ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2025-04-22 11:26:07

ᠵᠣᠬᠢᠶᠠᠭ᠍ᠴᠢ᠄ ​ ᠪᠤᠶᠠᠠᠡᠨᠡᠷᠢᠯ ᠣᠩᠱᠢᠭ᠍ᠰᠠᠨ ᠣᠳᠠᠭ᠎ᠠ᠄ 3

4 ᠰᠠᠷ᠎ᠠ ᠶ᠋ᠢᠨ 15 ᠤ᠋ ᠡᠳᠦᠷ ᠂ ᠣᠷᠳᠣᠰ ᠬᠣᠲᠠ ᠶ᠋ᠢᠨ ᠳ᠋ᠦᠩᠱᠧᠩ ᠲᠣᠭᠣᠷᠢᠭ᠋ ᠤ᠋ᠨ ᠮᠣᠩᠭᠣᠯ ᠦᠨᠳᠦᠰᠦᠲᠡᠨ ᠤ᠋ ᠰᠤᠷᠭᠠᠭᠤᠯᠢ ᠶ᠋ᠢᠨ ᠠᠩᠬ᠎ᠠ ᠳᠤᠮᠳᠠᠳᠤ ᠶ᠋ᠢᠨ ᠬᠣᠶᠠᠳᠤᠭᠠᠷ ᠤᠨ ᠤ᠋ ᠭᠤᠷᠪᠠᠳᠤᠭᠠᠷ ᠠᠩᠭᠢ ᠶ᠋ᠢᠨ ᠬᠢᠴᠢᠶᠡᠯ ᠤ᠋ᠨ ᠭᠡᠷ ᠲᠤ᠌᠂ ᠠᠮᠢᠳᠤ ᠪᠣᠳᠠᠰ ᠤ᠋ᠨ ᠪᠠᠭ᠍ᠰᠢ ᠮᠠᠢᠯᠠᠰᠤ《ᠤᠯᠤᠰ ᠤ᠋ᠨ ᠳᠤᠮᠳᠠᠳᠤ ᠪᠠᠭ᠎ᠠ ᠰᠤᠷᠭᠠᠭᠤᠯᠢ ᠶ᠋ᠢᠨ ᠣᠶᠤᠨᠴᠢ ᠰᠤᠷᠭᠠᠨ ᠬᠥᠮᠦᠵᠢᠯ ᠤ᠋ᠨ ᠲᠠᠪᠴᠠᠩ》 ᠢ᠋ ᠠᠰᠢᠭᠯᠠᠨ᠂ AI ᠮᠡᠷᠭᠡᠵᠢᠯ᠂ ᠸᠢᠳᠢᠣ᠋᠂ ᠵᠢᠷᠤᠭ ᠰᠡᠬᠦᠳᠡᠷ ᠵᠡᠷᠭᠡ ᠡᠬᠢ ᠪᠠᠶᠠᠯᠢᠭ᠋ ᠢ᠋ ᠬᠡᠷᠡᠭᠯᠡᠨ᠂ ᠠᠰᠠᠭᠤᠯᠳᠠ ᠬᠠᠷᠢᠭᠤᠯᠬᠤ ᠪᠠ ᠰᠣᠨᠢᠷᠬᠠᠯᠲᠠᠢ ᠵᠠᠭᠪᠤᠷ ᠶ᠋ᠢᠡᠷ ᠳᠠᠮᠵᠢᠭᠤᠯᠤᠨ᠂ 《ᠴᠢᠰᠤᠨ ᠰᠢᠬᠢᠷ ᠤ᠋ᠨ ᠬᠥᠮᠥᠨ ᠤ᠋ ᠪᠡᠶ᠎ᠡ ᠳ᠋ᠡᠬᠢ ᠠᠶᠠᠯᠠᠯ》 ᠢ᠋ ᠨᠠᠷᠢᠨ ᠲᠠᠢᠯᠪᠤᠷᠢᠯᠠᠵᠤ ᠪᠠᠢᠯ᠎ᠠ᠃

ᠮᠠᠢᠯᠠᠰᠤ ᠪᠠᠭᠰᠢ ᠶ᠋ᠢᠨ ᠠᠰᠢᠭᠯᠠᠵᠤ ᠪᠠᠢᠭ᠎ᠠ ᠡᠲᠡᠭᠡᠷ ᠬᠢᠴᠢᠶᠡᠯ ᠤ᠋ᠨ ᠡᠬᠢ ᠪᠠᠶᠠᠯᠢᠭ᠋ ᠢ᠋ ᠴᠥᠮ 《ᠤᠯᠤᠰ ᠤ᠋ᠨ ᠳᠤᠮᠳᠠᠳᠤ ᠪᠠᠭ᠎ᠠ ᠰᠤᠷᠭᠠᠭᠤᠯᠢ ᠶ᠋ᠢᠨ ᠣᠶᠤᠨᠴᠢ ᠰᠤᠷᠭᠠᠨ ᠬᠥᠮᠦᠵᠢᠯ ᠤ᠋ᠨ ᠲᠠᠪᠴᠠᠩ》 ᠡᠴᠡ ᠠᠪᠴᠠᠢ᠃ 《ᠪᠠᠭ᠍ᠰᠢ ᠪᠢᠳᠡᠨ ᠳ᠋ᠤ ᠬᠢᠴᠢᠶᠡᠯ ᠣᠷᠣᠬᠤ ᠡᠴᠡ ᠭᠠᠳᠠᠨ᠎ᠠ᠂ ᠪᠠᠰᠠ AI ᠸᠢᠳᠢᠣ᠋ ᠬᠢᠴᠢᠶᠡᠯ ᠤ᠋ᠨ ᠠᠭᠤᠯᠭ᠎ᠠ ᠵᠢ ᠵᠢᠷᠤᠭ ᠳᠦᠷᠰᠤ ᠪᠡᠷ ᠵᠠᠭᠪᠤᠷᠴᠢᠯᠠᠵᠤ ᠲᠠᠢᠯᠪᠤᠷᠢᠯᠠᠨ᠎ᠠ᠂ ᠬᠢᠴᠢᠶᠡᠯ ᠤ᠋ᠨ ᠠᠭᠤᠯᠭ᠎ᠠ ᠬᠡᠢᠰᠪᠦᠷᠢ ᠪᠠᠢᠭᠰᠠᠨ ᠡᠴᠡ ᠪᠡᠨ ᠮᠠᠰᠢ ᠰᠤᠨᠢᠷᠬᠠᠯᠳᠠᠢ ᠪᠦᠭᠡᠳ ᠠᠮᠢᠳᠤᠯᠢᠭ ᠪᠤᠯᠵᠠᠢ》 ᠭᠡᠵᠦ ᠳ᠋ᠦᠩᠱᠧᠩ ᠲᠣᠭᠣᠷᠢᠭ᠋ ᠤ᠋ᠨ ᠮᠣᠩᠭᠣᠯ ᠦᠨᠳᠦᠰᠦᠲᠡᠨ ᠤ᠋ ᠰᠤᠷᠭᠠᠭᠤᠯᠢ ᠶ᠋ᠢᠨ ᠠᠩᠬ᠎ᠠ ᠳᠤᠮᠳᠠᠳᠤ ᠶ᠋ᠢᠨ ᠬᠣᠶᠠᠳᠤᠭᠠᠷ ᠤᠨ ᠤ᠋ ᠭᠤᠷᠪᠠᠳᠤᠭᠠᠷ ᠠᠩᠭᠢ ᠶ᠋ᠢᠨ ᠰᠣᠷᠣᠭ᠍ᠴᠢ ᠰᠤ᠌ ᠶᠦᠨ ᠶᠠᠷᠢᠨ᠎ᠠ᠃

《〈ᠤᠯᠤᠰ ᠤ᠋ᠨ ᠳᠤᠮᠳᠠᠳᠤ ᠪᠠᠭ᠎ᠠ ᠰᠤᠷᠭᠠᠭᠤᠯᠢ ᠶ᠋ᠢᠨ ᠤᠶᠤᠨᠴᠢ ᠰᠤᠷᠭᠠᠨ ᠬᠥᠮᠦᠵᠢᠯ ᠤ᠋ᠨ ᠲᠠᠪᠴᠠᠩ〉ᠢ᠋ ᠠᠰᠢᠭᠯᠠᠵᠤ ᠡᠬᠢᠯᠡᠭᠰᠡᠨ ᠡᠴᠡ ᠨᠠᠭᠠᠰᠢ᠂ ᠬᠢᠴᠢᠶᠡᠯ ᠪᠡᠯᠡᠳᠬᠡᠬᠦ ᠡᠴᠡ ᠡᠬᠢᠯᠡᠭᠡᠳ ᠰᠤᠷᠤᠭᠴᠢᠳ ᠲᠤ᠌ ᠳᠠᠰᠬᠠᠯ ᠳᠠᠭᠠᠭᠠᠯᠭᠠᠪᠤᠷᠢ ᠪᠠᠢᠷᠢᠯᠠᠭᠤᠯᠬᠤ ᠬᠦᠷᠲᠡᠯ᠎ᠡ ᠪᠦᠬᠦ ᠶᠠᠪᠤᠴᠠ ᠳ᠋ᠤ ᠲᠣᠭ᠎ᠠ ᠪᠠᠷᠢᠮᠲᠠ ᠴᠤᠭᠯᠠᠭᠤᠯᠬᠤ ᠪᠠ ᠵᠠᠳᠠᠯᠤᠯᠲᠠ ᠬᠢᠵᠤ᠂ ᠪᠢᠳᠠᠨ ᠤ᠋ ᠤᠯᠤᠰ ᠤ᠋ᠨ ᠨᠢᠭᠡᠳᠦᠯᠳᠡᠢ ᠨᠠᠢᠷᠠᠭᠤᠯᠤᠭᠰᠠᠨ ᠬᠢᠴᠢᠶᠡᠯ ᠤ᠋ᠨ ᠪᠢᠴᠢᠭ ᠢ᠋ ᠰᠠᠢᠳᠤᠷ ᠵᠢᠭᠠᠵᠤ᠂ ᠤᠯᠤᠰ ᠤ᠋ᠨ ᠨᠡᠢᠳᠡᠮ ᠬᠡᠷᠡᠭ᠌ᠯᠡᠬᠦ᠌ ᠦᠬᠡ ᠬᠡᠯᠡ ᠦᠰᠦᠭ ᠪᠢᠴᠢᠭ ᠢ᠋ ᠲᠦᠭᠡᠮᠡᠯᠵᠢᠭᠦᠯᠬᠦ ᠳ᠋ᠤ ᠨᠡᠩ ᠰᠠᠢᠨ ᠬᠠᠪᠰᠤᠷᠤᠮᠵᠢ ᠪᠣᠯᠭᠠᠵᠤ ᠪᠠᠢᠨ᠎ᠠ》 ᠭᠡᠵᠦ ᠮᠠᠢᠯᠠᠰᠤ ᠪᠠᠭᠰᠢ ᠬᠡᠯᠡᠨ᠎ᠡ᠃

ᠳ᠋ᠦᠩᠱᠧᠩ ᠲᠣᠭᠣᠷᠢᠭ᠋ ᠤ᠋ᠨ ᠮᠣᠩᠭᠣᠯ ᠦᠨᠳᠦᠰᠦᠲᠡᠨ ᠤ᠋ ᠰᠤᠷᠭᠠᠭᠤᠯᠢ ᠶ᠋ᠢᠨ ᠵᠠᠬᠢᠷᠤᠯ ᠰᠠᠷᠠᠨᠮᠠᠨᠳᠤᠯ᠎ᠠ ᠶ᠋ᠢᠨ ᠲᠠᠨᠢᠯᠴᠠᠭᠤᠯᠤᠭᠰᠠᠨ ᠶ᠋ᠢᠡᠷ᠂ ᠪᠠᠭᠰᠢ ᠨᠠᠷ ᠰᠣᠷᠣᠭ᠍ᠴᠢᠳ ᠤ᠋ᠨ ᠪᠣᠳᠠᠲᠠᠢ ᠪᠠᠢᠳᠠᠯ ᠢ᠋ ᠦᠨᠳᠦᠰᠦᠯᠡᠨ᠂ 《ᠤᠯᠤᠰ ᠤ᠋ᠨ ᠳᠤᠮᠳᠠᠳᠤ ᠪᠠᠭ᠎ᠠ ᠰᠤᠷᠭᠠᠭᠤᠯᠢ ᠶ᠋ᠢᠨ ᠤᠶᠤᠨᠴᠢ ᠰᠤᠷᠭᠠᠨ ᠬᠥᠮᠦᠵᠢᠯ ᠤ᠋ᠨ ᠲᠠᠪᠴᠠᠩ》 ᠤ᠋ᠨ ᠨᠠᠷᠠᠲᠤ ᠪᠠᠭ᠍ᠰᠢ ᠶ᠋ᠢᠨ ᠵᠢᠭᠠᠬᠤ ᠠᠭᠤᠯᠭ᠎ᠠ ᠵᠢ ᠬᠢᠴᠢᠶᠡᠯ ᠳ᠋ᠡᠭᠡᠨ ᠣᠷᠣᠭᠤᠯᠤᠨ ᠠᠰᠢᠭᠯᠠᠵᠦ᠂ ᠵᠢᠭᠠᠨ ᠰᠤᠷᠭᠠᠯᠳᠠ ᠶ᠋ᠢᠨ ᠦᠷ᠎ᠡ ᠪᠦᠲᠦᠮᠵᠢ ᠪᠡᠨ ᠳᠡᠭᠡᠭᠰᠢᠯᠡᠭᠦᠯᠵᠦ ᠪᠣᠯᠣᠨ᠎ᠠ᠃

ᠳᠤᠰ ᠰᠤᠷᠭᠠᠭᠤᠯᠢ ᠨᠢ ᠪᠠᠭ᠍ᠰᠢ ᠨᠠᠷ ᠢ᠋ ᠬᠥᠲᠥᠯᠥᠨ ᠵᠢᠯᠤᠭᠣᠳᠴᠤ 《ᠤᠯᠤᠰ ᠤ᠋ᠨ ᠳᠤᠮᠳᠠᠳᠤ ᠪᠠᠭ᠎ᠠ ᠰᠤᠷᠭᠠᠭᠤᠯᠢ ᠶ᠋ᠢᠨ ᠣᠶᠤᠨᠴᠢ ᠰᠤᠷᠭᠠᠨ ᠬᠥᠮᠦᠵᠢᠯ ᠤ᠋ᠨ ᠲᠠᠪᠴᠠᠩ》 ᠢ᠋ ᠰᠠᠢᠲᠤᠷ ᠠᠰᠢᠭᠯᠠᠭᠤᠯᠬᠤ ᠡᠴᠡ ᠭᠠᠳᠠᠨ᠎ᠠ᠂ ᠪᠠᠰᠠ ᠪᠠᠭ᠍ᠰᠢ ᠨᠠᠷ ᠢ᠋ ᠵᠣᠬᠢᠶᠠᠨ ᠪᠠᠢᠭᠤᠯᠤᠨ ᠵᠢᠭᠠᠬᠤ ᠮᠠᠲᠧᠷᠢᠶᠠᠯ ᠤ᠋ᠨ ᠲᠠᠢᠯᠤᠮᠵᠢ ᠪᠤᠯᠪᠠᠰᠤᠷᠠᠯ᠂ ᠰᠢᠯᠢᠳᠡᠭ ᠪᠠᠭ᠍ᠰᠢ ᠵᠢ ᠬᠥᠮᠥᠵᠢᠭᠦᠯᠬᠦ ᠪᠠ ᠠᠨᠠᠢ ᠪᠠᠭ᠍ᠰᠢ ᠵᠢ ᠲᠤᠰᠠᠯᠠᠬᠤ ᠲᠤᠬᠠᠢᠯᠠᠭᠰᠠᠨ ᠠᠵᠢᠯ ᠤ᠋ᠨ ᠵᠢᠯᠣᠭᠣᠳᠤᠯᠭ᠎ᠠ ᠵᠡᠷᠭᠡ ᠪᠣᠯᠪᠠᠰᠤᠷᠠᠯ ᠳ᠋ᠤ ᠢᠳᠡᠪᠬᠢᠲᠡᠢ ᠣᠷᠣᠯᠴᠠᠭᠤᠯᠵᠤ᠂ ᠣᠯᠠᠨ ᠡᠰᠢᠲᠦ ᠪᠣᠯᠪᠠᠰᠤᠷᠠᠯ ᠶ᠋ᠢᠡᠷ ᠳᠠᠮᠵᠢᠭᠤᠯᠤᠨ ᠰᠤᠷᠭᠠᠨ ᠬᠥᠮᠦᠵᠢᠯ ᠤ᠋ᠨ ᠵᠢᠭᠠᠨ ᠰᠤᠷᠭᠠᠯᠲᠠ ᠶ᠋ᠢᠨ ᠶᠠᠰᠤ ᠴᠢᠨᠠᠷ ᠢ᠋ ᠳᠡᠭᠡᠭᠰᠢᠯᠡᠭᠦᠯᠪᠡ᠃ ᠡᠭᠦᠨ ᠤ᠋ ᠬᠠᠮᠳᠤ᠂ ᠳᠤᠮᠳᠠᠳᠤ ᠪᠠᠭ᠎ᠠ ᠰᠤᠷᠭᠠᠭᠤᠯᠢ ᠲᠠᠢ ᠬᠠᠷᠢᠯᠴᠠᠭ᠎ᠠ ᠪᠠᠢᠭᠤᠯᠵᠤ᠂ 《ᠣᠢᠷ᠎ᠠ᠂ ᠰᠢᠯᠢᠳᠡᠭ᠂ ᠲᠥᠬᠥᠮ》 ᠵᠠᠷᠴᠢᠮ ᠶᠤᠰᠤᠭᠠᠷ ᠪᠦᠯᠬᠦᠮ ᠪᠠᠶ᠋ᠢᠭᠤᠯᠬᠤ ᠮᠠᠶᠢᠭ᠋ ᠶ᠋ᠢᠡᠷ ᠬᠠᠷᠢᠯᠴᠠᠨ ᠬᠠᠪᠰᠤᠷᠤᠨ ᠲᠡᠳᠬᠦᠯᠴᠡᠵᠦ᠂ ᠵᠢᠭᠠᠨ ᠰᠤᠷᠭᠠᠯᠲᠠ ᠵᠢ ᠰᠤᠳᠤᠯᠤᠨ ᠶᠠᠷᠢᠯᠴᠠᠬᠤ᠂ ᠰᠠᠨᠠᠯ ᠶ᠋ᠢᠡᠨ ᠰᠣᠯᠢᠯᠴᠠᠬᠤ᠂ ᠬᠠᠮᠲᠤ ᠪᠠᠷ ᠬᠢᠴᠢᠶᠡᠯ ᠪᠡᠯᠡᠳᠬᠡᠬᠦ᠂ ᠬᠢᠴᠢᠶᠡᠯ ᠰᠣᠨᠣᠰᠬᠤ᠂ ᠬᠢᠴᠢᠶᠡᠯ ᠢ᠋ ᠦᠨᠡᠯᠡᠬᠦ ᠵᠡᠷᠭᠡ ᠣᠯᠠᠨ ᠵᠦᠢᠯ ᠤ᠋ᠨ ᠠᠷᠭ᠎ᠠ ᠮᠠᠶᠢᠭ᠋ ᠶ᠋ᠢᠡᠷ ᠳᠠᠮᠵᠢᠭᠤᠯᠤᠨ᠂ ᠪᠠᠭ᠍ᠰᠢ ᠨᠠᠷ ᠢ᠋ ᠬᠠᠮᠲᠤ ᠪᠠᠷ ᠰᠤᠷᠤᠯᠴᠠᠭᠤᠯᠵᠤ᠂ ᠪᠠᠭ᠍ᠰᠢ ᠶ᠋ᠢᠨ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤ᠋ᠨ ᠵᠢᠭᠠᠨ ᠰᠤᠷᠭᠠᠯᠲᠠ ᠶ᠋ᠢᠨ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠠᠢ᠃

ᠣᠲᠣᠬᠠᠨ ᠪᠣᠯᠲᠠᠯ᠎ᠠ᠂ ᠳ᠋ᠦᠩᠱᠧᠩ ᠲᠣᠭᠣᠷᠢᠭ᠋ ᠤ᠋ᠨ ᠮᠣᠩᠭᠣᠯ ᠦᠨᠳᠦᠰᠦᠲᠡᠨ ᠤ᠋ ᠰᠤᠷᠭᠠᠭᠤᠯᠢ ᠶ᠋ᠢᠨ ᠪᠠᠭ᠎ᠠ ᠰᠤᠷᠭᠠᠭᠤᠯᠢ ᠶ᠋ᠢᠨ ᠬᠡᠯᠲᠡᠰ ᠨᠢ ᠨᠢᠭᠡᠨᠲᠡ 10 ᠪᠠᠭ᠎ᠠ ᠰᠤᠷᠭᠠᠭᠤᠯᠢ ᠲᠠᠢ ᠪᠦᠯᠬᠦᠮ ᠪᠠᠶ᠋ᠢᠭᠤᠯᠬᠤ ᠮᠠᠶᠢᠭ᠋ ᠤ᠋ᠨ ᠬᠠᠷᠢᠯᠴᠠᠨ ᠬᠠᠪᠰᠤᠷᠤᠨ ᠲᠡᠳᠬᠦᠬᠦ ᠬᠠᠷᠢᠴᠠᠭ᠎ᠠ ᠪᠠᠢᠭᠤᠯᠵᠤ᠂ 10 ᠬᠢᠴᠢᠶᠡᠯ ᠳᠦᠷᠦᠯ ᠤ᠋ᠨ 58 ᠪᠠᠭ᠍ᠰᠢ ᠣᠷᠣᠯᠴᠠᠵᠠᠢ; ᠠᠩᠬ᠎ᠠ ᠳᠤᠮᠳᠠᠳᠤ ᠶ᠋ᠢᠨ ᠬᠡᠯᠳᠡᠰ ᠨᠢ ᠨᠢᠭᠡᠨᠲᠡ 9 ᠳᠤᠮᠳᠠᠳᠤ ᠰᠤᠷᠭᠠᠭᠤᠯᠢ ᠲᠠᠢ ᠪᠦᠯᠬᠦᠮ ᠪᠠᠶ᠋ᠢᠭᠤᠯᠬᠤ ᠮᠠᠶᠢᠭ᠋ ᠤ᠋ᠨ ᠬᠠᠷᠢᠯᠴᠠᠨ ᠬᠠᠪᠰᠤᠷᠤᠨ ᠲᠡᠳᠬᠦᠬᠦ ᠬᠠᠷᠢᠴᠠᠭ᠎ᠠ ᠪᠠᠢᠭᠤᠯᠵᠤ᠂ 13 ᠬᠢᠴᠢᠶᠡᠯ ᠳᠦᠷᠦᠯ ᠤ᠋ᠨ 38 ᠪᠠᠭ᠍ᠰᠢ ᠣᠷᠣᠯᠴᠠᠵᠠᠢ᠃ ᠡᠭᠦᠨ ᠤ᠋ ᠬᠠᠮᠳᠤ᠂ ᠲᠣᠰ ᠰᠤᠷᠭᠠᠭᠤᠯᠢ ᠨᠢ ᠳᠤᠮᠳᠠᠳᠤ ᠶ᠋ᠢᠨ ᠰᠢᠯᠢᠳᠡᠭ ᠤᠯᠠᠮᠵᠢᠯᠠᠯᠲᠤ ᠰᠣᠶᠣᠯ ᠢ᠋ ᠤᠯᠠᠮᠵᠢᠯᠠᠨ ᠵᠠᠯᠭᠠᠮᠵᠢᠯᠠᠬᠤ ᠵᠢ ᠰᠤᠷᠭᠠᠨ ᠬᠥᠮᠦᠵᠢᠯ ᠵᠢᠭᠠᠨ ᠰᠤᠷᠭᠠᠯᠲᠠ ᠪᠠ ᠰᠤᠷᠭᠠᠭᠤᠯᠢ ᠶ᠋ᠢᠨ ᠬᠦᠷᠢᠶᠡᠨ ᠤ᠋ ᠰᠣᠶᠣᠯ ᠤ᠋ᠨ ᠪᠠᠢᠭᠤᠯᠤᠯᠲᠠ ᠳ᠋ᠤ ᠣᠷᠭᠠᠨᠢᠭ᠋ ᠶ᠋ᠢᠡᠷ ᠠᠭᠤᠰᠬᠠᠨ ᠣᠷᠣᠭᠤᠯᠵᠤ᠂ ᠳᠤᠮᠳᠠᠳᠤ ᠶ᠋ᠢᠨ ᠰᠣᠩᠭᠣᠳᠠᠭ ᠵᠣᠬᠢᠶᠠᠯ ᠢ᠋ ᠤᠩᠰᠢᠨ ᠰᠤᠨᠢᠷᠠᠬᠬᠤ ᠢᠨᠵᠧᠨᠧᠷᠢᠩ ᠢ᠋ ᠭᠦᠨᠵᠡᠭᠡᠢ ᠬᠡᠷᠡᠭᠵᠢᠭᠦᠯᠦᠨ᠂ ᠰᠣᠩᠭᠣᠳᠠᠭ ᠵᠣᠬᠢᠶᠠᠯ ᠢ᠋ ᠤᠩᠰᠢᠬᠤ ᠪᠠ ᠶᠠᠷᠢᠯᠴᠠᠬᠤ ᠵᠡᠷᠭᠡ ᠬᠡᠯᠪᠡᠷᠢ ᠪᠡᠷ ᠳᠠᠮᠵᠢᠭᠤᠯᠤᠨ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ᠋ ᠳᠦᠬᠡᠮᠡᠯᠵᠢᠬᠦᠯᠵᠦ᠂ ᠮᠠᠰᠢ ᠰᠠᠢᠨ ᠦᠷ᠎ᠡ ᠪᠦᠲᠦᠮᠵᠢ ᠣᠯᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面