2025-05-25 12:41:54
《ᠳᠡᠯᠡᠬᠡᠢ᠎ᠶ᠋ᠢᠨ ᠪᠥᠮᠪᠥᠷᠴᠡᠭ᠎ᠡᠴᠡ ᠨᠢᠰᠦᠨ ᠭᠠᠷᠴᠤ᠂ ᠰᠠᠨᠰᠠᠷ ᠤᠷᠴᠢᠯᠠᠩ᠎ᠢᠶᠠᠷ ᠠᠶᠠᠯᠠᠬᠤ ᠪᠣᠯ ᠳᠤᠮᠳᠠᠳᠤ᠎ᠶ᠋ᠢᠨ ᠦᠨᠳᠦᠰᠦᠲᠡᠨ᠎ᠦ ᠥᠨᠢ ᠤᠳᠠᠭᠠᠨ ᠵᠢᠯ᠎ᠦᠨ ᠬᠦᠰᠡᠯ ᠵᠡᠭᠦᠳᠦ ᠮᠥᠨ᠃ ᠡᠷᠲᠡᠨ᠎ᠦ ᠦᠶ᠎ᠡ᠎ᠳᠦ ᠳᠠᠷᠤᠢ 〈ᠴᠠᠩ ᠧ ᠰᠠᠷᠠᠨ᠎ᠳᠤ ᠳᠡᠭᠦᠯᠢᠭ᠌ᠰᠡᠨ〉 ᠲᠤᠮᠤᠭ ᠪᠠᠢᠵᠤ᠂ ᠵᠠᠷᠢᠮ ᠨᠢ ᠣᠭ᠍ᠲᠠᠷᠭᠤᠢ᠎ᠳᠤ ᠳᠡᠭᠦᠯᠢᠨ ᠨᠢᠰᠴᠦ᠍᠂ ᠣᠭ᠍ᠲᠠᠷᠭᠤᠢ᠎ᠳᠤ ᠲᠡᠷᠭᠡ ᠬᠦᠯᠭᠡᠯᠡᠭᠰᠡᠨ ᠲᠤᠮᠤᠭ ᠶᠠᠷᠢᠬᠳᠠᠵᠤ᠂ ᠪᠠᠰᠠ〈ᠳᠠᠶᠤᠩᠭᠠ ᠭᠠᠷᠤᠳᠢ ᠵᠢᠭᠦᠷ᠎ᠢᠶᠡᠨ ᠳᠡᠯᠭᠡᠬᠦ〉᠂ 〈ᠲᠩᠷᠢ ᠲᠡᠭᠡᠷ᠎ᠡ ᠡᠴᠡ ᠰᠠᠷ᠎ᠠ ᠵᠢ ᠰᠢᠬᠦᠷᠬᠦ〉 ᠵᠡᠷᠭᠡ ᠭᠠᠢᠬᠠᠮᠱᠢᠭ᠍ᠲᠤ ᠬᠦᠰᠡᠯ ᠲᠠᠭᠠᠮᠠᠭ᠍ᠯᠠᠯᠢ ᠡᠪᠦᠷᠯᠡᠨ ᠪᠠᠢᠬᠰᠠᠨ ᠁》᠃ 4 ᠰᠠᠷ᠎ᠠ᠎ᠶ᠋ᠢᠨ 10 ᠤ᠋ ᠡᠳᠦᠷ᠂ ᠪᠠᠶᠠᠨᠨᠠᠭᠤᠷ ᠬᠤᠳᠠ᠎ᠶ᠋ᠢᠨ ᠤᠷᠠᠳ᠎ᠤᠨ ᠬᠣᠢᠲᠤ ᠬᠣᠱᠢᠭᠤᠨ᠎ᠤ ᠭᠤᠷᠪᠠᠳᠤᠭᠠᠷ ᠪᠦᠷᠢᠨ ᠪᠠᠭ᠎ᠠ ᠰᠤᠷᠭᠠᠭᠤᠯᠢ ᠵᠢᠨ ᠳᠥᠷᠪᠡᠳᠦᠭᠡᠷ ᠣᠨ᠎ᠤ ᠭᠤᠷᠪᠠᠳᠤᠭᠠᠷ ᠠᠩᠬᠢ ᠵᠢᠨ ᠬᠡᠷ᠎ᠡᠴᠡ ᠨᠣᠮ ᠤᠩᠱᠢᠬᠤ ᠲᠠᠭᠤᠨ ᠴᠤᠤᠷᠢᠶᠠᠳᠤᠨ ᠰᠣᠨᠣᠰᠳᠠᠨ᠎ᠠ᠃
ᠰᠤᠷᠤᠭ᠍ᠴᠢ ᠨᠢᠭᠡ ᠪᠦᠷᠢ᠎ᠶ᠋ᠢᠨ ᠡᠮᠦᠨ᠎ᠡ ᠵᠦᠪ ᠤᠩᠰᠢᠯᠭ᠎ᠠ ᠵᠢᠨ ᠤᠶᠤᠨᠳᠤ ᠠᠪᠢᠶ᠎ᠠ ᠵᠢᠭᠠᠬᠤ ᠪᠠᠭᠠᠵᠢ ᠲᠠᠯᠪᠢᠭ᠍ᠳᠠᠵᠤ᠂ ᠰᠤᠷᠤᠭ᠍ᠴᠢ ᠡᠴᠡ ᠪᠤᠷᠤᠭᠤ ᠤᠩᠱᠢᠬᠤ ᠦᠶ᠎ᠡ᠎ᠳᠦ᠂ ᠬᠠᠷᠠᠭᠠᠯᠵᠠᠭ᠍ᠰᠠᠨ ᠬᠢᠲᠠᠳ ᠦᠰᠦᠭ᠎ᠦᠨ ᠳᠡᠷᠭᠡᠳᠡ᠎ᠨᠢ ᠪᠤᠷᠤᠭᠤᠳᠠᠭᠰᠠᠨ ᠲᠡᠮᠳᠡᠭ ᠢᠯᠡᠷᠡᠳᠡᠭ᠃
《ᠵᠦᠪ ᠤᠩᠰᠢᠯᠭ᠎ᠠ ᠵᠢᠨ ᠤᠶᠤᠨᠲᠤ ᠠᠪᠢᠶᠠᠵᠢᠭᠠᠬᠤ ᠪᠠᠭᠠᠵᠢ ᠪᠣᠯ ᠠᠪᠢᠶ᠎ᠠ᠎ᠶ᠋ᠢ ᠢᠯᠭᠠᠨ ᠲᠠᠨᠢᠬᠤ ᠪᠠ ᠦᠢᠯᠡᠳᠦᠯᠴᠡᠨ ᠰᠣᠯᠢᠯᠴᠠᠬᠤ ᠴᠢᠳᠠᠮᠵᠢ᠎ᠲᠠᠶ ᠤᠶᠤᠨᠲᠤ ᠰᠤᠷᠭᠠᠨ ᠬᠥᠮᠦᠵᠢᠯ᠎ᠦᠨ ᠪᠠᠭᠠᠵᠢ ᠮᠥᠨ᠂ ᠲᠡᠷᠡ ᠨᠢ ᠰᠤᠷᠤᠭ᠍ᠴᠢᠳ᠎ᠢ ᠬᠠᠪᠰᠤᠷᠤᠨ ᠦᠭᠡ ᠬᠡᠯᠡ᠎ᠶ᠋ᠢ ᠨᠡᠩ ᠰᠠᠢ᠌ᠳᠤᠷ ᠰᠤᠷᠤᠯᠴᠠᠭᠤᠯᠬᠤ ᠪᠠ ᠶᠠᠷᠢᠶᠠᠨ᠎ᠤ ᠬᠡᠯᠡᠨ᠎ᠦ ᠢᠯᠡᠳᠭᠡᠬᠦ᠌ ᠴᠢᠳᠠᠪᠤᠷᠢ᠎ᠶ᠋ᠢ ᠨᠢ ᠳᠡᠭᠡᠭ᠌ᠰᠢᠯᠡᠭᠦᠯᠵᠦ᠍ ᠪᠣᠯᠤᠨ᠎ᠠ᠃ ᠵᠢᠭᠠᠬᠤ ᠪᠠᠭᠠᠵᠢ᠎ᠶ᠋ᠢᠨ ᠱᠢᠰᠲ᠋ᠧᠮ ᠨᠢ ᠰᠤᠷᠤᠭ᠍ᠴᠢᠳ᠎ᠤᠨ ᠶᠠᠷᠢᠶᠠᠨ᠎ᠤ ᠬᠡᠯᠡᠨ᠎ᠦ ᠤᠩᠰᠢᠯᠭ᠎ᠠ ᠳ᠋ᠤ ᠴᠠᠭ ᠲᠤᠬᠠᠢᠳᠤᠨᠢ ᠬᠠᠷᠢᠭᠤ ᠲᠤᠰᠭᠠᠯ ᠦᠬᠴᠦ᠂ ᠲᠡᠳᠡᠨ᠎ᠢ ᠬᠠᠪᠰᠤᠷᠤᠨ ᠦᠭᠡ ᠬᠡᠯᠡᠨ᠎ᠦ ᠮᠡᠳᠡᠯᠭᠡ ᠪᠠ ᠤᠷ᠎ᠠ ᠴᠢᠳᠠᠪᠦᠷᠢ ᠵᠢ ᠨᠠᠩ ᠰᠠᠢᠨ ᠡᠵᠡᠮᠱᠢᠭᠦᠯᠬᠦ ᠪᠣᠯᠤᠨ᠎ᠠ》᠃ ᠲᠣᠰ ᠰᠤᠷᠭᠠᠭᠤᠯᠢ᠎ᠶ᠋ᠢᠨ ᠵᠠᠬᠢᠷᠤᠯ ᠯᠢᠦ ᠱᠢᠤ ᠴᠢᠨ ᠲᠠᠨᠢᠯᠴᠠᠭᠤᠯᠬᠤ᠎ᠳᠠᠭᠠᠨ᠂ ᠲᠣᠰ ᠵᠢᠭᠠᠬᠤ ᠪᠠᠭᠠᠵᠢ᠎ᠶ᠋ᠢᠨ ᠱᠢᠰᠲ᠋ᠧᠮ ᠨᠢ ᠪᠠᠰᠠ ᠰᠤᠷᠤᠭ᠍ᠴᠢᠳ᠎ᠤᠨ ᠰᠤᠷᠤᠯᠭ᠎ᠠ᠎ᠶ᠋ᠢᠨ ᠪᠠᠢᠳᠠᠯ᠎ᠢ ᠦᠨᠳᠦᠰᠦᠯᠡᠨ ᠥᠪᠡᠷᠮᠢᠴᠡ ᠣᠨᠴᠠᠯᠢᠭ᠎ᠲᠠᠶ ᠰᠤᠷᠤᠯᠴᠠᠬᠤ ᠲᠥᠯᠥᠪᠯᠡᠭᠡ ᠲᠣᠭ᠍ᠲᠠᠭᠠᠬᠤ᠎ᠶ᠋ᠢᠨ ᠬᠠᠮᠲᠤ ᠬᠠᠨᠳᠤᠯᠭᠠᠲᠤ ᠴᠢᠨᠠᠷᠲᠠᠶ ᠰᠤᠷᠤᠯᠭ᠎ᠠ᠎ᠶ᠋ᠢᠨ ᠬᠠᠪᠰᠤᠷᠤᠮᠵᠢ ᠮᠠᠲ᠋ᠧᠷᠢᠶᠠᠯ ᠬᠠᠩᠭᠠᠵᠤ᠂ ᠪᠠᠭ᠍ᠰᠢ ᠰᠤᠷᠤᠭ᠍ᠴᠢᠳ᠎ᠢ ᠬᠠᠪᠰᠤᠷᠤᠨ ᠦᠭᠡ ᠬᠡᠯᠡᠨ᠎ᠦ ᠴᠢᠳᠠᠪᠤᠷᠢ᠎ᠶ᠋ᠢ ᠨᠢ ᠨᠠᠩ ᠪᠦᠲᠦᠮᠵᠢᠲᠡᠶ᠎ᠪᠡᠷ ᠳᠡᠭᠡᠭ᠌ᠰᠢᠯᠡᠭᠦᠯᠵᠦ᠍ ᠪᠣᠯᠤᠨ᠎ᠠ ᠭᠡᠵᠡᠶ᠃
ᠤᠢ᠍ᠢᠷ᠎ᠠ᠎ᠶ᠋ᠢᠨ ᠵᠢᠯ᠎ᠳᠦ᠂ ᠤᠷᠠᠳ᠎ᠤᠨ ᠬᠣᠢᠲᠤ ᠬᠣᠱᠢᠭᠤ ᠦᠭᠡ ᠬᠡᠯᠡ ᠦᠰᠦᠭ ᠪᠢᠴᠢᠭ᠎ᠦᠨ ᠳᠦᠷᠢᠮᠵᠢᠯ᠎ᠦᠨ ᠠᠵᠢᠯ᠎ᠢ ᠡᠳᠦᠷ ᠳᠤᠳᠤᠮ᠎ᠤᠨ ᠵᠢᠭᠠᠨ ᠰᠤᠷᠭᠠᠯᠲᠠ ᠳ᠋ᠠᠭᠠᠨ ᠠᠭᠤᠰᠤᠯᠴᠠᠭᠤᠯᠵᠤ᠂《ᠰᠤᠷᠭᠠᠭᠤᠯᠢ ᠵᠢᠨ ᠨᠠᠰᠤᠨ᠎ᠡᠴᠡ ᠡᠮᠦᠨᠡᠬᠢ ᠲᠤᠰᠠᠯᠠᠬᠤ ᠰᠤᠷᠭᠠᠨ ᠬᠥᠮᠦᠵᠢᠯ᠎ᠦᠨ ᠱᠢᠰᠲ᠋ᠧᠮ》᠂《ᠨᠢᠭᠡᠳᠦᠯᠲᠡᠢ ᠨᠠᠢᠷᠠᠭᠤᠯᠵᠤ ᠬᠢᠴᠢᠶᠡᠯ ᠪᠡᠯᠡᠳᠭᠡᠵᠤ ᠬᠢᠴᠢᠶᠡᠯ ᠵᠢᠭᠠᠬᠤ ᠱᠢᠰᠲ᠋ᠧᠮ》᠂《ᠳᠤᠮᠳᠠᠳᠤ ᠪᠠᠭ᠎ᠠ ᠰᠤᠷᠭᠠᠭᠤᠯᠢ᠎ᠶ᠋ᠢᠨ ᠦᠭᠡ ᠬᠡᠯᠡ ᠦᠰᠦᠭ ᠪᠢᠴᠢᠭ᠎ᠦᠨ ᠲᠤᠰᠭᠠᠢ ᠰᠡᠳᠦᠪᠲᠦ ᠬᠢᠴᠢᠶᠡᠯ᠎ᠦᠨ ᠲᠠᠩᠬᠢᠮ》 ᠢ᠋ ᠠᠱᠢᠭ᠍ᠯᠠᠨ ᠬᠢᠴᠢᠶᠡᠯ ᠪᠡᠯᠡᠳᠭᠡᠬᠦ᠌᠂ ᠬᠢᠴᠢᠶᠡᠯ ᠣᠷᠣᠬᠤ᠂ ᠵᠢᠭᠠᠨ ᠰᠤᠳᠤᠯᠬᠤ᠂ ᠨᠢᠭᠡᠴᠢ᠎ᠶ᠋ᠢᠨ ᠱᠢᠯᠭᠠᠯᠲᠠ ᠬᠢᠬᠦ᠌᠂ ᠠᠳᠠᠯᠢ ᠠᠯᠬᠤᠮ᠎ᠢᠶᠠᠷ ᠪᠣᠯᠪᠠᠰᠤᠷᠠᠯ ᠬᠢᠬᠦ᠌ ᠵᠡᠷᠭᠡ ᠠᠵᠢᠯᠦᠷᠨᠢᠬᠦᠯᠵᠦ ᠂ ᠡᠳᠦᠷ ᠳᠤᠳᠤᠮ᠎ᠤᠨ ᠵᠢᠭᠠᠨ ᠰᠤᠷᠭᠠᠯᠲᠠ ᠳᠤᠮᠳᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠬᠠᠷᠠᠯᠲᠠ᠎ᠶ᠋ᠢ ᠦᠨᠡᠨ ᠬᠦ᠌ ᠨᠠᠢᠳᠠᠪᠤᠷᠢᠵᠢᠭᠤᠯᠵᠤ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠵᠢᠡᠷ ᠦᠵᠡᠯ ᠰᠠᠨᠠᠭ᠎ᠠ᠎ᠪᠠᠨ ᠢᠯᠡᠳᠭᠡᠬᠦ᠌᠂ ᠪᠤᠳᠤᠯ ᠰᠠᠨᠠᠭ᠎ᠠ ᠪᠠᠨ ᠤᠯᠤᠯᠴᠠᠨ ᠰᠣᠯᠢᠯᠴᠠᠬᠤ ᠴᠢᠳᠠᠪᠤᠷᠢ᠎ᠶ᠋ᠢ ᠨᠡᠮᠡᠭ᠌ᠳᠡᠭᠦᠯᠪᠡ᠃
ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠢ ᠦᠨᠡᠨ ᠬᠦ᠌ ᠰᠠᠢᠲᠤᠷ ᠬᠢᠬᠦ᠌᠎ᠶ᠋ᠢᠨ ᠲᠥᠯᠥᠭᠡ᠂ ᠤᠷᠠᠳ᠎ᠤᠨ ᠬᠣᠢᠲᠤ ᠬᠣᠱᠢᠭᠤ ᠰᠤᠷᠭᠠᠭᠤᠯᠢ᠎ᠶ᠋ᠢᠨ ᠬᠠᠷᠢᠭᠤᠴᠠᠯᠭᠠᠲᠠᠨ ᠡᠴᠡ ᠪᠠᠭ᠍ᠰᠢ ᠵᠢ ᠳᠠᠭᠠᠭᠠᠴᠢᠯᠠᠨ ᠬᠠᠷᠢᠯᠴᠠᠬᠤ᠂ ᠪᠠᠭ᠍ᠰᠢ ᠡᠴᠡ ᠰᠤᠷᠤᠭ᠍ᠴᠢ ᠵᠢ ᠳᠠᠭᠠᠭᠠᠴᠢᠯᠠᠨ ᠬᠠᠷᠢᠯᠴᠠᠬᠤ ᠵᠢᠭᠠᠨ ᠰᠤᠷᠭᠠᠯᠲᠠ᠎ᠶ᠋ᠢᠨ ᠳᠠᠭᠠᠭᠠᠴᠢᠯᠠᠨ ᠬᠠᠷᠢᠯᠴᠠᠬᠤ ᠲᠣᠭ᠍ᠲᠠᠴᠠ᠎ᠶ᠋ᠢ ᠪᠠᠢᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠠᠵᠢᠯ᠎ᠢ ᠦᠷᠭᠦᠯᠵᠢᠯᠡᠨ ᠠᠬᠢᠭᠤᠯᠪᠠ᠃ ᠤᠷᠠᠳ᠎ᠤᠨ ᠬᠣᠢᠲᠤ ᠬᠣᠱᠢᠭᠤᠨ᠎ᠤ ᠰᠤᠷᠭᠠᠨ ᠬᠥᠮᠦᠵᠢᠯ᠎ᠦᠨ ᠲᠣᠪᠴᠢᠶᠠᠨ᠎ᠤ ᠳᠡᠳ᠋ ᠳᠠᠷᠤᠭ᠎ᠠ ᠱ᠌ᠢ ᠯᠦ᠍᠄ 《ᠰᠤᠷᠭᠠᠭᠤᠯᠢ᠎ᠶ᠋ᠢᠨ ᠵᠢᠭᠠᠨ ᠰᠤᠷᠭᠠᠯᠲᠠ᠎ᠶ᠋ᠢᠨ ᠳᠠᠭᠠᠭᠠᠴᠢᠯᠠᠨ ᠬᠠᠷᠢᠯᠴᠠᠬᠤ ᠲᠣᠭ᠍ᠲᠠᠴᠠ᠎ᠡᠴᠡ ᠭᠠᠳᠠᠨ᠎ᠠ᠂ ᠮᠠᠨ᠎ᠤ ᠬᠣᠱᠢᠭᠤ ᠪᠠᠰᠠ ᠬᠣᠱᠢᠭᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠡᠴᠡ ᠰᠤᠷᠭᠠᠭᠤᠯᠢ ᠲᠠᠢ ᠳᠠᠭᠠᠭᠠᠴᠢᠯᠠᠨ ᠬᠠᠷᠢᠯᠴᠠᠬᠤ᠂ ᠬᠣᠱᠢᠭᠤᠨ᠎ᠤ ᠰᠤᠷᠭᠠᠨ ᠬᠥᠮᠦᠵᠢᠯ᠎ᠦᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠡᠴᠡ ᠰᠤᠷᠭᠠᠭᠤᠯᠢ ᠵᠢ ᠳᠠᠭᠠᠭᠠᠴᠢᠯᠠᠨ ᠬᠠᠷᠢᠯᠴᠠᠬᠤ ᠲᠣᠭ᠍ᠲᠠᠴᠠ᠎ᠶ᠋ᠢ ᠪᠠᠢᠭᠤᠯᠵᠤ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠵᠢᠴᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠡᠭᠦᠷᠭᠡ᠎ᠶ᠋ᠢ ᠲᠡᠷᠡ ᠶᠣᠰᠣᠭᠠᠷ᠎ᠨᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠵᠤ ᠪᠤᠢ》 ᠭᠡᠵᠦ ᠲᠠᠨᠢᠯᠴᠠᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃