ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-06-19 11:11:26

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠲᠦᠷᠦᠬᠦᠬᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ ᠰᠠᠭᠤᠷᠢᠨ ᠎ᠤ ᠪᠠᠢᠭᠤᠯᠤᠯᠲᠠ ᠵᠢᠴᠢ ᠪᠥᠬᠥ ᠣᠷᠣᠨ᠎ᠤ ᠳᠤᠮᠳᠠᠳᠤ᠎ᠶᠢᠨ ᠰᠣᠩᠭᠣᠳᠠᠭ ᠵᠣᠬᠢᠶᠠᠯ᠎ᠢ ᠤᠶᠠᠩᠭᠠᠯᠠᠨ ᠤᠩᠰᠢᠬᠤ ᠢᠨᠵᠧᠨᠧᠷᠢᠩ᠎ᠢ ᠬᠡᠷᠡᠭᠵᠢᠭᠦᠯᠬᠦ ᠠᠵᠢᠯ᠎ᠤᠨ ᠰᠤᠳᠤᠯᠤᠨ ᠶᠠᠷᠢᠯᠴᠠᠬᠤ ᠬᠤᠷᠠᠯ ᠬᠥᠬᠡᠬᠣᠲᠠ᠎ᠳᠤ ᠶᠠᠪᠤᠭᠳᠠᠪᠠ᠃

ᠲᠣᠰ ᠰᠤᠳᠤᠯᠤᠨ ᠶᠠᠷᠢᠯᠴᠠᠬᠤ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠣᠣᠯᠯᠠᠨ ᠡᠷᠭᠢᠯᠡᠵᠦ᠂ ᠤᠯᠤᠰ᠎ᠤᠨ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ ᠰᠠᠭᠤᠷᠢᠨ (ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ)᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠤᠳᠬ᠎ᠠ ᠵᠣᠬᠢᠶᠠᠯ᠎ᠤᠨ ᠳᠡᠭᠡᠳᠦ ᠰᠤᠷᠭᠠᠭᠤᠯᠢ ᠳᠠᠭᠠᠭᠠᠴᠢᠯᠠᠨ ᠡᠷᠬᠢᠯᠡᠪᠡ᠃ ᠶᠠᠷᠢᠯᠴᠠᠬᠤ ᠬᠤᠷᠠᠯ ᠨᠢ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠪᠠᠷ ᠠᠵᠢᠯ᠎ᠤᠨ ᠭᠣᠣᠯ ᠰᠢᠵᠢᠮ ᠪᠣᠯᠭᠠᠵᠤ᠂ ᠨᠢᠭᠡᠳᠦᠯᠲᠡᠢ ᠲᠥᠯᠥᠪᠵᠢᠭᠦᠯᠦᠨ ᠬᠣᠯᠪᠤᠭᠠᠯᠠᠨ ᠬᠥᠳᠡᠯᠦᠯᠴᠡᠵᠦ᠂ ᠬᠠᠮᠵᠢᠯᠴᠠᠨ ᠠᠵᠢᠯᠯᠠᠵᠤ ᠬᠠᠮᠲᠤ ᠪᠠᠷ ᠪᠠᠢᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠭᠡ ᠬᠡᠯᠡ ᠦᠰᠦᠭ ᠪᠢᠴᠢᠭ᠎ᠦᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠶ᠎ᠠ》ᠬᠡᠬᠦ ᠭᠤᠤᠯ ᠰᠡᠳᠦᠪ ᠵᠢᠡᠷ ᠶᠠᠪᠤᠭᠳᠠᠪᠠ᠃

ᠬᠤᠷᠠᠯ᠎ᠤᠨ ᠬᠤᠭᠤᠴᠠᠭᠠᠨ ᠳ᠋ᠤ᠂ ᠣᠷᠣᠨ᠎ᠤ ᠳᠣᠲᠣᠨ᠎ᠠ ᠭᠠᠳᠠᠨᠠᠬᠢ 14 ᠶᠡᠬᠡ ᠳᠡᠭᠡᠳᠦ ᠰᠤᠷᠭᠠᠭᠤᠯᠢ ᠶ᠋ᠢᠨ ᠲᠤᠰᠬᠠᠢ ᠮᠡᠷᠭᠡᠵᠢᠯᠲᠡᠨ ᠡᠷᠳᠡᠮᠲᠡᠨ᠂ ᠬᠠᠷᠢᠭᠤᠴᠠᠯᠭᠠᠲᠠᠨ ᠨᠥᠬᠥᠳ ᠪᠣᠯᠣᠨ ᠬᠡᠰᠡᠭ ᠠᠢᠮᠠᠭ ᠬᠣᠲᠠ ᠶ᠋ᠢᠨ ᠦᠭᠡ ᠬᠡᠯᠡ ᠦᠰᠦᠭ ᠪᠢᠴᠢᠭ᠎ᠦᠨ ᠠᠵᠢᠯᠲᠠᠨ᠎ᠤ ᠲᠥᠯᠥᠭᠡᠯᠡᠭᠴᠢᠳ ᠨᠢᠭᠡ ᠲᠠᠩᠬᠢᠮ᠎ᠳᠤ ᠴᠤᠭᠯᠠᠷᠠᠵᠤ᠂ ᠮᠠᠨ᠎ᠤ ᠣᠷᠣᠨ᠎ᠤ ᠤᠯᠤᠰ᠎ᠤᠨ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ ᠰᠠᠭᠤᠷᠢᠨ᠎ᠤ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠂ ᠳᠤᠮᠳᠠᠳᠤ᠎ᠶᠢᠨ ᠰᠣᠩᠭᠣᠳᠠᠭ ᠵᠣᠬᠢᠶᠠᠯ᠎ᠢ ᠤᠶᠠᠩᠭᠠᠯᠠᠨ ᠤᠩᠰᠢᠬᠤ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠬᠤ ᠵᠡᠷᠭᠡ ᠲᠠᠯ᠎ᠠ᠎ᠪᠠᠷ ᠰᠠᠨᠠᠯ᠎ᠢᠶᠠᠨ ᠰᠣᠯᠢᠯᠴᠠᠵᠤ ᠰᠤᠳᠤᠯᠤᠨ ᠶᠠᠷᠢᠯᠴᠠᠵᠤ᠂ ᠮᠠᠨ᠎ᠤ ᠣᠷᠣᠨ᠎ᠤ ᠦᠭᠡ ᠬᠡᠯᠡ ᠥᠰᠥᠭ ᠪᠢᠴᠢᠭ᠎ᠦᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢᠨ ᠰᠠᠢᠨ ᠰᠠᠢᠬᠠᠨ ᠢᠷᠡᠭᠡᠳᠦᠢ᠎ᠶᠢ ᠬᠠᠮᠲᠤ᠎ᠪᠠᠷ ᠰᠦᠪᠡᠭᠴᠢᠯᠡᠪᠠ᠃ ᠪᠠᠷᠠᠭᠤᠨ ᠡᠮᠦᠨᠡᠲᠦ᠎ᠶᠢᠨ ᠶᠡᠬᠡ ᠰᠤᠷᠭᠠᠭᠤᠯᠢ᠂ ᠨᠡᠢᠰᠯᠡᠯ᠎ᠦᠨ ᠪᠠᠭ᠍ᠰᠢ᠎ᠶᠢᠨ ᠶᠡᠬᠡ ᠰᠤᠷᠭᠠᠭᠤᠯᠢ᠂ ᠨᠢᠩᠰᠢᠶᠠ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠂ ᠵᠢᠨᠢᠩ᠎ᠦᠨ ᠪᠠᠭ᠍ᠰᠢ᠎ᠶᠢᠨ ᠳᠡᠭᠡᠳᠦ ᠰᠤᠷᠭᠠᠭᠤᠯᠢ᠂ ᠥᠪᠥᠷ ᠮᠣᠩᠭᠣᠯ᠎ᠤᠨ ᠤᠷᠠᠯᠢᠭ᠋᠎ᠤᠨ ᠳᠡᠭᠡᠳᠦ ᠰᠤᠷᠭᠠᠭᠤᠯᠢ᠂ ᠬᠥᠬᠡᠬᠣᠲᠠ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠲᠤᠰᠬᠠᠢ ᠮᠡᠷᠭᠡᠵᠢᠯᠲᠡᠨ ᠡᠷᠳᠡᠮᠲᠡᠳ ᠭᠣᠣᠯ ᠵᠣᠷᠢᠯᠲᠠᠳᠤ ᠶᠠᠷᠢᠶ᠎ᠠ ᠲᠠᠯᠪᠢᠪᠠ ᠃

2019 ᠣᠨ᠎ᠳᠤ ᠰᠤᠷᠭᠠᠨ ᠬᠥᠮᠦᠵᠢᠯ᠎ᠦᠨ ᠶᠠᠮᠤᠨ᠂ ᠤᠯᠤᠰ᠎ᠤᠨ ᠦᠭᠡ ᠬᠡᠯᠡ ᠥᠰᠥᠭ ᠪᠢᠴᠢᠭ᠎ᠦᠨ ᠠᠵᠢᠯ᠎ᠤᠨ ᠵᠥᠪᠯᠡᠯ ᠤᠯᠤᠰ᠎ᠤᠨ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ ᠰᠠᠭᠤᠷᠢᠨ᠎ᠤ ᠪᠠᠢᠭᠤᠯᠤᠯᠲᠠ᠎ᠶᠢᠨ ᠠᠵᠢᠯ᠎ᠢ ᠡᠬᠢᠯᠡᠭᠦᠯᠦᠨ ᠬᠡᠷᠡᠭᠵᠢᠭᠦᠯᠦᠭᠰᠡᠨ᠎ᠡᠴᠡ ᠨᠠᠭᠠᠰᠢ᠂ ᠮᠠᠨ᠎ᠤ ᠣᠷᠣᠨ᠎ᠤ 6 ᠶᠡᠬᠡ ᠳᠡᠭᠡᠳᠦ ᠰᠤᠷᠭᠠᠭᠤᠯᠢ ᠵᠢᠴᠢ ᠨᠢᠭᠡᠴᠢ ᠵᠢ ᠤᠯᠤᠰ᠎ᠤᠨ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ ᠰᠠᠭᠤᠷᠢᠨ ᠵᠢᠡᠷ ᠦᠨᠡᠯᠡᠨ ᠲᠣᠭᠲᠠᠭᠠᠭᠰᠠᠨ ᠪᠠᠢᠨ᠎ᠠ᠃ ᠲᠤᠰ ᠬᠤᠷᠠᠯ᠎ᠤᠨ ᠬᠤᠷᠠᠯᠳᠤᠭᠰᠠᠨ ᠨᠢ ᠣᠷᠣᠨ᠎ᠤ ᠲᠤᠳᠤᠨ᠎ᠠ ᠭᠠᠳᠠᠨᠠᠬᠢ ᠤᠯᠤᠰ᠎ᠤᠨ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ ᠰᠠᠭᠤᠷᠢᠨ᠎ᠤ ᠰᠣᠯᠢᠯᠴᠠᠭ᠎ᠠ ᠤᠢᠯᠠᠭᠠᠯᠴᠠᠭ᠎ᠠ᠎ᠶᠢ ᠴᠢᠨᠠᠭᠰᠢᠳᠠ ᠴᠢᠩᠭᠠᠳᠬᠠᠵᠤ᠂ ᠮᠠᠨ᠎ᠤ ᠣᠷᠣᠨ᠎ᠤ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠴᠢᠨᠠᠭᠰᠢᠳᠠ ᠠᠬᠢᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面