ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2025-03-03 09:52:12

ᠵᠣᠬᠢᠶᠠᠭ᠍ᠴᠢ᠄ ᠯᠢ ᠵᠢᠶᠠ ᠢᠦᠶ᠂ ᠯᠢᠦ ᠬᠣᠩ ᠵᠢᠶᠧ ᠣᠩᠱᠢᠭ᠍ᠰᠠᠨ ᠣᠳᠠᠭ᠎ᠠ᠄ 3

《ᠬᠡᠯᠡ ᠪᠢᠴᠢᠭ᠎ᠦᠨ ᠬᠢᠴᠢᠶᠡᠯ ᠪᠣᠯ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠰᠤᠷᠤᠯᠴᠠᠬᠤ ᠶᠡᠷᠦᠩᠬᠡᠢᠯᠡᠭ᠌ᠰᠡᠨ ᠴᠢᠨᠠᠷ᠂ ᠦᠢᠯᠡᠳᠦᠯᠭᠡ᠎ᠶ᠋ᠢᠨ ᠴᠢᠨᠠᠷ ᠪᠦᠬᠦᠢ ᠬᠢᠴᠢᠶᠡᠯ ᠪᠠᠢᠵᠤ᠂ ᠪᠠᠭᠠᠵᠢ ᠵᠢᠨ ᠴᠢᠨᠠᠷ ᠪᠠ ᠰᠤᠶᠤᠯ ᠢᠷᠭᠡᠨᠰᠢᠯ ᠤ᠋ᠨ ᠴᠢᠨᠠᠷ ᠤ᠋ᠨ ᠨᠢᠭᠡᠳᠦᠯ ᠪᠤᠯ ᠬᠡᠯᠡ ᠪᠢᠴᠢᠭ᠎ᠦᠨ ᠬᠢᠴᠢᠶᠡᠯ᠎ᠦᠨ ᠦᠨᠳᠦᠰᠦᠨ ᠣᠨᠴᠠᠯᠢᠭ ᠮᠥᠨ᠃ ᠬᠡᠯᠡ ᠪᠢᠴᠢᠭ᠎ᠦᠨ ᠬᠢᠴᠢᠶᠡᠯ᠎ᠨᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠬᠠᠢᠷᠠᠯᠠᠬᠤ᠎ᠶ᠋ᠢ ᠬᠥᠲᠥᠯᠥᠨ ᠵᠢᠯᠣᠭᠣᠳᠭᠤ ᠬᠡᠷᠡᠭ᠌ᠲᠡᠶ ᠁》᠃ ᠰᠤᠷᠪᠤᠯᠵᠢᠯᠠᠭᠴᠢ 2 ᠰᠠᠷ᠎ᠠ᠎ᠶ᠋ᠢᠨ 25᠎ᠤ᠋ ᠡᠳᠦᠷ᠂ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠭᠠᠨᠵᠤᠭ᠎ᠠ ᠪᠠᠯᠭᠠᠰᠤᠨ᠎ᠤ ᠭᠤᠷᠪᠠᠳᠤᠭᠠᠷ ᠪᠠᠭ᠎ᠠ ᠰᠤᠷᠭᠠᠭᠤᠯᠢ᠎ᠶ᠋ᠢᠨ ᠵᠢᠭᠠᠨ ᠰᠤᠳᠤᠯᠬᠤ ᠲᠠᠰᠤᠭ᠎ᠲᠤ ᠬᠦᠷᠬᠦ ᠳ᠋ᠤ᠂ ᠰᠤᠷᠭᠠᠭᠤᠯᠢ᠎ᠶ᠋ᠢᠨ ᠪᠥᠬᠥ ᠬᠡᠯᠡ ᠪᠢᠴᠢᠭ᠎ᠦᠨ ᠪᠠᠭ᠍ᠰᠢ᠎ᠨᠠᠷ ᠶᠠᠭ 《ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠡᠯᠡ ᠪᠢᠴᠢᠭ᠎ᠦᠨ ᠬᠢᠴᠢᠶᠡᠯ᠎ᠦᠨ ᠪᠠᠷᠢᠮᠵᠢᠶ᠎ᠠ (2022 ᠣᠨ᠎ᠤ ᠬᠡᠪᠯᠡᠯ)》 ᠶ᠋ᠢ ᠨᠠᠷᠢᠨ ᠬᠢᠨᠠᠮᠠᠭᠠᠶ ᠰᠤᠷᠤᠯᠴᠠᠵᠤ ᠪᠠᠢᠪᠠ᠂ ᠳᠠᠷᠤᠶ ᠬᠡᠯᠡ ᠪᠢᠴᠢᠭ᠎ᠦᠨ ᠱᠢᠨ᠎ᠡ ᠬᠢᠴᠢᠶᠡᠯ᠎ᠦᠨ ᠪᠠᠷᠢᠮᠵᠢᠶ᠎ᠠ ᠪᠣᠯᠤᠨ᠎ᠠ᠃

ᠪᠠᠭ᠍ᠰᠢ᠎ᠨᠠᠷ ᠤ᠋ᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠱᠢᠨ᠎ᠡ ᠰᠤᠷᠤᠯᠭ᠎ᠠ᠎ᠶ᠋ᠢᠨ ᠬᠤᠭᠤᠴᠠᠭᠠᠨ᠎ᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠵᠢᠭᠠᠨ ᠰᠤᠷᠭᠠᠯᠲᠠ᠎ᠶ᠋ᠢᠨ ᠠᠵᠢᠯ᠎ᠢ ᠥᠨᠳᠥᠷ ᠪᠦᠲᠦᠮᠵᠢᠲᠡᠶ ᠡᠮᠬᠢ ᠵᠢᠷᠤᠮ᠎ᠲᠠᠶ ᠥᠷᠨᠢᠭᠦᠯᠬᠦ᠌᠎ᠳᠦ ᠬᠦᠴᠦᠨ ᠨᠡᠮᠡᠷᠢᠯᠡᠬᠦ᠌᠎ᠶ᠋ᠢᠨ ᠲᠥᠯᠥᠭᠡ᠂ ᠱᠢᠨ᠎ᠡ ᠰᠤᠷᠤᠯᠭ᠎ᠠ᠎ᠶ᠋ᠢᠨ ᠬᠤᠭᠤᠴᠠᠭ᠎ᠠ ᠡᠬᠢᠯᠡᠮᠡᠭ᠌ᠴᠡ ᠭᠠᠨᠵᠤᠭ᠎ᠠ ᠪᠠᠯᠭᠠᠰᠤᠨ᠎ᠤ ᠭᠤᠷᠪᠠᠳᠤᠭᠠᠷ ᠪᠠᠭ᠎ᠠ ᠰᠤᠷᠭᠠᠭᠤᠯᠢ᠎ᠨᠢ ᠪᠥᠬᠥ᠌ ᠬᠡᠯᠡ ᠪᠢᠴᠢᠭ᠎ᠦᠨ ᠪᠠᠭ᠍ᠰᠢ ᠨᠠᠷ᠎ᠢ ᠵᠣᠬᠢᠶᠠᠨ ᠪᠠᠢᠭᠤᠯᠵᠤ ᠨᠢᠭᠡ ᠤᠳᠠᠭᠠᠨ ᠤ᠋ ᠬᠡᠯᠡ ᠪᠢᠴᠢᠭ᠎ᠦᠨ ᠱᠢᠨ᠎ᠡ ᠬᠢᠴᠢᠶᠡᠯ᠎ᠦᠨ ᠪᠠᠷᠢᠮᠵᠢᠶ᠎ᠠ ᠵᠢ ᠰᠤᠷᠤᠯᠴᠠᠬᠤ ᠠᠵᠢᠯᠯᠠᠭ᠎ᠠ᠎ᠦᠷᠨᠢᠭᠦᠯᠪᠡ᠃ ᠰᠤᠷᠤᠯᠴᠠᠬᠤ ᠶᠠᠪᠤᠴᠠ᠎ᠳᠤ᠂ ᠪᠠᠭ᠍ᠰᠢ᠎ᠨᠠᠷ ᠨᠠᠷᠢᠨ ᠬᠢᠨᠠᠮᠠᠭᠠᠢ ᠰᠤᠳᠤᠯᠤᠨ ᠤᠩᠱᠢᠵᠤ᠂ ᠱᠢᠨ᠎ᠡ ᠬᠢᠴᠢᠶᠡᠯ᠎ᠦᠨ ᠪᠠᠷᠢᠮᠵᠢᠶ᠎ᠠ ᠵᠢᠨ ᠬᠢᠯᠠᠰ ᠴᠡᠭ᠎ᠢ ᠡᠵᠡᠮᠳᠡᠵᠦ᠍᠂ ᠬᠢᠴᠢᠶᠡᠯ᠎ᠦᠨ ᠥᠭᠡᠷᠡᠴᠢᠯᠡᠯᠲᠡ ᠪᠠ ᠬᠥᠭ᠌ᠵᠢᠯᠲᠡ᠎ᠶ᠋ᠢᠨ ᠴᠢᠭ᠌ᠯᠡᠯ᠎ᠢ ᠣᠨᠣᠪᠴᠢᠲᠠᠢ ᠡᠷᠢᠵᠦ᠍ ᠤᠯᠪᠠ᠃

ᠯᠢᠦ ᠱᠢᠶᠤᠤ ᠱᠤ᠌ ᠪᠠᠭ᠍ᠰᠢ ᠪᠣᠯ ᠭᠤᠴᠢᠨ ᠬᠡᠳᠦᠨ ᠵᠢᠯ᠎ᠦᠨ ᠵᠢᠭᠠᠨ ᠰᠤᠷᠭᠠᠯᠲᠠ᠎ᠶ᠋ᠢᠨ ᠲᠤᠷᠱᠢᠯᠭ᠎ᠠ᠎ᠲᠠᠶ ᠬᠡᠯᠡ ᠪᠢᠴᠢᠭ᠎ᠦᠨ ᠪᠠᠭ᠍ᠰᠢ ᠮᠥᠨ᠂ ᠲᠡᠷᠡ ᠬᠡᠯᠡ ᠪᠢᠴᠢᠭ᠎ᠦᠨ ᠱᠢᠨ᠎ᠡ ᠬᠢᠴᠢᠶᠡᠯ᠎ᠦᠨ ᠪᠠᠷᠢᠮᠵᠢᠶ᠎ᠠ᠎ᠶ᠋ᠢ ᠰᠤᠷᠤᠯᠴᠠᠭ᠍ᠰᠠᠨ᠎ᠤ ᠳᠠᠷᠠᠭ᠎ᠠ᠄《ᠬᠡᠯᠡ ᠪᠢᠴᠢᠭ᠎ᠦᠨ ᠱᠢᠨ᠎ᠡ ᠬᠢᠴᠢᠶᠡᠯ᠎ᠦᠨ ᠪᠠᠷᠢᠮᠵᠢᠶ᠎ᠠ᠎ᠶ᠋ᠢ ᠰᠤᠷᠤᠯᠴᠠᠵᠤ᠂ ᠴᠢᠭᠯᠡᠭᠦᠯᠦᠯᠳᠤ ᠴᠢᠨᠠᠷ᠎ᠲᠠᠶ ᠵᠢᠭᠠᠨ ᠰᠤᠷᠭᠠᠯᠲᠠ᠎ᠶ᠋ᠢᠨ ᠠᠵᠢᠯᠯᠠᠭ᠎ᠠ᠂ ᠰᠢᠨ᠎ᠠ᠎ᠶᠢ ᠡᠭᠦᠳᠦᠭᠰᠡᠨ ᠵᠢᠭᠠᠨ ᠰᠤᠷᠭᠠᠯᠲᠠ᠎ᠶ᠋ᠢᠨ ᠠᠷᠭ᠎ᠠ ᠪᠠ ᠠᠪᠢᠶᠠᠰ ᠲᠤᠨᠢ ᠲᠤᠬᠢᠷᠠᠭᠤᠯᠵᠤ ᠵᠢᠭᠠᠬᠤ ᠵᠢᠭᠠᠨ ᠰᠤᠷᠭᠠᠯᠲᠠ᠎ᠶ᠋ᠢᠨ ᠠᠷᠭ᠎ᠠ ᠪᠤᠳᠤᠯᠭ᠎ᠠ᠎ᠪᠠᠷ ᠳᠠᠮᠵᠢᠭᠤᠯᠤᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠳᠦ ᠢᠯᠡᠳᠲᠡ ᠠᠬᠢᠭᠤᠯᠬᠤ ᠦᠢᠯᠡᠳᠦᠯ᠎ᠦᠵᠡᠭᠦᠯᠵᠦ ᠪᠤᠯᠤᠨ᠎ᠠ᠃ ᠡᠳᠡᠭᠡᠷ ᠠᠷᠭ᠎ᠠ ᠬᠡᠮᠵᠢᠶ᠎ᠡ ᠨᠢ ᠰᠤᠷᠤᠭ᠍ᠴᠢᠳ᠎ᠤᠨ ᠦᠭᠡ ᠬᠡᠯᠡᠨ᠎ᠦ ᠢᠯᠡᠳᠭᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠦᠭᠡᠢ ᠪᠠᠰᠠ ᠲᠡᠳᠡᠨ᠎ᠦ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠮᠡᠳᠡᠷᠡᠬᠦ᠌ ᠲᠦᠷᠦᠭᠳᠡᠯ ᠪᠠ ᠣᠮᠣᠭ᠍ᠰᠢᠬᠤ ᠰᠡᠳᠭᠢᠯᠭᠡ᠎ᠶ᠋ᠢ ᠨᠡᠮᠡᠭ᠌ᠳᠡᠭᠦᠯᠦᠭ᠌ᠰᠡᠨ ᠪᠠᠢᠨ᠎ᠠ》 ᠭᠡᠵᠦ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面