠠᠪᠰᠢᠬᠤ᠎ᠶᠢ ᠠᠬᠢᠭᠤᠯᠬᠤ᠎ᠶᠢᠨ ᠲᠥᠯᠥᠭᠡ ᠡᠢᠨᠬᠦ ᠬᠠᠮᠲᠤ᠎ᠪᠠᠷ ᠬᠣᠶᠠᠳᠠᠭᠢ ᠤᠳᠠᠭ᠎ᠠ ᠬᠢᠴᠢᠶᠡᠯ ᠪᠡᠯᠡᠳᠬᠡᠵᠦ ᠪᠠᠢᠭ᠎ᠠ ᠠᠵᠢ᠃ ᠦᠦᠰᠢᠨ ᠬᠣᠰᠢᠭᠤᠨ᠎ᠤ ᠲᠤᠷᠰᠢᠯᠲᠠ᠎ᠶᠢᠨ ᠪᠠᠭ᠎ᠠ ᠰᠤᠷᠭᠠᠭᠤᠯᠢ᠎ᠶᠢᠨ ᠡᠯ᠎ᠡ ᠬᠢᠴᠢᠶᠡᠯ ᠲᠥᠷᠥᠯ᠎ᠦᠨ ᠪᠠᠭ᠍ᠰᠢ ᠨᠠᠷ ᠭᠠᠷᠠᠭ ᠪᠦᠷᠢ ᠨᠢᠭᠡ ᠤᠳᠠᠭ᠎ᠠ ᠬᠢᠴᠢᠶᠡᠯ ᠪᠡᠯᠡᠳᠬᠡᠳᠡᠭ᠃ ᠬᠣᠶᠠᠳᠠᠭᠢ ᠤᠳᠠᠭᠠᠨ᠎ᠤ ᠬᠢᠴᠢᠶᠡᠯ ᠪᠡᠯᠡᠳᠬᠡᠬᠦ᠎ᠡᠴᠡ ᠡᠮᠦᠨᠡᠬᠢ ᠨᠢᠭᠡ ᠤᠳᠠᠭᠠᠨ᠎ᠤ ᠬᠢᠴᠢᠶᠡᠯ ᠪᠡᠯᠡᠳᠬᠡᠭᠰᠡᠨ ᠨᠢ ᠰᠤᠷᠭᠠᠭᠤᠯᠢ ᠡᠬᠢᠯᠡᠬᠦ᠎ᠡᠴᠡ ᠡᠮᠦᠨᠡᠬᠢ ᠪᠦᠬᠦ ᠬᠣᠰᠢᠭᠤᠨ᠎ᠤ ᠬᠣᠯᠪᠣᠭᠠᠲᠤ ᠰᠤᠷᠭᠠᠭᠤᠯᠢ ᠵᠢᠨ ᠬᠢᠨ᠎ᠤ ᠬᠠᠮᠲᠤ᠎ᠪᠠᠷ ᠬᠢᠴᠢᠶᠡᠯ ᠪᠡᠯᠡᠳᠬᠡᠭᠰᠡᠨ ᠪᠤᠯᠤᠨ᠎ᠠ᠃ ᠠᠩᠭᠢ ᠬᠤᠪᠢᠶᠠᠨ ᠬᠢᠴᠢᠶᠡᠯ ᠲᠥᠷᠥᠯ ᠬᠤᠪᠢᠶᠠᠨ ᠲᠤᠰᠬᠠᠢ ᠮᠡᠷᠭᠡᠵᠢᠯᠲᠡᠨ᠎ᠢ ᠤᠷᠢᠵᠤ ᠵᠢᠭᠠᠬᠤ ᠮᠠᠲᠧᠷᠢᠶᠠᠯ᠎ᠳᠤ ᠪᠥᠬᠥ ᠲᠠᠯ᠎ᠠ᠎ᠶᠢᠨ ᠲᠠᠢᠯᠤᠮᠵᠢ ᠬᠢᠯᠭᠡᠵᠦ᠂ ᠵᠢᠭᠠᠨ ᠰᠤᠷᠭᠠᠯᠲᠠ᠎ᠶᠢᠨ ᠬᠠᠷᠠᠯᠲᠠ᠂ ᠴᠢᠬᠤᠯᠠ ᠬᠦᠴᠢᠷ ᠠᠭᠤᠯᠭ᠎ᠠ ᠵᠢᠨ ᠰᠢᠪᠲᠤᠯᠤᠯᠲᠠ᠂ ᠵᠢᠭᠠᠨ ᠰᠤᠷᠭᠠᠯᠲᠠ᠎ᠶᠢᠨ ᠭᠣᠭᠴᠣᠭ᠎ᠠ᠎ᠶᠢᠨ ᠵᠢᠷᠤᠭ ᠲᠥᠯᠥᠪᠯᠡᠭᠡ ᠵᠡᠷᠭᠡ᠎ᠶᠢ ᠨᠠᠷᠢᠨ ᠨᠢᠮᠪᠠᠢ ᠡᠮᠬᠢᠯᠡᠨ ᠵᠢᠯᠤᠭᠣᠳᠴᠤ᠂ ᠬᠢᠴᠢᠶᠡᠯ ᠪᠡᠯᠡᠳᠬᠡᠬᠦ ᠪᠥᠬᠥ ᠪᠠᠭ᠍ᠰᠢ ᠨᠠᠷ ᠢᠳᠡᠪᠬᠢᠲᠡᠢ᠎ᠪᠡᠷ ᠬᠠᠷᠢᠯᠴᠠᠨ ᠰᠣᠯᠢᠯᠴᠠᠵᠤ ᠰᠤᠳᠤᠯᠤᠨ ᠶᠠᠷᠢᠯᠴᠠᠵᠤ ᠂ ᠣᠯᠠᠨ᠎ᠤ ᠰᠠᠨᠠᠯ᠎ᠢ ᠠᠪᠴᠤ ᠣᠯᠠᠨ᠎ᠤ ᠤᠬᠠᠭᠠᠨ᠎ᠢ ᠲᠥᠪᠯᠡᠷᠡᠭᠦᠯᠦᠭᠰᠡᠨ᠎ᠢᠶᠡᠷ ᠵᠢᠭᠠᠨ ᠰᠤᠷᠭᠠᠯᠲᠠ᠎ᠶᠢᠨ ᠵᠢᠷᠤᠭ ᠲᠥᠯᠥᠪᠯᠡᠭᠡ᠎ᠶᠢᠨ ᠠᠭᠤᠯᠭ᠎ᠠ᠎ᠶᠢ ᠨᠠᠩ ᠲᠡᠭᠦᠯᠳᠡᠷ ᠪᠣᠯᠭᠠᠭᠰᠠᠨ ᠪᠠᠢᠨ᠎ᠠ ᠃
ᠦᠦᠰᠢᠨ ᠬᠣᠰᠢᠭᠤᠨ᠎ᠤ ᠲᠤᠷᠰᠢᠯᠲᠠ᠎ᠶᠢᠨ ᠪᠠᠭ᠎ᠠ ᠰᠤᠷᠭᠠᠭᠤᠯᠢ᠎ᠶᠢᠨ ᠬᠢᠨ ᠰᠤᠷᠭᠠᠭᠤᠯᠢ᠎ᠶᠢᠨ ᠳᠣᠲᠣᠨ᠎ᠠ ᠭᠠᠳᠠᠨᠠᠬᠢ ᠲᠠᠪᠴᠠᠩ᠎ᠢ ᠢᠳᠡᠪᠬᠢᠲᠡᠢ ᠪᠠᠢᠭᠤᠯᠵᠤ᠂ 《 ᠵᠢᠭᠠᠬᠤ ᠰᠤᠷᠬᠤ ᠦᠨᠡᠯᠡᠬᠦ ᠵᠢ ᠨᠢᠭᠡ ᠴᠣᠭᠴᠠᠵᠢᠭᠤᠯᠬᠤ》ᠵᠢᠭᠠᠨ ᠰᠤᠷᠭᠠᠯᠲᠠ᠎ᠶᠢᠨ ᠵᠢᠷᠤᠭ ᠲᠥᠯᠥᠪᠯᠡᠭᠡ᠎ᠶᠢ ᠨᠠᠢᠳᠠᠪᠤᠷᠢᠵᠢᠭᠤᠯᠵᠤ᠂ ᠡᠯ᠎ᠡ ᠲᠦᠷᠦᠯ᠎ᠦᠨ ᠪᠠᠭ᠍ᠰᠢ ᠨᠠᠷ ᠰᠢᠨ᠎ᠡ ᠬᠢᠴᠢᠶᠡᠯ᠎ᠦᠨ ᠪᠠᠷᠢᠮᠵᠢᠶ᠎ᠠ᠎ᠳᠤ ᠰᠠᠭᠤᠷᠢᠯᠠᠵᠤ᠂ ᠰᠢᠨ᠎ᠡ ᠵᠢᠭᠠᠬᠤ ᠮᠠᠲᠧᠷᠢᠶᠠᠯ᠎ᠤᠨ ᠲᠣᠭᠣᠷᠢᠨ᠎ᠳᠤ ᠬᠢᠴᠢᠶᠡᠯ ᠢ᠋ ᠰᠤᠳᠤᠯᠬᠤ᠂ ᠬᠢᠴᠢᠶᠡᠯ ᠢ᠋ ᠰᠢᠯᠢᠳᠡᠭᠵᠢᠬᠦᠯᠬᠦ᠂ ᠬᠢᠴᠢᠶᠡᠯ ᠢ᠋ ᠦᠵᠡᠬᠦ᠂ ᠬᠢᠴᠢᠶᠡᠯ ᠢ᠋ ᠣᠨᠣᠰᠢᠯᠠᠬᠤ ᠂ ᠬᠢᠴᠢᠶᠡᠯ ᠢ᠋ ᠥᠭᠡᠷᠡᠴᠢᠯᠡᠬᠦ ᠠᠵᠢᠯ ᠬᠢᠵᠦ ᠪᠠᠭ᠍ᠰᠢ ᠨᠠᠷ᠎ᠤᠨ ᠬᠠᠮᠲᠤ᠎ᠶᠢᠨ ᠦᠰᠦᠨ ᠪᠣᠶ᠋ᠢᠵᠢᠯᠲᠠ᠎ᠶᠢ ᠠᠬᠢᠭᠤᠯᠵᠠᠢ᠃
ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠢ ᠳᠡᠯᠭᠡᠷᠡᠭᠦᠯᠦᠨ ᠬᠡᠷᠡᠭᠯᠡᠭᠰᠡᠨ᠎ᠡᠴᠡ ᠨᠠᠭᠠᠰᠢ᠂ ᠦᠦᠰᠢᠨ ᠬᠣᠰᠢᠭᠤᠨ᠎ᠤ ᠲᠤᠷᠰᠢᠯᠲᠠ᠎ᠶᠢᠨ ᠪᠠᠭ᠎ᠠ ᠰᠤᠷᠭᠠᠭᠤᠯᠢ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶᠢ ᠳᠡᠭᠡᠭᠰᠢᠯᠡᠭᠦᠯᠦᠨ ᠰᠢᠯᠢᠳᠡᠭᠵᠢᠭᠦᠯᠬᠦ᠎ᠶᠢᠨ ᠬᠠᠮᠲᠤ᠂ ᠪᠠᠭ᠍ᠰᠢ᠎ᠶᠢᠨ ᠡᠩᠨᠡᠭᠡᠨ᠎ᠦ ᠪᠠᠢᠭᠤᠯᠤᠯᠲᠠ ᠪᠣᠯᠣᠨ ᠪᠠᠭ᠍ᠰᠢ᠎ᠶᠢᠨ ᠲᠤᠬᠠᠢᠯᠠᠭᠰᠠᠨ ᠠᠵᠢᠯ᠎ᠤᠨ ᠤᠷ᠎ᠠ ᠴᠢᠳᠠᠪᠤᠷᠢ᠎ᠶᠢᠨ ᠳᠡᠭᠡᠭᠰᠢᠯᠡᠯᠲᠡ᠎ᠶᠢ ᠴᠢᠩᠭᠠᠳᠬᠠᠵᠤ᠂ ᠲᠤᠰᠬᠠᠢ ᠵᠦᠢᠯ᠎ᠦᠨ ᠪᠣᠯᠪᠠᠰᠤᠷᠠᠯ ᠬᠦᠷᠳᠡᠭᠡᠬᠦ᠂ ᠰᠤᠷᠭᠠᠭᠤᠯᠢ᠎ᠶᠢᠨ ᠳᠣᠲᠣᠭᠠᠳᠤ᠎ᠳᠤ ᠪᠠᠨ ᠲᠥᠪᠯᠡᠷᠡᠭᠦᠯᠦᠨ ᠰᠤᠷᠤᠯᠴᠠᠬᠤ᠂ ᠭᠠᠳᠠᠭ᠍ᠰᠢ ᠭᠠᠷᠴᠤ ᠰᠤᠷᠤᠯᠴᠠᠬᠤ᠂ ᠰᠤᠷᠭᠠᠨ ᠬᠥᠮᠦᠵᠢᠯ᠎ᠦᠨ ᠲᠤᠰᠬᠠᠢ ᠮᠡᠷᠭᠡᠵᠢᠯᠲᠡᠨ᠎ᠢ ᠤᠷᠢᠵᠤ ᠪᠣᠯᠪᠠᠰᠤᠷᠠᠯ ᠲᠠᠢᠯᠤᠮᠵᠢ ᠡᠷᠭᠢᠯᠡᠬᠦ ᠵᠢᠴᠢ ᠰᠤᠷᠭᠠᠭᠤᠯᠢ᠎ᠶᠢᠨ ᠬᠣᠭᠣᠷᠣᠨᠳᠣᠬᠢ ᠰᠣᠯᠢᠯᠴᠠᠭ᠎ᠠ ᠬᠢᠬᠦ ᠵᠡᠷᠭᠡ ᠣᠯᠠᠨ ᠵᠦᠢᠯ᠎ᠦᠨ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠪᠠᠭ᠍ᠰᠢ ᠨᠠᠷ᠎ᠤᠨ ᠵᠢᠭᠠᠨ ᠰᠤᠷᠭᠠᠯᠲᠠ᠎ᠶᠢᠨ ᠴᠢᠳᠠᠪᠤᠷᠢ᠎ᠶᠢ ᠳᠡᠭᠡᠭᠰᠢᠯᠡᠭᠦᠯᠪᠡ᠃
ᠣᠢᠯᠠᠭᠠᠭᠰᠠᠨ᠎ᠢᠶᠠᠷ᠂ ᠦᠦᠰᠢᠨ ᠬᠣᠰᠢᠭᠤᠨ᠎ᠤ ᠲᠤᠷᠰᠢᠯᠲᠠ᠎ᠶᠢᠨ ᠪᠠᠭ᠎ᠠ ᠰᠤᠷᠭᠠᠭᠤᠯᠢ ᠪᠤᠯ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ ᠪᠠᠢᠭᠰᠠᠨ ᠰᠤᠷᠭᠠᠭᠤᠯᠢ ᠮᠦᠨ᠃《ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠦᠨ ᠬᠡᠷᠡᠭᠯᠡᠭᠡᠨ᠎ᠦ ᠴᠢᠳᠠᠪᠤᠷᠢ ᠵᠢ ᠳᠡᠭᠡᠭᠰᠢᠯᠡᠭᠦᠯᠬᠦ ᠲᠥᠷᠥᠯ ᠵᠦᠢᠯ᠎ᠦᠨ ᠰᠤᠷᠭᠠᠭᠤᠯᠢ》ᠪᠤᠯᠤᠭᠰᠠᠨ᠎ᠤ ᠳᠠᠷᠠᠭ᠎ᠠ ᠂ ᠰᠤᠷᠭᠠᠭᠤᠯᠢ ᠵᠢᠨ ᠬᠢᠨ ᠬᠡᠯᠡ ᠪᠢᠴᠢᠭ᠎ᠦᠨ ᠲᠤᠰᠬᠠᠢ ᠰᠡᠳᠦᠪᠲᠦ ᠬᠢᠴᠢᠶᠡᠯ᠎ᠦᠨ ᠲᠠᠩᠬᠢᠮ᠂ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠤᠨ ᠬᠢᠴᠢᠶᠡᠯ ᠪᠡᠯᠡᠳᠬᠡᠬᠦ ᠰᠢᠰᠲᠧᠮ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡᠨ᠎ᠦ ᠰᠦᠯᠵᠢᠶᠡᠨ ᠲᠡᠭᠡᠷ᠎ᠡ ᠵᠢᠭᠠᠬᠤ᠎ᠶᠢ ᠰᠤᠳᠤᠯᠬᠤ ᠰᠢᠰᠲᠧᠮ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡᠨ᠎ᠤ ᠰᠤᠷᠤᠯᠴᠠᠯᠭ᠎ᠠ᠎ᠶᠢᠨ ᠰᠢᠰᠲᠧᠮ ᠵᠡᠷᠭᠡ ᠣᠶᠤᠨᠴᠢ ᠵᠢᠭᠠᠬᠤ ᠪᠠᠭᠠᠵᠢ᠎ᠵᠢ ᠠᠰᠢᠬᠯᠠᠨ ᠪᠠᠭ᠍ᠰᠢ ᠨᠠᠷᠲᠸ᠋ ᠪᠣᠯᠪᠠᠰᠤᠷᠠᠯᠬᠦᠷᠳᠡᠭᠡᠵᠦ᠂ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠴᠢᠳᠠᠪᠤᠷᠢ᠎ᠶᠢ ᠪᠥᠬᠥ ᠲᠠᠯ᠎ᠠ᠎ᠪᠠᠷ ᠳᠡᠭᠡᠭᠰᠢᠯᠡᠭᠦᠯᠪᠡ᠃
《ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠤᠨ ᠠᠭᠤᠯᠭ᠎ᠠ ᠡᠯᠪᠡᠭ ᠪᠠᠶᠠᠯᠢᠭ᠋ ᠣᠯᠠᠨ ᠶᠠᠩᠵᠤ᠎ᠶᠢᠨ ᠪᠠᠢᠵᠤ᠂ ᠲᠣᠬᠢᠷᠠᠭᠤᠯᠤᠯᠲᠠ ᠨᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ᠂ ᠬᠡᠦᠬᠡᠳ᠎ᠦᠨ ᠭᠣᠣᠯᠯᠠᠬᠤ ᠬᠡᠪ ᠪᠣᠯᠪᠠᠰᠤᠷᠠᠯ᠎ᠢ ᠴᠢᠬᠤᠯᠠᠴᠢᠯᠠᠵᠤ ᠂ ᠪᠠᠭ᠍ᠰᠢ᠎ᠨᠠᠷ᠎ᠤᠨ ᠬᠡᠪ ᠪᠣᠯᠪᠠᠰᠤᠷᠠᠯ᠎ᠳᠤ ᠨᠡᠩ ᠥᠨᠳᠥᠷ ᠱᠠᠭᠠᠷᠳᠠᠯᠭ᠎ᠠ ᠲᠠᠯᠪᠢᠵᠠᠢ᠃ ᠥᠩᠭᠡᠷᠡᠭᠰᠡᠨ᠎ᠦ ᠮᠠᠰᠢ ᠤᠯᠠᠨ ᠵᠢᠭᠠᠨ ᠰᠤᠷᠭᠠᠬᠤ ᠠᠷᠭ᠎ᠠ ᠪᠣᠯᠣᠨ ᠬᠡᠪ ᠵᠠᠭᠪᠤᠷ ᠨᠢ ᠣᠳᠣᠬᠠᠨ᠎ᠤ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠳᠤ ᠵᠣᠬᠢᠴᠠᠬᠤ ᠦᠭᠡᠢ ᠪᠣᠯᠵᠠᠢ᠃ ᠵᠢᠭᠠᠨ ᠰᠤᠷᠭᠠᠬᠤ ᠶᠠᠪᠤᠴᠠ᠎ᠳᠤ ᠪᠠᠭ᠍ᠰᠢ ᠨᠠᠷ ᠶᠠᠭᠤᠨ᠎ᠤ ᠡᠮᠦᠨ᠎ᠡ ᠵᠢᠭᠠᠨ ᠰᠤᠷᠭᠠᠯᠳᠠ ᠵᠢᠨ ᠦᠵᠡᠯᠲᠡ ᠲᠠᠨᠢᠯᠳᠠ᠎ᠪᠡᠨ ᠬᠤᠪᠢᠷᠠᠭᠤᠯᠬᠤ᠎ᠶᠢ ᠱᠠᠭᠠᠷᠳᠠᠨ᠎ᠠ᠂ ᠡᠷᠬᠡᠪᠰᠢ ᠵᠢᠭᠠᠬᠤ ᠮᠠᠲᠧᠷᠢᠶᠠᠯ᠎ᠤᠨ ᠰᠤᠶᠤᠯ ᠢᠷᠬᠡᠨᠰᠢᠯ᠎ᠦᠨ ᠭᠣᠣᠯ ᠰᠡᠳᠦᠪ᠂ ᠬᠡᠯᠡ ᠪᠢᠴᠢᠭ᠎ᠦᠨ ᠡᠯᠧᠮᠧᠨ᠋ᠲ ᠵᠡᠷᠭᠡ᠎ᠶᠢ ᠦᠨᠳᠦᠰᠦᠯᠡᠨ ᠵᠢᠭᠠᠨ ᠰᠤᠷᠭᠠᠬᠤ ᠠᠷᠭ᠎ᠠ᠎ᠶᠢᠨ ᠲᠠᠯ᠎ᠠ᠎ᠪᠠᠷ ᠲᠠᠰᠤᠷᠠᠯᠲᠠ ᠦᠭᠡᠢ ᠰᠢᠨ᠎ᠡ᠎ᠶᠢ ᠡᠭᠦᠳᠴᠦ᠂ ᠬᠡᠦᠬᠡᠳ᠎ᠦᠨ ᠰᠤᠷᠤᠯᠴᠠᠬᠤ ᠤᠷᠮ᠎ᠠ ᠪᠠᠬ᠎ᠠ᠎ᠶᠢ ᠬᠥᠭᠵᠢᠭᠡᠬᠦ ᠬᠡᠷᠡᠭᠲᠡᠢ》ᠬᠡᠵᠦ 20 ᠭᠠᠷᠤᠢ ᠵᠢᠯ ᠬᠡᠯᠡ ᠪᠢᠴᠢᠭ᠎ᠦᠨ ᠵᠢᠭᠠᠨ ᠰᠤᠷᠭᠠᠯᠲᠠ ᠬᠢᠭᠰᠡᠨ ᠤᠯᠠᠭᠠᠨ ᠪᠠᠭ᠍ᠰᠢ ᠬᠡᠯᠡᠯ᠎ᠡ᠃ ᠲᠡᠷᠡ ᠪᠣᠯ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ ᠪᠠᠢᠭᠰᠠᠨ ᠰᠤᠷᠭᠠᠭᠤᠯᠢ ᠵᠢᠨ ᠪᠠᠭ᠍ᠰᠢ ᠮᠥᠨ᠂ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠢ ᠬᠡᠷᠡᠭᠯᠡᠭᠰᠡᠨ᠎ᠦ ᠳᠠᠷᠠᠭ᠎ᠠ᠂ ᠵᠢᠭᠠᠬᠤ ᠮᠠᠲᠧᠷᠢᠶᠠᠯ᠎ᠤᠨ ᠠᠷᠤ᠎ᠳᠠᠬᠢ ᠵᠢᠭᠠᠨ ᠰᠤᠷᠭᠠᠯᠲᠠ᠎ᠶᠢᠨ ᠣᠢᠯᠠᠭᠠᠭᠳᠠᠬᠤᠨ᠂ ᠵᠢᠭᠠᠨ ᠰᠤᠷᠭᠠᠯᠲᠠ᠎ᠶᠢᠨ ᠠᠷᠭ᠎ᠠ ᠪᠠ ᠦᠨᠡᠯᠡᠯᠲᠡ᠎ᠶᠢᠨ ᠰᠢᠰᠲᠧᠮ᠎ᠢ ᠠᠭᠤᠳᠠᠯᠬᠤ᠎ᠪᠠᠷ ᠳᠡᠮᠵᠢᠨ ᠳᠡᠷᠡ ᠪᠡᠷ ᠬᠡᠯᠡ ᠪᠢᠴᠢᠭ᠎ᠦᠨ ᠵᠢᠭᠠᠨ ᠰᠤᠷᠭᠠᠯᠲᠠ᠎ᠵᠢᠨ ᠲᠤᠬᠠᠢ ᠰᠢᠨ᠎ᠡ ᠲᠠᠨᠢᠯᠲᠠ᠎ᠲᠠᠢ ᠪᠤᠯᠵᠠᠢ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃