ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2025-06-02 12:24:45

ᠵᠣᠬᠢᠶᠠᠭ᠍ᠴᠢ᠄ ᠱᠢᠤᠸᠠᠢ ᠢ ᠴᠢᠶᠦ᠋ᠨ᠂ ᠯᠢᠦ ᠬᠣᠩ ᠵᠢᠶᠧ ᠣᠩᠱᠢᠭ᠍ᠰᠠᠨ ᠣᠳᠠᠭ᠎ᠠ᠄ 3

《ᠰᠤᠷᠤᠭᠴᠢ ᠨᠦᠬᠦᠳ ᠡ᠂ ᠦᠨᠦᠳᠦᠷ ᠪᠠᠭᠰᠢ ᠨᠢ ᠲᠠ ᠨᠠᠷ ᠲᠠᠭᠠᠨ ᠨᠢᠭᠡᠨ ᠭᠠᠢᠬᠠᠮᠰᠢᠭᠲᠠᠢ ᠭᠠᠵᠠᠷ ᠢ᠋ ᠲᠠᠨᠢᠯᠴᠠᠭᠤᠯᠤᠶ᠎ᠡ ! ᠪᠢᠳᠡ ᠡᠳᠦᠷ ᠪᠦᠷᠢ ᠰᠤᠷᠭᠠᠭᠤᠯᠢ ᠲᠠᠷᠬᠠᠭᠠᠳ ᠭᠡᠷ ᠲᠡᠭᠡᠨ ᠬᠠᠷᠢᠳᠠᠭ᠂ ᠲᠡᠭᠡᠪᠡᠯ ᠪᠢᠳᠡᠨ ᠤ᠋ ᠬᠡᠷᠡᠭᠯᠡᠳᠡᠭ ᠪᠢᠷ ᠬᠠᠷᠠᠨᠲᠠ᠂ ᠪᠠᠯᠠᠯᠤᠭᠤᠷ᠂ ᠱᠤᠭᠤᠮ ᠵᠡᠷᠭᠡ ᠪᠢᠴᠢᠭ ᠤ᠋ᠨ ᠭᠡᠷᠡᠭᠰᠡᠯ᠎ᠦᠳ ᠦᠪᠡᠷ ᠤ᠋ᠨ ᠭᠡᠰᠡᠨ ᠭᠡᠷ ᠪᠠᠢᠳᠠᠭ ᠪᠤᠯ ᠤᠤ?》 ᠭᠡᠬᠦ ᠪᠠᠭᠰᠢ ᠶ᠋ᠢᠨ ᠶᠠᠷᠢᠶ᠎ᠠ ᠵᠢ ᠳᠠᠭᠠᠯᠳᠤᠨ᠂ ᠦᠪᠡᠷᠮᠢᠴᠡ ᠤᠨᠴᠠᠯᠢᠭ ᠲᠠᠢ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤ᠋ᠨ ᠵᠢᠭᠠᠨ ᠰᠤᠷᠭᠠᠯᠲᠠ ᠶ᠋ᠢᠨ ᠰᠤᠳᠤᠯᠤᠨ ᠶᠠᠷᠢᠯᠴᠠᠬᠤ ᠠᠵᠢᠯᠯᠠᠭ᠎ᠠ ᠲᠦᠡᠭᠯᠢᠶᠤᠤ ᠬᠤᠲᠠ ᠶ᠋ᠢᠨ ᠬᠤᠷᠴᠢᠨ ᠵᠡᠭᠦᠨ ᠭᠠᠷᠤᠨ ᠬᠤᠢᠲᠤ ᠬᠤᠰᠢᠭᠤᠨ ᠳ᠋ᠦ ᠡᠬᠢᠯᠡᠪᠡ᠃

ᠲᠦᠷᠦᠬᠦᠬᠡᠨ᠂ ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠤ᠋ ᠴᠢᠯᠠᠭᠤᠲᠤ ᠪᠠᠯᠭᠠᠰᠤᠨ ᠤ᠋ ᠭᠤᠤᠯ ᠪᠠᠭ᠎ᠠ ᠰᠤᠷᠭᠠᠭᠤᠯᠢ ᠶ᠋ᠢᠨ ᠬᠢᠴᠢᠶᠡᠯ ᠤ᠋ᠨ ᠲᠠᠩᠬᠢᠮ ᠳ᠋ᠦ ᠬᠥᠷ ᠬᠥᠭ᠌ᠵᠢᠶᠡᠨ ᠶ᠋ᠢᠡᠷ ᠪᠢᠯᠬᠠᠨ᠎ᠠ᠃ ᠭᠠᠨᠵᠤᠭ᠎ᠠ ᠪᠠᠯᠭᠠᠰᠤᠨ ᠤ᠋ ᠭᠤᠷᠪᠠᠳᠤᠭᠠᠷ ᠪᠠᠭ᠎ᠠ ᠰᠤᠷᠭᠠᠭᠤᠯᠢ᠂ ᠴᠠᠩ ᠱᠧᠩ ᠪᠠᠯᠭᠠᠰᠤᠨ ᠤ᠋ ᠭᠣᠣᠯ ᠪᠠᠭ᠎ᠠ ᠰᠤᠷᠭᠠᠭᠤᠯᠢ᠂ ᠪᠠᠶᠠᠨᠮᠤᠳᠤ ᠰᠤᠮᠤ ᠶ᠋ᠢᠨ ᠭᠣᠣᠯ ᠪᠠᠭ᠎ᠠ ᠰᠤᠷᠭᠠᠭᠤᠯᠢ᠂ ᠴᠢᠯᠠᠭᠤᠲᠤ ᠪᠠᠯᠭᠠᠰᠤᠨ ᠤ᠋ ᠱᠢᠷᠠᠳᠠᠯ᠎ᠠ ᠭᠣᠣᠯ ᠪᠠᠭ᠎ᠠ ᠰᠤᠷᠭᠠᠭᠤᠯᠢ ᠵᠡᠷᠭᠡ ᠤᠯᠠᠨ ᠰᠤᠷᠭᠠᠭᠤᠯᠢ ᠶ᠋ᠢᠨ ᠲᠤᠬᠠᠢᠯᠠᠭ᠍ᠰᠠᠨ ᠠᠵᠢᠯ ᠤ᠋ᠨ ᠤᠳᠤᠷᠢᠳᠤᠯᠭ᠎ᠠ ᠪᠣᠯᠤᠨ ᠬᠡᠯᠡ ᠪᠢᠴᠢᠭ ᠤ᠋ᠨ ᠵᠢᠭᠠᠨ ᠰᠤᠷᠭᠠᠯᠲᠠ ᠶ᠋ᠢᠨ ᠪᠠᠭᠰᠢ ᠨᠠᠷ ᠨᠢᠭᠡ ᠲᠠᠩᠬᠢᠮ ᠳ᠋ᠦ ᠴᠤᠭ᠍ᠯᠠᠷᠠᠵᠤ᠂ ᠠᠳᠠᠯᠢ ᠬᠢᠴᠢᠶᠡᠯ ᠢ᠋ ᠵᠥᠷᠢᠶᠡᠴᠢᠯᠡᠭᠰᠡᠨ ᠬᠡᠯᠪᠡᠷᠢ᠎ᠪᠡᠷ ᠵᠢᠭᠠᠨ ᠰᠤᠳᠤᠯᠬᠤ ᠠᠵᠢᠯᠯᠠᠭ᠎ᠠ ᠥᠷᠨᠢᠭᠦᠯᠵᠦ᠍᠂ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠵᠢᠭᠠᠨ ᠰᠤᠷᠭᠠᠯᠲᠠ ᠳ᠋ᠦ ᠴᠣ ᠱᠢᠨ᠎ᠡ ᠠᠮᠢᠵᠢᠷᠠᠯ ᠤ᠋ᠨ ᠬᠦᠴᠦᠨ ᠨᠡᠮᠡᠷᠢᠯᠡᠪᠡ᠃

ᠠᠵᠢᠯᠯᠠᠭ᠎ᠠ᠎ᠨᠢ ᠨᠢᠭᠡᠳᠦᠭᠡᠷ ᠣᠨ ᠤ᠋ ᠬᠢᠲᠠᠳ ᠬᠡᠯᠡ ᠪᠢᠴᠢᠭ ᠤ᠋ᠨ ᠬᠢᠴᠢᠶᠡᠯ 《ᠪᠢᠴᠢᠭ ᠤ᠋ᠨ ᠬᠡᠷᠡᠭ᠌ᠰᠡᠯ ᠤ᠋ᠨ ᠬᠡᠷ》 ᠶ᠋ᠢᠡᠷ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠵᠢᠭᠠᠨ ᠰᠤᠷᠭᠠᠯᠲᠠ ᠶ᠋ᠢᠨ ᠭᠤᠤᠯᠳᠠᠯᠭ᠎ᠠ᠎ᠲᠠᠶ ᠬᠢᠴᠢᠶᠡᠯ ᠤ᠋ᠨ ᠵᠢᠱ᠌ᠢᠶ᠎ᠡ ᠪᠣᠯᠭᠠᠵᠤ᠂ ᠴᠢᠯᠠᠭᠤᠲᠤ ᠪᠠᠯᠭᠠᠰᠤᠨ ᠤ᠋ ᠭᠤᠤᠯ ᠪᠠᠭ᠎ᠠ ᠰᠤᠷᠭᠠᠭᠤᠯᠢ ᠶ᠋ᠢᠨ ᠪᠠᠭ᠍ᠰᠢ ᠬᠠᠰᠲᠠᠨ᠎ᠠ ᠪᠣᠯᠤᠨ ᠭᠠᠨᠵᠤᠭ᠎ᠠ ᠪᠠᠯᠭᠠᠰᠤᠨ ᠤ᠋ ᠭᠤᠷᠪᠠᠳᠤᠭᠠᠷ ᠪᠠᠭ᠎ᠠ ᠰᠤᠷᠭᠠᠭᠤᠯᠢ ᠶ᠋ᠢᠨ ᠪᠠᠭ᠍ᠰᠢ ᠵᠠᠩ ᠲᠠᠶ ᠷᠦᠢ ᠲᠣᠰ ᠲᠣᠰ ᠬᠢᠴᠢᠶᠠᠯ ᠤᠷᠤᠪᠠ᠃ ᠬᠣᠶᠠᠷ ᠪᠠᠭ᠍ᠰᠢ ᠠᠳᠠᠯᠢ ᠨᠢᠭᠡᠨ ᠵᠢᠭᠠᠨ ᠰᠤᠷᠭᠠᠯᠲᠠ ᠶ᠋ᠢᠨ ᠠᠭᠤᠯᠭ᠎ᠠ ᠳ᠋ᠦ ᠰᠠᠭᠤᠷᠢᠯᠠᠨ᠂ ᠠᠳᠠᠯᠢ ᠪᠤᠰᠤ ᠬᠠᠷᠠᠭᠠᠰᠤ᠎ᠠᠴᠠ ᠡᠭᠦᠰᠴᠦ᠍᠂ ᠥᠪᠡᠷ ᠥᠪᠡᠷ ᠤ᠋ᠨ ᠵᠢᠭᠠᠨ ᠰᠤᠷᠭᠠᠯᠲᠠ ᠶ᠋ᠢᠨ ᠤᠨᠴᠠᠯᠢᠭ ᠶ᠋ᠢᠡᠨ ᠢᠯᠡᠷᠡᠭᠦᠯᠵᠦ᠂ ᠬᠡᠪ ᠨᠠᠮᠪᠠ᠎ᠨᠢ ᠦᠰᠦᠳ ᠥᠭᠡᠷ᠎ᠡ ᠪᠣᠯᠪᠠᠴᠤ᠌ ᠠᠳᠠᠯᠢᠬᠠᠨ ᠠᠮᠢᠳᠤᠯᠢᠭ ᠰᠠᠢᠬᠠᠨ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠬᠢᠴᠢᠶᠡᠯ ᠤ᠋ᠨ ᠲᠠᠩᠬᠢᠮ ᠢ᠋ ᠢᠯᠡᠷᠡᠭᠦᠯᠪᠡ᠃

ᠬᠠᠰᠳᠠᠨ᠎ᠠ ᠪᠠᠭ᠍ᠰᠢ ᠨᠢᠭᠡᠳᠦᠭᠡᠷ ᠤᠨ᠎ᠤ ᠰᠤᠷᠤᠭ᠍ᠴᠢ ᠶ᠋ᠢᠨ ᠲᠠᠨᠢᠨ ᠮᠡᠳᠡᠬᠦᠶ ᠶ᠋ᠢᠨ ᠣᠨᠴᠠᠯᠢᠭ ᠢ᠋ ᠴᠢᠩᠭ᠎ᠠ ᠠᠳᠭᠤᠵᠤ᠂ 《ᠪᠢᠴᠢᠭ ᠤ᠋ᠨ ᠬᠡᠷᠡᠭ᠌ᠰᠡᠯ ᠭᠡᠷ ᠶ᠋ᠢᠡᠨ ᠡᠷᠢᠬᠦ᠌》 ᠲᠤᠭᠯᠠᠭᠠᠮ ᠢ᠋ ᠡᠭᠦᠳᠪᠡ᠃ ᠬᠢᠴᠢᠶᠡᠯ ᠳᠡᠭᠡᠷ᠎ᠡ᠂ ᠲᠡᠷᠡ ᠠᠮᠢᠳᠤᠯᠢᠭ ᠤᠯᠠᠨ ᠵᠠᠭᠤᠴᠢᠳᠤ ᠬᠢᠴᠢᠶᠡᠯ ᠪᠣᠯᠤᠨ ᠲᠦᠷᠢ ᠲᠥᠷᠬᠦ᠌ ᠶ᠋ᠢᠨ ᠵᠢᠭᠠᠨ ᠰᠤᠷᠭᠠᠯᠲᠠ ᠶ᠋ᠢᠨ ᠪᠠᠭᠠᠵᠢ ᠵᠢ ᠠᠰᠢᠭᠯᠠᠨ᠂ ᠬᠦᠨᠳᠦ ᠦᠭᠡᠰ ᠢ᠋ ᠰᠣᠨᠢᠷᠬᠠᠯᠲᠠᠢ ᠦᠯᠢᠭᠡᠷ ᠪᠣᠯᠤᠨ ᠲᠣᠭ᠍ᠯᠠᠭᠠᠮ ᠤ᠋ᠨ ᠭᠣᠭ᠍ᠴᠣᠭ᠎ᠠ ᠳ᠋ᠦ ᠤᠷᠠᠨ ᠶ᠋ᠢᠡᠷ ᠠᠭᠤᠰᠬᠠᠨ ᠤᠷᠤᠭᠤᠯᠪᠠ᠃ 《ᠬᠦᠨᠳᠦ ᠦᠭᠡᠰ ᠤ᠋ᠨ ᠺᠠᠷᠲ᠎ᠤᠨ ᠪᠣᠭᠣᠮᠲᠠ ᠱᠢᠪᠲᠤᠯᠬᠤ》᠂ 《ᠦᠭᠡᠰ ᠤ᠋ᠨ ᠰᠡᠭᠦᠯ ᠬᠤᠯᠪᠤᠬᠤ ᠤᠷᠤᠯᠳᠤᠭᠠᠨ》 ᠵᠡᠷᠭᠡ ᠭᠣᠭ᠍ᠴᠣᠭ᠎ᠠ ᠪᠠᠷ ᠳᠠᠮᠵᠢᠭᠤᠯᠤᠨ᠂ ᠰᠤᠷᠤᠭ᠍ᠴᠢᠳ ᠲᠦ᠍ ᠬᠦᠨᠳᠦ ᠦᠭᠡᠰ ᠤ᠋ᠨ ᠠᠪᠢᠶ᠎ᠠ᠂ ᠬᠡᠯᠪᠡᠷᠢ᠂ ᠤᠳᠭ᠎ᠠ ᠵᠢ ᠲᠠᠢᠯᠪᠤᠷᠢᠯᠠᠵᠤ ᠦᠭᠪᠡ᠃ ᠡᠭᠦᠨ᠎ᠦ ᠬᠠᠮᠲᠤ᠂ ᠲᠡᠷᠡ ᠪᠠᠰᠠ ᠳᠦᠷᠢ ᠬᠤᠪᠢᠶᠠᠨ ᠤᠷᠠᠨ ᠤᠩᠱᠢᠭᠤᠯᠬᠤ᠂ ᠬᠥᠭ᠌ᠵᠢᠮ ᠬᠠᠪᠰᠤᠷᠭᠠᠵᠤ ᠤᠷᠠᠨ ᠤᠡᠭᠰᠢᠭᠤᠯᠬᠤ ᠵᠡᠷᠭᠡ ᠣᠯᠠᠨ ᠶᠠᠩᠵᠤ ᠶ᠋ᠢᠨ ᠤᠷᠠᠨ ᠤᠩᠱᠢᠯᠭ᠎ᠠ ᠶ᠋ᠢᠨ ᠵᠢᠯᠣᠭᠣᠳᠣᠯᠭ᠎ᠠ᠎ᠪᠠᠷ ᠳᠠᠮᠵᠢᠭᠤᠯᠤᠨ᠂ ᠰᠤᠷᠤᠭ᠍ᠴᠢᠳ ᠢ᠋ ᠬᠥᠲᠥᠯᠥᠨ ᠵᠢᠯᠣᠭᠣᠳᠴᠤ᠌ ᠪᠠᠢᠭᠠᠳ ᠵᠣᠬᠢᠶᠠᠯ ᠤ᠋ᠨ ᠢᠯᠡᠳᠭᠡᠭᠰᠡᠨ ᠬᠠᠢᠷ᠎ᠠ ᠰᠡᠳᠭᠢᠯᠭᠡ ᠵᠢ ᠣᠢᠯᠠᠭᠠᠭᠤᠯᠵᠤ᠂ ᠰᠤᠷᠤᠭ᠍ᠴᠢᠳ ᠤ᠋ᠨ ᠤᠷᠠᠨ ᠤᠩᠱᠢᠯᠭ᠎ᠠ ᠶ᠋ᠢᠨ ᠴᠢᠳᠠᠪᠤᠷᠢ ᠪᠠ ᠬᠡᠯᠡᠨ᠎ᠦ ᠮᠡᠳᠡᠷᠡᠮᠵᠢ ᠵᠢ ᠪᠦᠲᠦᠮᠵᠢᠲᠡᠶ ᠳᠡᠭᠡᠭ᠌ᠰᠢᠯᠡᠭᠦᠯᠪᠡ᠃

ᠵᠠᠩ᠎ᠲᠠᠶ ᠷᠦᠢ ᠪᠠᠭ᠍ᠰᠢ 《ᠠᠮᠢᠳᠤᠷᠠᠯ ᠳᠤᠮᠳᠠᠬᠢ ᠪᠢᠴᠢᠭ ᠤ᠋ᠨ ᠬᠡᠷᠡᠭ᠌ᠰᠡᠯ》 ᠶ᠋ᠢᠡᠷ ᠭᠠᠷᠳᠠᠴᠠ ᠪᠣᠯᠭᠠᠵᠤ᠂ ᠰᠤᠷᠤᠭ᠍ᠴᠢᠳ ᠢ᠋ ᠬᠥᠲᠥᠯᠥᠨ ᠵᠢᠯᠣᠭᠣᠳᠴᠤ᠌ ᠪᠠᠢᠭᠠᠳ ᠠᠮᠢᠳᠤᠷᠠᠯ ᠤ᠋ᠨ ᠪᠣᠳᠠᠲᠤ ᠪᠠᠢᠳᠠᠯ᠎ᠲᠠᠶ ᠤᠶᠠᠯᠳᠤᠭᠤᠯᠤᠨ ᠰᠣᠯᠢᠯᠴᠠᠭ᠎ᠠ ᠦᠷᠨᠢᠭᠦᠯᠪᠡ᠃ ᠲᠡᠷᠡ ᠪᠠᠭ᠎ᠠ ᠳᠤᠭᠤᠢᠯᠠᠩ ᠬᠠᠮᠲᠤᠷᠠᠨ ᠰᠤᠷᠤᠯᠴᠠᠬᠤ ᠵᠠᠭ᠍ᠪᠤᠷ ᠤ᠋ᠨ ᠱᠢᠨ᠎ᠡ ᠵᠢ ᠡᠭᠦᠳᠦᠨ ᠬᠡᠷᠡᠭ᠌ᠯᠡᠵᠦ᠍᠂ ᠰᠤᠷᠤᠭ᠍ᠴᠢᠳ ᠢ᠋ ᠵᠣᠬᠢᠶᠠᠨ ᠪᠠᠢᠭᠤᠯᠵᠤ 《ᠪᠢᠴᠢᠭ ᠤ᠋ᠨ ᠬᠡᠷᠡᠭ᠌ᠰᠡᠯ ᠢ᠋ ᠬᠡᠷᠬᠢᠨ ᠬᠡᠷ ᠲᠤᠨᠢ ᠬᠠᠷᠢᠭᠤᠯᠬᠤ》 ᠶ᠋ᠢᠨ ᠲᠣᠭᠣᠷᠢᠨ ᠳ᠋ᠦ ᠶᠠᠷᠢᠯᠴᠠᠭ᠎ᠠ ᠥᠷᠨᠢᠭᠦᠯᠵᠦ᠍᠂ ᠰᠤᠷᠤᠭ᠍ᠴᠢᠳ ᠤ᠋ᠨ ᠪᠣᠳᠣᠯ ᠰᠠᠨᠠᠭ᠎ᠠ᠎ᠪᠠᠨ ᠵᠣᠷᠢᠭ᠍ᠲᠠᠶ᠎ᠪᠠᠷ ᠢᠯᠡᠳᠭᠡᠬᠦ᠌ ᠵᠢ ᠵᠣᠷᠢᠭ᠍ᠵᠢᠭᠤᠯᠪᠠ᠃ ᠬᠢᠴᠢᠶᠡᠯ ᠤ᠋ᠨ ᠲᠠᠢᠯᠤᠮᠵᠢ ᠳᠤᠮᠳᠠ᠂ ᠲᠡᠷᠡ 《ᠠᠰᠠᠭᠤᠳᠠᠯ ᠶ᠋ᠢᠡᠷ ᠬᠦᠲᠦᠯᠦᠨ ᠵᠢᠯᠤᠭᠤᠳᠬᠤ ᠠᠷᠭ᠎ᠠ》 ᠵᠢ ᠬᠡᠷᠡᠭ᠌ᠯᠡᠵᠦ᠍᠂ ᠠᠰᠠᠭᠤᠯᠲᠠ᠎ᠪᠠᠷ ᠳᠠᠮᠵᠢᠨ ᠰᠤᠷᠤᠭ᠍ᠴᠢᠳ ᠤ᠋ᠨ ᠰᠡᠳᠭᠢᠬᠦᠢ ᠵᠢ ᠰᠡᠩᠬᠡᠷᠡᠭᠦᠯᠵᠦ᠍᠂ ᠰᠤᠷᠤᠭ᠍ᠴᠢᠳ ᠤ᠋ᠨ ᠰᠡᠳᠭᠢᠬᠦᠢ ᠶ᠋ᠢᠨ ᠴᠢᠳᠠᠪᠤᠷᠢ ᠪᠣᠯᠤᠨ ᠦᠭᠡ ᠬᠡᠯᠡᠨ᠎ᠦ ᠢᠯᠡᠳᠭᠡᠬᠦ᠌ ᠴᠢᠳᠠᠪᠤᠷᠢ ᠵᠢ ᠬᠦᠮᠦᠵᠢᠭᠦᠯᠦᠨ᠎ᠡ᠃ 《ᠵᠢᠭᠠᠨ ᠰᠤᠷᠭᠠᠯᠲᠠ ᠶ᠋ᠢᠨ ᠳᠤᠮᠳᠠ᠂ 〈ᠪᠢᠴᠢᠭ ᠤ᠋ᠨ ᠬᠡᠷᠡᠭ᠌ᠰᠡᠯ ᠲᠢᠭ᠌ᠯᠡᠬᠦ᠌ ᠪᠢᠴᠢᠬᠠᠨ ᠴᠢᠳᠠᠪᠤᠷᠢᠲᠠᠨ〉 ᠭᠡᠬᠦ᠌ ᠡᠨᠡ ᠬᠦ᠌ ᠦᠶ᠋ᠯᠡᠳᠦᠯᠭᠡ ᠶ᠋ᠢᠨ ᠠᠵᠢᠯᠯᠠᠭ᠎ᠠ ᠶ᠋ᠢᠨ ᠲᠤᠬᠠᠶ ᠲᠦᠰᠦᠪ ᠲᠦᠯᠦᠪᠯᠡᠭᠡ ᠨᠢ ᠰᠤᠷᠤᠭ᠍ᠴᠢᠳ ᠢ᠋ ᠭᠠᠷ ᠬᠥᠳᠡᠯᠵᠦ᠍ ᠠᠵᠢᠯᠯᠠᠭᠤᠯᠬᠤ ᠳᠤᠮᠳᠠ ᠬᠢᠴᠢᠶᠡᠯ ᠤ᠋ᠨ ᠲᠤᠬᠠᠶ ᠣᠢᠯᠠᠭᠠᠯᠲᠠ᠎ᠪᠠᠨ ᠭᠦᠨᠵᠡᠭᠡᠢᠷᠡᠭᠦᠯᠵᠦ᠍᠂ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠠᠰᠢᠭᠯᠡᠨ ᠪᠣᠳᠠᠲᠠᠶ ᠠᠰᠠᠭᠤᠳᠠᠯ ᠢ᠋ ᠱᠢᠶ᠋ᠳᠪᠦᠷᠢᠯᠡᠬᠦ᠌ ᠴᠢᠳᠠᠪᠤᠷᠢ᠎ᠪᠠᠨ ᠦᠨᠡᠨ ᠬᠦ᠌ ᠳᠡᠭᠡᠭ᠌ᠰᠢᠯᠡᠭᠦᠯᠬᠦ᠌ ᠶ᠋ᠢᠨ ᠲᠥᠯᠥᠭᠡ ᠶᠤᠮ》 ᠭᠡᠵᠦ᠍ ᠵᠠᠩ ᠲᠠᠶ ᠷᠦᠢ ᠬᠡᠯᠡᠵᠦ ᠪᠠᠢᠯ᠎ᠠ᠃

ᠬᠢᠴᠢᠶᠡᠯ ᠶᠠᠷᠢᠬᠤ᠂ ᠬᠢᠴᠢᠶᠡᠯ ᠵᠥᠪᠯᠡᠬᠦ᠌ ᠭᠣᠭ᠍ᠴᠣᠭ᠎ᠠ ᠳ᠋ᠦ᠂ ᠬᠤᠷᠠᠯ ᠳ᠋ᠦ ᠣᠷᠣᠯᠴᠠᠭ᠍ᠰᠠᠨ ᠪᠠᠭ᠍ᠰᠢ᠎ᠨᠠᠷ ᠤᠷᠬᠢᠯᠤᠮ᠎ᠠ ᠰᠡᠳᠬᠢᠯᠭᠡ ᠪᠡᠷ ᠰᠤᠳᠤᠯᠤᠨ ᠶᠠᠷᠢᠯᠴᠠᠪᠠ᠃ ᠤᠯᠠᠨ ᠶ᠋ᠢᠡᠷ ᠶ᠋ᠢᠡᠨ ᠬᠣᠶᠠᠷ ᠬᠢᠴᠢᠶᠡᠯ ᠤ᠋ᠨ ᠱᠢᠨ᠎ᠡ ᠵᠢ ᠡᠭᠦᠳᠦᠭᠰᠡᠨ ᠲᠦᠰᠦᠪ ᠲᠦᠯᠦᠪᠯᠡᠭᠡ ᠵᠢ ᠳᠡᠭᠡᠳᠦ ᠬᠡᠮᠵᠢᠶ᠎ᠡ ᠪᠡᠷ ᠦᠨᠡᠯᠡᠬᠦ᠌ ᠶ᠋ᠢᠨ ᠬᠠᠮᠲᠤ᠂ ᠤᠯᠤᠰ ᠤ᠋ᠨ ᠨᠡᠢᠳᠡᠮ᠎ᠬᠡᠷᠡᠭᠯᠡᠬᠦ ᠦᠭᠡ ᠬᠡᠯᠡ ᠦᠰᠦᠭ ᠪᠢᠴᠢᠭ ᠤ᠋ᠨ ᠵᠢᠭᠠᠨ ᠰᠤᠷᠭᠠᠯᠲᠠ ᠳᠤᠮᠳᠠᠬᠢ ᠶᠠᠷᠢᠶᠠᠨ ᠤ᠋ ᠢᠯᠡᠳᠭᠡᠬᠦ᠌ ᠪᠣᠯᠪᠠᠰᠤᠷᠠᠯ᠂ ᠬᠢᠴᠢᠶᠡᠯ ᠤ᠋ᠨ ᠲᠠᠩᠬᠢᠮ ᠤ᠋ᠨ ᠦᠨᠡᠯᠡᠯᠲᠡ ᠵᠢ ᠱᠢᠯᠢᠳᠡᠭ᠌ᠵᠢᠭᠦᠯᠬᠦ᠌ ᠵᠡᠷᠭᠡ ᠠᠰᠠᠭᠤᠳᠠᠯ ᠤ᠋ᠨ ᠲᠣᠭᠣᠷᠢᠨ ᠳ᠋ᠦ ᠰᠠᠨᠠᠯ ᠶ᠋ᠢᠡᠨ ᠭᠦᠨᠵᠡᠭᠡᠢ ᠰᠣᠯᠢᠯᠴᠠᠵᠤ᠂ ᠠᠯᠢ ᠤᠯᠠᠨ ᠪᠦᠲᠦᠭᠡᠯᠴᠢ ᠴᠢᠨᠠᠷᠲᠠᠢ ᠰᠠᠨᠠᠭᠤᠯᠭ᠎ᠠ ᠳᠤᠷᠠᠳᠴᠠᠢ᠃ ᠪᠠᠭ᠍ᠰᠢ᠎ᠨᠠᠷ᠂ ᠠᠳᠠᠯᠢ ᠬᠢᠴᠢᠶᠡᠯ ᠢ᠋ ᠵᠥᠷᠢᠶᠡᠴᠢᠯᠡᠭᠰᠡᠨ ᠬᠡᠯᠪᠡᠷᠢ᠎ᠪᠡᠷ ᠵᠢᠭᠠᠨ ᠰᠤᠳᠤᠯᠬᠤ ᠠᠵᠢᠯᠯᠠᠭ᠎ᠠ ᠪᠡᠷ ᠳᠠᠮᠵᠢᠨ᠂ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠵᠢᠭᠠᠨ ᠰᠤᠷᠭᠠᠯᠲᠠ ᠶ᠋ᠢᠨ ᠤᠯᠠᠨ ᠶᠠᠩᠵᠤᠲᠤ ᠴᠢᠨᠠᠷ ᠢ᠋ ᠭᠦᠨᠵᠡᠭᠡᠢ ᠲᠠᠨᠢᠵᠤ᠂ ᠵᠢᠭᠠᠨ ᠰᠤᠷᠭᠠᠯᠲᠠ ᠶ᠋ᠢᠨ ᠣᠢᠯᠠᠭᠠᠭ᠍ᠳᠠᠬᠤᠨ ᠪᠣᠯᠤᠨ ᠠᠷᠭ᠎ᠠ ᠶ᠋ᠢᠨ ᠲᠠᠯ᠎ᠠ᠎ᠪᠠᠷ ᠮᠠᠰᠢ ᠶᠡᠬᠡ ᠣᠯᠤᠯᠲᠠ᠎ᠲᠠᠶ ᠪᠣᠯᠵᠠᠢ ᠭᠡᠵᠦ ᠢᠯᠡᠳᠭᠡᠵᠡᠭᠡᠨ᠎ᠡ᠃

《ᠲᠣᠰ ᠤᠳᠠᠭᠠᠨ ᠤ᠋ ᠠᠳᠠᠯᠢ ᠬᠢᠴᠢᠶᠡᠯ ᠢ᠋ ᠵᠥᠷᠢᠶᠡᠴᠢᠯᠡᠭᠰᠡᠨ ᠬᠡᠯᠪᠡᠷᠢ᠎ᠪᠡᠷ ᠵᠢᠭᠠᠨ ᠰᠤᠳᠤᠯᠬᠤ ᠠᠵᠢᠯᠯᠠᠭ᠎ᠠ ᠨᠢ ᠪᠠᠭ᠍ᠰᠢ᠎ᠨᠠᠷ ᠲᠦ᠍ ᠳᠡᠯᠭᠡᠨ ᠦᠵᠡᠭᠦᠯᠬᠦ᠌᠂ ᠰᠤᠷᠤᠯᠴᠠᠬᠤ ᠲᠠᠪᠴᠠᠩ ᠬᠠᠡᠭᠭᠠᠭᠰᠠᠨ ᠶ᠋ᠢᠡᠷ ᠪᠠᠷᠠᠬᠤ ᠥᠬᠡᠶ ᠨᠠᠩ ᠴᠤ᠌ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠰᠤᠷᠭᠠᠨ ᠬᠥᠮᠦᠵᠢᠯ ᠵᠢᠭᠠᠨ ᠰᠤᠷᠭᠠᠯᠲᠠ ᠶ᠋ᠢᠨ ᠥᠭᠡᠷᠡᠴᠢᠯᠡᠯᠲᠡ ᠬᠢᠵᠦ᠍ ᠱᠢᠨ᠎ᠡ ᠵᠢ ᠡᠭᠦᠳᠬᠦ᠌ ᠵᠢ ᠠᠬᠢᠭᠤᠯᠬᠤ ᠢᠳᠡᠪᠬᠢᠲᠡᠶ ᠰᠦᠪᠡᠭ᠌ᠴᠢᠯᠡᠯ ᠪᠣᠯᠤᠭ᠍ᠰᠠᠨ ᠪᠠᠢᠨ᠎ᠠ᠃ ᠢᠷᠡᠭᠡᠳᠦᠶ᠎ᠳᠦ ᠂ ᠬᠣᠷᠴᠢᠨ ᠵᠡᠭᠦᠨ ᠭᠠᠷᠤᠨ ᠬᠣᠢᠲᠤ ᠬᠣᠱᠢᠭᠤ ᠵᠢᠭᠠᠨ ᠰᠤᠷᠭᠠᠯᠲᠠ ᠶ᠋ᠢᠨ ᠵᠠᠭ᠍ᠪᠤᠷ ᠶ᠋ᠢᠡᠨ ᠦᠷᠭᠦᠯᠵᠢᠯᠡᠨ ᠱᠢᠨᠡᠴᠢᠯᠡᠵᠦ᠍᠂ ᠵᠢᠭᠠᠨ ᠰᠤᠷᠭᠠᠯᠲᠠ ᠶ᠋ᠢᠨ ᠶᠠᠰᠤ ᠴᠢᠨᠠᠷ ᠶ᠋ᠢᠡᠨ ᠳᠡᠭᠡᠭ᠌ᠰᠢᠯᠡᠭᠦᠯᠦᠨ᠂ ᠰᠤᠷᠤᠭ᠍ᠴᠢᠳ ᠤ᠋ᠨ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠶ᠋ᠢᠡᠨ ᠰᠠᠢᠲᠤᠷ ᠰᠤᠷᠬᠤ᠂ ᠳᠤᠮᠳᠠᠳᠤ ᠶ᠋ᠢᠨ ᠱᠢᠯᠢᠳᠡᠭ ᠤᠯᠠᠮᠵᠢᠯᠠᠯᠲᠤ ᠰᠣᠶᠣᠯ ᠢ᠋ ᠤᠯᠠᠮᠵᠢᠯᠠᠨ ᠪᠠᠳᠠᠷᠠᠭᠤᠯᠬᠤ ᠳ᠋ᠦ ᠪᠠᠲᠤ ᠪᠠᠬᠢ ᠰᠠᠭᠤᠷᠢ ᠲᠠᠯᠪᠢᠵᠤ ᠥᠭ᠌ᠭᠦᠨ᠎ᠡ》 ᠬᠡᠵᠥ ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠤ᠋ ᠰᠤᠷᠭᠠᠨ ᠬᠥᠮᠦᠵᠢᠯ ᠪᠡᠶ᠎ᠡ ᠶ᠋ᠢᠨ ᠲᠠᠮᠢᠷ ᠤ᠋ᠨ ᠲᠣᠪᠴᠢᠶᠠᠨ ᠤ᠋ ᠳᠠᠷᠤᠭ᠎ᠠ ᠵᠣᠣ ᠵᠢᠶᠦ᠋ᠨ ᠶᠠᠷᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面