ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-07-09 11:32:25

ᠵᠣᠬᠢᠶᠠᠭ᠍ᠴᠢ᠄ ᠪᠥᠸᠧ᠎ᠶ᠋ᠢᠨ ᠹᠸᠩ ᠣᠩᠱᠢᠭ᠍ᠰᠠᠨ ᠣᠳᠠᠭ᠎ᠠ᠄ 3

《ᠪᠢᠴᠢᠬᠠᠨ ᠨᠠᠢᠵᠠ ᠨᠠᠷ᠎ᠤᠨ ᠠᠩᠭᠢ᠎ᠳᠤ ᠶᠠᠮᠠᠷ ᠶᠠᠮᠠᠷ ᠬᠠᠴᠢᠨ ᠰᠣᠨᠢᠷᠬᠠᠯᠲᠠᠶ ᠶᠠᠪᠤᠳᠠᠯ ᠭᠠᠷᠴᠤ ᠦᠨᠭᠭᠡᠷᠡᠭᠰᠡᠨ ᠪᠣᠶ ? ᠶᠠᠷᠢᠭᠠᠳ ᠦᠭᠬᠦᠨ᠎ᠠ ᠦᠦ?》 ᠲᠦᠷᠦᠭᠦᠬᠡᠨ ᠪᠠᠶᠠᠨᠨᠠᠭᠤᠷ ᠬᠣᠲᠠ᠎ᠶ᠋ᠢᠨ ᠤᠷᠠᠳ ᠎ᠤᠨ ᠬᠣᠢᠲᠤ ᠬᠣᠱᠢᠭᠤᠨ ᠎ᠤ ᠨᠢᠭᠡᠳᠦᠭᠡᠷ ᠬᠡᠦᠬᠡᠳ᠎ᠦᠨ ᠴᠡᠴᠡᠷᠯᠢᠭ᠎ᠦᠨ ᠨᠣᠮ ᠤᠩᠱᠢᠬᠤ ᠪᠤᠯᠤᠩ᠎ᠦᠨ ᠬᠠᠵᠠᠭᠤ᠎ᠳᠤ᠂ ᠰᠠᠢᠬᠠᠨᠴᠡᠴᠡᠭ ᠪᠠᠭ᠍ᠰᠢ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠣᠶᠤᠨᠳᠤ ᠲᠤᠰᠠᠯᠠᠬᠤ ᠵᠢᠭᠠᠨ ᠰᠤᠷᠭᠠᠯᠳᠠ᠎ᠶ᠋ᠢᠨ ᠱᠢᠰᠲ᠋ᠧᠮ᠎ᠢ ᠬᠡᠷᠡᠭ᠌ᠯᠡᠨ᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠬᠡᠦᠬᠡᠳ᠎ᠲᠦ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠢᠨᠠᠨ ᠰᠢᠯᠭᠠᠯᠳᠠ ᠬᠢᠵᠦ᠍ ᠪᠠᠢᠯ᠎ᠠ᠃

《ᠪᠢᠳᠡ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠣᠶᠤᠨᠳᠤ ᠲᠤᠰᠠᠯᠠᠬᠤ ᠵᠢᠭᠠᠨ ᠰᠤᠷᠭᠠᠯᠳᠠ ᠵᠢᠨ ᠱᠢᠰᠲ᠋ᠧᠮ᠎ᠳᠦ ᠲᠦᠱᠢᠭ᠌ᠯᠡᠨ᠂ ᠵᠢᠭᠠᠨ ᠰᠤᠷᠭᠠᠯᠳᠠ ᠵᠢᠨ ᠠᠵᠢᠯᠯᠠᠭ᠎ᠠ ᠥᠷᠨᠢᠭᠦᠯᠵᠦ᠍᠂ ᠬᠡᠦᠬᠡᠳ᠎ᠤᠳ᠎ᠦᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠰᠤᠷᠬᠤ ᠴᠢᠭᠯᠡᠬᠦᠯᠦᠯᠳᠦ ᠴᠢᠨᠠᠷ᠂ ᠬᠠᠷᠢᠯᠴᠠᠨ ᠦᠢᠯᠡᠳᠤᠯᠴᠡᠬᠦ ᠴᠢᠨᠠᠷ᠂ ᠴᠠᠭ ᠲᠤᠬᠠᠢᠴᠢ ᠴᠢᠨᠠᠷ᠂ ᠰᠠᠨᠠᠭᠠᠴᠢᠯᠠᠭᠠᠲᠤ ᠴᠢᠨᠠᠷ᠎ᠢ ᠳᠡᠭᠡᠭ᠌ᠰᠢᠯᠡᠭᠦᠯᠵᠦ᠍᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠬᠡᠦᠬᠡᠳ᠎ᠲᠦ ᠬᠡᠯᠡ ᠰᠤᠷᠬᠤ ᠵᠢᠷᠤᠮᠵᠢᠭᠤᠨ ᠣᠷᠴᠢᠨ ᠨᠥᠬᠥᠴᠡᠯ᠎ᠢ ᠪᠣᠶ ᠪᠣᠯᠭᠠᠵᠤ᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠬᠡᠦᠬᠡᠳ᠎ᠦᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠵᠦ ᠪᠠᠢᠨ᠎ᠠ》 ᠭᠡᠵᠦ᠍ ᠰᠠᠢᠬᠠᠨᠴᠡᠴᠡᠭ ᠲᠠᠨᠢᠯᠴᠠᠭᠤᠯᠪᠠ᠃

ᠬᠡᠦᠬᠡᠳ᠎ᠦᠨ ᠴᠡᠴᠡᠷᠯᠢᠭ᠎ᠲᠦ᠂ ᠰᠤᠷᠪᠤᠯᠵᠢᠯᠠᠭ᠍ᠴᠢ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠬᠡᠦᠬᠡᠳ᠎ᠤ᠋ᠤᠨ᠎ᠦᠨ ᠢᠷᠠᠭᠤ ᠴᠡᠭᠡᠯᠬᠡᠨ ᠬᠤᠭᠤᠯᠠᠢ ᠪᠡᠷ ᠬᠡᠦᠭᠡᠳ᠎ᠤᠨ ᠴᠡᠴᠡᠷᠯᠢᠭ ᠵᠢᠡᠨ ᠲᠠᠨᠢᠯᠴᠠᠭᠤᠯᠬᠤ᠂ ᠳᠤᠮᠳᠠᠳᠤ᠎ᠶ᠋ᠢᠨ ᠰᠣᠩᠭᠣᠳᠠᠭ ᠱᠢᠯᠦᠭ ᠳᠠᠭᠤᠯᠠᠯ᠎ᠢ ᠤᠷᠤᠰᠤᠮ᠎ᠠ ᠰᠠᠢᠬᠠᠨ ᠴᠡᠭᠡᠵᠢᠯᠡᠵᠦ ᠪᠠᠢᠬᠤ ᠵᠢ ᠤᠯᠵᠤ ᠬᠠᠷᠠᠯ᠎ᠠ᠃

《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠭ᠍ᠰᠠᠨ᠎ᠤ ᠲᠠᠷᠠᠭ᠎ᠠ᠂ ᠪᠢ ᠬᠡᠦᠬᠡᠳ᠎ᠦᠨ ᠴᠡᠴᠡᠷᠯᠢᠭ᠎ᠦᠨ ᠪᠢᠴᠢᠬᠠᠨ ᠲᠠᠢᠯᠪᠤᠷᠢᠯᠠᠭ᠍ᠴᠢ ᠪᠣᠯᠵᠠᠢ᠂ ᠡᠳᠦᠷ ᠪᠦᠷᠢ ᠰᠤᠷᠭᠠᠭᠤᠯᠢ ᠲᠠᠷᠬᠠᠭᠠᠳ ᠭᠡᠷ᠎ᠲᠡᠬᠡᠨ ᠬᠠᠷᠢᠪᠠᠯ ᠪᠠᠰᠠ ᠳᠡᠭᠦᠦ᠍᠎ᠳᠡᠭᠡᠨ ᠰᠣᠨᠢᠷᠬᠠᠯᠲᠠᠢ ᠦᠯᠢᠭᠡᠷ ᠶᠠᠷᠢᠵᠤ ᠥᠭ᠌ᠳᠡᠭ》 ᠭᠡᠵᠦ᠍ ᠳᠤᠮᠳᠠ ᠬᠣᠶᠠᠳᠤᠭᠠᠷ ᠠᠩᠭᠢ᠎ᠶ᠋ᠢᠨ ᠪᠢᠴᠢᠬᠠᠨ ᠨᠠᠢᠵᠠ ᠵᠢᠪᠬᠤᠭ᠎ᠠ ᠪᠠᠶᠠᠷ ᠲᠠᠢ ᠶᠠᠷᠢᠪᠠ᠃

ᠤᠷᠠᠳ᠎ᠤᠨ ᠬᠣᠢᠲᠤ ᠬᠣᠱᠢᠭᠤᠨ᠎ᠤ ᠨᠢᠭᠡᠳᠦᠭᠡᠷ ᠬᠡᠦᠬᠡᠳ᠎ᠦᠨ ᠴᠡᠴᠡᠷᠯᠢᠭ ᠪᠠᠰᠠ 《ᠲᠣᠩᠱᠢᠭᠤᠯ》 ᠪᠤᠷᠤᠭᠤ ᠦᠰᠦᠭ ᠵᠠᠯᠠᠷᠠᠭᠤᠯᠬᠤ ᠠᠵᠢᠯᠯᠠᠭ᠎ᠠ ᠦᠷᠨᠢᠬᠦᠯᠵᠦ᠂ ᠠᠵᠢᠯᠯᠠᠭᠠᠨ᠎ᠦ ᠲᠠᠰᠤᠭ᠂ ᠠᠰᠠᠷ᠎ᠤᠨ ᠭᠤᠳᠤᠮ᠂ ᠤᠬᠠᠭᠤᠯᠭ᠎ᠠ ᠎ᠶ᠋ᠢᠨ ᠪᠤᠯᠤᠩ ᠵᠡᠷᠭᠡ ᠴᠡᠴᠡᠷᠯᠢᠭ᠎ᠦᠨ ᠳᠣᠲᠣᠷᠠᠬᠢ ᠥᠰᠥᠭ ᠪᠢᠴᠢᠭ᠎ᠲᠡᠶ ᠭᠠᠵᠠᠷ᠎ᠵᠢᠡᠷ ᠳᠤᠭᠤᠢᠯᠠᠩ ᠬᠤᠪᠢᠶᠠᠨ ᠪᠤᠷᠤᠭᠤ᠎ᠦᠰᠦᠭ᠎ᠢ ᠵᠠᠯᠠᠷᠠᠭᠤᠯᠬᠤ ᠪᠠᠢᠴᠠᠭᠠᠯᠳᠠ ᠦᠷᠨᠢᠬᠦᠯᠪᠡ; 《ᠨᠢᠬᠡ ᠎ᠳᠤ ᠨᠢᠭᠡ ᠬᠠᠷᠠᠭᠠᠯᠵᠠᠭᠰᠠᠨ ᠬᠠᠪᠰᠤᠷᠤᠯᠴᠠᠭ᠎ᠠ ᠪᠠᠢᠭᠤᠯᠬᠤ》 ᠬᠠᠪᠰᠤᠷᠤᠨ ᠲᠡᠳᠬᠦᠬᠦ᠌ ᠠᠵᠢᠯᠯᠠᠭ᠎ᠠ ᠥᠷᠨᠢᠭᠦᠯᠵᠦ᠍᠂ ᠪᠠᠭ᠍ᠰᠢ᠎ᠨᠠᠷ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠲᠦᠪᠱᠢᠨ᠎ᠢ ᠳᠡᠭᠡᠭ᠌ᠰᠢᠯᠡᠭᠦᠯᠪᠡ᠃

《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠶᠠᠷᠢᠬᠤ ᠨᠢ ᠦᠭᠡ ᠬᠡᠯᠡᠨ᠎ᠦ ᠬᠥᠭ᠌ᠵᠢᠯᠲᠡ᠎ᠶ᠋ᠢᠨ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠱᠢᠵᠤ ᠪᠦᠬᠦᠢ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠬᠡᠦᠬᠡᠳ᠎ᠤᠳ᠎ᠲᠦ ᠠᠪᠴᠤ ᠬᠡᠯᠡᠪᠡᠯ ᠮᠠᠰᠢ ᠴᠢᠬᠤᠯᠠ ᠶᠤᠮ᠃ ᠬᠣᠢᠱᠢᠳᠠ᠂ ᠪᠢᠳᠡ ᠪᠦᠬᠦ᠌ ᠴᠡᠴᠡᠷᠯᠢᠭ᠎ᠦᠨ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ ᠪᠣᠯᠤᠨ ᠲᠦᠪᠱᠢᠨ᠎ᠢ ᠦᠷᠭᠦᠯᠵᠢᠯᠡᠨ ᠳᠡᠭᠡᠭ᠌ᠰᠢᠯᠡᠭᠦᠯᠦᠨ᠎ᠡ》 ᠭᠡᠵᠦ᠍ ᠤᠷᠠᠳ᠎ᠤᠨ ᠬᠣᠢᠲᠤ ᠬᠣᠱᠢᠭᠤᠨ᠎ᠤ ᠨᠢᠭᠡᠳᠦᠭᠡᠷ ᠬᠡᠦᠬᠡᠳ᠎ᠦᠨ ᠴᠡᠴᠡᠷᠯᠢᠭ᠎ᠦᠨ ᠳᠡᠳ᠋ ᠳᠠᠷᠤᠭ᠎ᠠ ᠬᠠᠰᠵᠤᠯᠠ ᠬᠡᠯᠡᠪᠡ᠃

ᠤᠷᠠᠳ᠎ᠤᠨ ᠬᠣᠢᠲᠤ ᠬᠣᠱᠢᠭᠤᠨ᠎ᠤ ᠨᠢᠭᠡᠳᠦᠭᠡᠷ ᠬᠡᠦᠬᠡᠳ᠎ᠦᠨ ᠴᠡᠴᠡᠷᠯᠢᠭ ᠵᠢᠯ ᠪᠦᠷᠢ 15% ᠵᠢᠨ ᠠᠰᠠᠷᠠᠨ ᠬᠥᠮᠦᠵᠢᠭᠦᠯᠬᠦ᠌ ᠵᠠᠷᠤᠳᠠᠯ᠎ᠢ ᠲᠤᠰᠭᠠᠢᠯᠠᠨ ᠦᠭᠡ ᠬᠡᠯᠡ ᠥᠰᠥᠭ ᠪᠢᠴᠢᠭ᠎ᠦᠨ ᠠᠵᠢᠯ᠎ᠳᠤ ᠬᠡᠷᠡᠭ᠌ᠯᠡᠬᠦ᠌᠎ᠶ᠋ᠢᠨ ᠬᠠᠮᠲᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ᠌ ᠪᠠ ᠳᠦᠷᠢᠮᠵᠢᠭ᠌ᠰᠡᠨ ᠬᠢᠲᠠᠳ ᠥᠰᠥᠭ ᠎ᠢ ᠳᠡᠯᠭᠡᠷᠡᠭᠦᠯᠬᠦ᠌ ᠬᠠᠮᠢᠶ᠎ᠠ ᠪᠥᠬᠥᠶ ᠲᠦᠷᠢᠮ ᠎ᠢ ᠲᠤᠬᠳᠠᠭᠠᠬᠰᠠᠨ ᠪᠠᠢᠨ᠎ᠠ᠃ ᠳᠡᠷᠡᠴᠢᠯᠡᠨ 88 ᠲᠡᠭ᠌ᠰᠢ ᠳᠥᠷᠪᠡᠯᠵᠢᠨ ᠮᠸᠲᠷ ᠲᠠᠯᠠᠪᠠᠢ ᠪᠦᠬᠦᠢ ᠤᠯᠠᠨ ᠨᠡᠢᠲᠡ᠎ᠶ᠋ᠢᠨ ᠤᠩᠱᠢᠯᠭ᠎ᠠ᠎ᠶ᠋ᠢᠨ ᠲᠣᠭᠣᠷᠢᠭ ᠭᠠᠷᠭᠠᠵᠤ᠂ 《ᠬᠤᠪᠢᠰᠭᠠᠯ᠎ᠤᠨ ᠰᠣᠩᠭᠣᠳᠠᠭ ᠵᠣᠬᠢᠶᠠᠯ᠎ᠢ ᠤᠩᠱᠢᠵᠤ᠂ ᠬᠤᠪᠢᠰᠬᠠᠯᠳᠤ ᠵᠣᠷᠢᠭ ᠰᠠᠨᠠᠭ᠎ᠠ᠎ᠶ᠋ᠢ ᠤᠯᠠᠮᠵᠢᠯᠠᠬᠤ》 ᠨᠣᠮ ᠤᠩᠱᠢᠬᠤ ᠪᠤᠯᠤᠩ ᠭᠠᠷᠭᠠᠵᠤ᠂ 3600 ᠭᠠᠷᠤᠢ ᠨᠣᠮ ᠬᠤᠳᠠᠯᠳᠤᠨ ᠠᠪᠴᠤ᠌᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠬᠡᠦᠬᠡᠳ᠎ᠲᠦ ᠦᠭᠡ ᠬᠡᠯᠡ ᠦᠰᠦᠭ ᠪᠢᠴᠢᠭ ᠰᠤᠷᠬᠤ ᠰᠠᠢ᠌ᠨ ᠰᠠᠢᠬᠠᠨ ᠣᠷᠴᠢᠨ ᠲᠣᠭᠣᠷᠢᠨ᠎ᠢ ᠡᠬᠦᠳᠴᠦ ᠥᠭᠭᠦᠭᠰᠡᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面