ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-04-12 10:18:01

ᠵᠣᠬᠢᠶᠠᠭ᠍ᠴᠢ᠄ ᠯᠢ ᠵᠢᠶᠠ ᠢᠦᠶ ᠣᠩᠱᠢᠭ᠍ᠰᠠᠨ ᠣᠳᠠᠭ᠎ᠠ᠄ 3

ᠤᠢᠷ᠎ᠠ᠎ᠳᠦ᠂ ᠲᠦᠩᠯᠢᠶᠣᠤ ᠬᠤᠳᠠ᠎ᠶ᠋ᠢᠨ ᠵᠠᠷᠤᠳ ᠬᠣᠱᠢᠭᠤᠨ᠎ᠤ ᠪᠠᠶᠠᠷᠳᠤᠬᠤᠱᠢᠭᠤ ᠰᠤᠷᠭᠠᠭᠤᠯᠢ᠎ᠶ᠋ᠢᠨ ᠵᠢᠭᠠᠨ ᠰᠤᠷᠭᠠᠯᠲᠠ᠎ᠶ᠋ᠢᠨ ᠠᠰᠠᠷ᠎ᠤᠨ ᠬᠢᠴᠢᠶᠡᠯ᠎ᠦᠨ ᠲᠠᠩᠭᠢᠮ ᠡᠴᠡ ᠢᠷᠡᠭᠤ ᠰᠠᠢᠬᠠᠨ ᠤᠩᠱᠢᠯᠭ᠎ᠠ᠎ᠶ᠋ᠢᠨ ᠲᠠᠭᠤᠨ ᠰᠤᠨᠤᠰᠳᠠᠨ᠎ᠠ᠃

ᠨᠢᠭᠡᠳᠦᠭᠡᠷ ᠣᠨ᠎ᠤ ᠬᠢᠴᠢᠶᠡᠯ᠎ᠦᠨ ᠭᠡᠷ᠎ᠲᠦ᠂ ᠬᠡᠦᠬᠡᠳ᠎ᠦᠳ ᠶᠠᠭ ᠰᠠᠢᠬᠠᠨ ᠡᠷᠲᠡᠨ᠎ᠦ ᠱᠢᠯᠦᠭ ᠲᠠᠭᠤᠯᠠᠯ᠎ᠢ ᠤᠩᠱᠢᠵᠤ ᠪᠠᠢᠯ᠎ᠠ᠃ ᠰᠤᠷᠤᠬ᠍ᠴᠢ ᠵᠤᠯᠠ᠄ 《ᠪᠢ ᠪᠠᠭ᠍ᠰᠢ ᠪᠠᠨ ᠲᠠᠭᠠᠵᠤ ᠡᠷᠲᠡᠨ᠎ᠦ ᠱᠢᠯᠦᠭ ᠤᠩᠱᠢᠬᠤ ᠳᠤᠷᠠᠲᠠᠢ᠂ ᠪᠢ ᠤᠳᠤ ᠮᠠᠰᠢ ᠤᠯᠠᠨ ᠡᠷᠲᠡᠨ᠎ᠦ ᠱᠢᠯᠦᠭ᠎ᠢ ᠴᠡᠭᠡᠵᠢᠯᠡᠵᠡᠢ᠃ ᠪᠠᠭ᠍ᠰᠢ ᠪᠠᠰᠠ ᠨᠠᠳᠠ᠎ᠳᠤ ᠵᠢᠵᠢᠭ ᠤᠯᠠᠭᠠᠨ ᠬᠤᠸᠠᠷ ᠦᠭᠭᠦᠭᠰᠡᠨ᠂ ᠬᠣᠢᠱᠢᠳᠠ ᠪᠢ ᠨᠡᠩ ᠤᠯᠠᠨ ᠡᠷᠲᠡᠨ᠎ᠦ ᠱᠢᠯᠦᠭ᠎ᠢ ᠴᠡᠭᠡᠵᠢᠯᠡᠨ᠎ᠠ》 ᠭᠡᠯ᠎ᠠ᠃

ᠰᠠᠴᠤᠷᠠ ᠪᠣᠯ ᠪᠠᠶᠠᠷᠳᠤᠬᠤᠱᠢᠭᠤ ᠰᠤᠷᠭᠠᠭᠤᠯᠢ᠎ᠶ᠋ᠢᠨ ᠬᠡᠯᠡ ᠪᠢᠴᠢᠭ᠎ᠦᠨ ᠪᠠᠭ᠍ᠰᠢ ᠪᠣᠯᠤᠨ᠎ᠠ᠃ ᠵᠢᠭᠠᠨ ᠰᠤᠷᠭᠠᠬᠤ ᠠᠵᠢᠯ᠎ᠤᠨ ᠳᠤᠮᠳᠠ ᠪᠠᠨ 《ᠬᠡᠦᠬᠡᠳ᠎ᠦᠳ᠎ᠢ ᠨᠡᠢᠲᠡᠯᠢᠭ ᠬᠡᠯᠡ᠎ᠪᠡᠷ ᠶᠠᠷᠢᠵᠤ ᠴᠢᠳᠠᠬᠤ᠂ ᠨᠡᠢᠲᠡᠯᠢᠭ ᠬᠡᠯᠡ᠎ᠪᠡᠷ ᠶᠠᠷᠢᠬᠤ ᠳᠤᠷᠠᠲᠠᠢ》 ᠪᠠᠢᠬᠤ ᠠᠭᠤᠷ ᠠᠮᠢᠰᠭᠤᠯ᠎ᠢ ᠢᠳᠡᠪᠬᠢᠲᠡᠢ ᠪᠤᠢ ᠪᠣᠯᠭᠠᠵᠤ᠂ PPT ᠵᠡᠷᠭᠡ ᠰᠤᠷᠤᠭ᠍ᠴᠢᠳ᠎ᠤᠨ ᠳᠤᠷᠠᠲᠠᠢ ᠬᠡᠯᠪᠡᠷᠢ ᠪᠡᠷ ᠰᠤᠷᠤᠭ᠍ᠴᠢᠳ᠎ᠤᠨ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠤᠷᠤᠯᠴᠠᠬᠤ ᠳᠤᠷ᠎ᠠ ᠰᠣᠨᠢᠷᠬᠠᠯ᠎ᠢ ᠬᠥᠮᠦᠵᠢᠭᠦᠯᠵᠦ᠍᠂ ᠰᠤᠷᠤᠭ᠍ᠴᠢᠳ᠎ᠢ ᠡᠳᠦᠷ ᠳᠤᠳᠤᠮ᠎ᠤᠨ ᠰᠣᠯᠢᠯᠴᠠᠭ᠎ᠠ ᠳᠤᠮᠳᠠ ᠪᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠬᠡᠷᠡᠭ᠌ᠯᠡᠬᠦ᠌ ᠳᠠᠳᠭᠠᠯ᠎ᠲᠠᠶ ᠪᠣᠯᠬᠤ ᠵᠢ ᠬᠦᠲᠦᠯᠦᠨ ᠵᠢᠯᠤᠭᠤᠳᠳᠠᠭ᠃

ᠰᠠᠴᠤᠷᠠ᠄《ᠬᠡᠦᠬᠡᠳ᠎ᠦᠳ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠬᠤ ᠨᠢ ᠮᠡᠳᠡᠯᠭᠡ᠎ᠶ᠋ᠢᠨ ᠡᠭᠦᠳᠡ᠎ᠶ᠋ᠢ ᠨᠡᠭᠡᠭᠡᠬᠦ ᠠᠯᠳᠠᠨ ᠲᠦᠯᠬᠢᠭᠦᠷ᠎ᠢ ᠡᠵᠡᠮᠱᠢᠭ᠌ᠰᠡᠨ᠎ᠲᠡᠶ ᠠᠳᠠᠯᠢ᠂ ᠬᠡᠦᠬᠡᠳ᠎ᠦᠨ ᠢᠷᠡᠭᠡᠳᠦᠢ᠎ᠳᠦ ᠮᠠᠰᠢ ᠶᠡᠬᠡ ᠠᠱᠢᠭ᠍ᠲᠠᠢ ᠶᠤᠮ》 ᠭᠡᠵᠤ ᠭᠡᠯᠡᠬᠥ ᠶᠤᠮ᠃

ᠵᠠᠷᠤᠳ ᠬᠣᠱᠢᠭᠤᠨ᠎ᠤ ᠬᠠᠢᠷᠬᠠᠨ ᠣᠶ ᠱᠢᠭᠤᠶ᠎ᠶ᠋ᠢᠨ ᠲᠠᠯᠠᠪᠠᠶ᠎ᠳᠤ ᠰᠠᠭᠤᠭ᠎ᠠ ᠳᠣᠯᠣᠳᠤᠭᠠᠷ ᠣᠨ᠎ᠤ ᠰᠣᠷᠣᠭ᠍ᠴᠢ ᠯᠢᠶᠠᠨ ᠱᠢᠶᠠᠩ ᠶᠦᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠰᠤᠷᠤᠯᠴᠠᠭᠰᠠᠨ᠎ᠡᠴᠡ ᠮᠠᠰᠢ ᠤᠷᠤᠰᠤᠮ᠎ᠠ ᠰᠠᠢᠬᠠᠨ ᠨᠡᠢᠲᠡᠯᠢᠭ ᠬᠡᠯᠡ ᠪᠡᠷ ᠪᠤᠰᠤᠳ᠎ᠲᠠᠶ ᠰᠠᠨᠠᠯ᠎ᠢᠶᠠᠨ ᠰᠣᠯᠢᠯᠴᠠᠵᠤ ᠳᠡᠢᠯᠬᠦ ᠪᠣᠯᠤᠭ᠍ᠰᠠᠨ ᠪᠥᠭᠡᠳ ᠡᠴᠢᠭᠡ ᠡᠬᠡ᠎ᠶ᠋ᠢᠨ᠎ᠢᠶᠡᠨ 《ᠪᠠᠭ᠎ᠠ ᠣᠷᠴᠢᠭᠤᠯᠤᠭ᠍ᠴᠢ》 ᠪᠤᠯᠤᠭᠰᠠᠨ ᠪᠠᠢᠨ᠎ᠠ᠃

《ᠠᠪᠤ ᠡᠵᠢ ᠵᠠᠷᠢᠮ ᠵᠠᠷᠯᠠᠯ ᠪᠤᠶᠤ ᠲᠣᠳᠣᠷᠬᠠᠢᠯᠠᠯᠲᠠ᠎ᠶ᠋ᠢᠨ ᠪᠢᠴᠢᠭ᠎ᠢ ᠦᠵᠡᠵᠦ᠍ ᠲᠥᠬᠥᠭᠡᠷᠡᠬᠦ᠌ ᠦᠭᠡᠢ ᠦᠶ᠎ᠡ᠎ᠳᠤ᠂ ᠪᠢ ᠪᠦᠷ ᠲᠡᠳᠡᠨ᠎ᠳᠦ ᠲᠠᠢᠯᠪᠤᠷᠢᠯᠠᠵᠤ ᠦᠭᠳᠡᠭ》 ᠭᠡᠵᠦ᠍ ᠯᠢᠶᠠᠨ ᠱᠢᠶᠠᠩ ᠶᠦᠨ ᠶᠡᠭᠡ ᠯᠡ ᠤᠮᠤᠭᠳᠠᠢ ᠶᠠᠷᠢᠨ᠎ᠠ᠃

ᠪᠠᠶᠠᠷᠳᠤᠬᠤᠱᠢᠭᠤ ᠰᠤᠷᠭᠠᠭᠤᠯᠢ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠣᠢᠯᠠᠭᠠᠭ᠍ᠳᠠᠬᠤᠨ᠎ᠢ ᠰᠤᠷᠭᠠᠭᠤᠯᠢ᠎ᠶ᠋ᠢᠨ ᠬᠠᠮᠢᠶᠠᠷᠤᠯᠲᠠ ᠪᠠ ᠬᠢᠴᠢᠶᠡᠯ᠎ᠦᠨ ᠪᠠᠢᠭᠤᠯᠤᠯᠲᠠ ᠳ᠋ᠠᠭᠠᠨ ᠲᠤᠭᠤᠱᠢᠯᠠᠭᠤᠯᠵᠤ᠂ ᠪᠠᠭ᠍ᠰᠢ᠎ᠨᠠᠷ᠎ᠢ ᠤᠯᠠᠨ ᠤᠳᠠᠭ᠎ᠠ ᠵᠣᠬᠢᠶᠠᠨ ᠪᠠᠢᠭᠤᠯᠤᠨ ᠲᠥᠪᠯᠡᠷᠡᠭᠦᠯᠦᠨ ᠰᠤᠷᠤᠯᠴᠠᠭᠤᠯᠵᠤ ᠪᠣᠯᠪᠠᠰᠤᠷᠠᠯ ᠬᠦᠷᠲᠡᠭᠡᠭ᠌ᠰᠡᠨ ᠪᠥᠭᠡᠳ ᠬᠣᠯᠪᠣᠭ᠍ᠳᠠᠯ ᠪᠦᠬᠦᠢ ᠰᠤᠷᠤᠯᠴᠠᠬᠤ ᠵᠥᠭᠡᠯᠡᠨ ᠲᠤᠨᠤᠭ᠎ᠢ ᠠᠱᠢᠭ᠍ᠯᠠᠨ ᠪᠠᠭ᠍ᠰᠢ᠎ᠨᠠᠷ᠎ᠤᠨ ᠵᠢᠭᠠᠨ ᠰᠤᠷᠭᠠᠯᠲᠠ᠎ᠶ᠋ᠢᠨ ᠬᠢᠷᠢ ᠲᠦᠪᠱᠢᠨ᠎ᠢ ᠨᠢ ᠳᠡᠭᠡᠭ᠌ᠰᠢᠯᠡᠭᠦᠯᠵᠦ᠍᠂ ᠪᠠᠭ᠍ᠰᠢ᠎ᠨᠠᠷ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠤᠨᠤᠯ᠎ᠤᠨ ᠬᠡᠪ ᠪᠣᠯᠪᠠᠰᠤᠷᠠᠯ ᠪᠣᠯᠤᠨ ᠵᠢᠭᠠᠨ ᠰᠤᠷᠭᠠᠯᠲᠠ᠎ᠶ᠋ᠢᠨ ᠦᠢᠯᠡᠳᠦᠯᠭᠡ᠎ᠶ᠋ᠢᠨ ᠴᠢᠳᠠᠪᠤᠷᠢ᠎ᠶ᠋ᠢ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠡᠵᠡᠮᠱᠢᠨ ᠬᠡᠷᠡᠭ᠌ᠯᠡᠬᠦ᠌᠎ᠶ᠋ᠢ ᠦᠨᠡᠨ ᠬᠦ᠌ ᠪᠠᠲᠤᠯᠠᠪᠠ᠃

ᠦᠭᠡ ᠬᠡᠯᠡ ᠨᠡᠪᠲᠡᠷᠡᠯᠴᠡᠬᠦ᠌ ᠪᠣᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠤᠷᠢᠲᠠᠯ ᠪᠠ ᠰᠠᠭᠤᠷᠢ ᠮᠥᠨ᠃ ᠣᠢᠷ᠎ᠠ᠎ᠶ᠋ᠢᠨ ᠵᠢᠯ᠎ᠳᠤ᠂ ᠵᠠᠷᠤᠳ ᠬᠣᠱᠢᠭᠤ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠰᠤᠷᠭᠠᠨ ᠬᠥᠮᠦᠵᠢᠯ᠎ᠢ ᠶᠡᠬᠡ᠎ᠪᠡᠷ ᠠᠬᠢᠭᠤᠯᠵᠤ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠲᠡᠯᠭᠡᠷᠡᠬᠦᠯᠦᠨ ᠬᠡᠷᠡᠭᠯᠡᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠨᠠᠩ ᠡᠷᠬᠡ ᠲᠡᠭ᠌ᠰᠢ᠂ ᠨᠠᠩ ᠴᠢᠨᠠᠷ ᠰᠠᠢᠲᠠᠶ ᠰᠤᠷᠭᠠᠨ ᠬᠥᠮᠦᠵᠢᠯ ᠬᠦᠷᠲᠡᠭᠡᠬᠦ᠌᠎ᠶ᠋ᠢ ᠦᠨᠡᠨ ᠬᠦ᠌ ᠪᠠᠲᠤᠯᠠᠵᠤ᠂ ᠬᠥᠮᠦᠨ ᠨᠢᠭᠡᠪᠦᠷᠢ᠎ᠳᠦ ᠨᠡᠩ ᠰᠠᠢᠨ ᠰᠠᠢᠬᠠᠨ ᠢᠷᠡᠭᠡᠳᠦᠢ ᠵᠢ ᠴᠤᠭᠴᠠᠯᠠᠬᠤ ᠠᠵᠠ ᠲᠣᠬᠢᠶᠠᠯ ᠣᠯᠭᠣᠵᠤ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面