ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-05-18 12:35:25

ᠵᠣᠬᠢᠶᠠᠭ᠍ᠴᠢ᠄ ᠯᠢᠤ ᠬᠤᠩ ᠵᠠᠩ ᠣᠩᠱᠢᠭ᠍ᠰᠠᠨ ᠣᠳᠠᠭ᠎ᠠ᠄ 3

ᠠᠯᠠᠱᠠ ᠠᠢᠮᠠᠭ ᠤ᠋ᠨ ᠡᠵᠡᠨ᠎ᠠ ᠬᠤᠰᠢᠭᠤᠨ ᠤ᠋ ᠮᠤᠩᠭᠤᠯ ᠦᠨᠳᠦᠰᠦᠳᠡᠨ ᠤ᠋ ᠰᠤᠷᠭᠠᠭᠤᠯᠢ ᠳ᠋ᠤ ᠠᠯᠬᠤᠨ ᠤᠷᠤᠪᠠᠯ᠂ ᠨᠤᠮ ᠤᠩᠰᠢᠬᠤ ᠳᠠᠭᠤᠨ ᠰᠤᠷᠭᠠᠭᠤᠯᠢ ᠶ᠋ᠢᠨ ᠬᠦᠷᠢᠶ᠎ᠠ ᠪᠡᠷ ᠴᠤᠤᠷᠢᠶᠠᠳᠤᠨ᠎ᠠ᠃ ᠬᠤᠶᠠᠳᠤᠭᠠᠷ ᠤᠨ ᠤ᠋ ᠬᠤᠶᠠᠳᠤᠭᠠᠷ ᠠᠩᠬᠢ ᠶ᠋ᠢᠨ ᠬᠢᠴᠢᠶᠡᠯ ᠤ᠋ᠨ ᠭᠡᠷ ᠲᠤ᠌᠂ ᠲᠤᠭᠠᠨ ᠤ᠋ ᠪᠠᠭᠰᠢ ᠨᠠᠬᠢᠶ᠎ᠠ ᠶᠠᠭ ᠰᠤᠷᠤᠭᠴᠢᠳ ᠲᠠᠭᠠᠨ ᠬᠢᠴᠢᠶᠡᠯᠯᠡᠵᠦ ᠪᠠᠢᠪᠠ᠃ ᠲᠡᠷᠡ ᠪᠡᠷ ᠰᠤᠷᠤᠭᠴᠢᠳ ᠤ᠋ᠨ ᠶ᠋ᠢᠡᠨ ᠠᠪᠢᠶᠠᠰ ᠲᠠᠢ ᠤᠶᠠᠯᠳᠤᠭᠤᠯᠤᠨ᠂ ᠴᠢᠭᠯᠡᠭᠦᠯᠦᠯᠳᠤ ᠴᠢᠨᠠᠷᠳᠠᠢ ᠪᠡᠷ ᠰᠤᠷᠤᠭᠴᠢᠳ ᠤ᠋ᠨ ᠶ᠋ᠢᠡᠨ ᠳᠠᠯᠳᠠ ᠴᠢᠳᠠᠪᠤᠷᠢ ᠶ᠋ᠢ ᠪᠠᠳᠠᠷᠠᠭᠤᠯᠬᠤ ᠶ᠋ᠢ ᠬᠦᠳᠦᠯᠦᠨ ᠵᠢᠯᠤᠭᠤᠳᠴᠤ᠂ ᠰᠡᠳᠬᠢᠬᠦ ᠴᠢᠳᠠᠪᠤᠷᠢ ᠶ᠋ᠢ ᠨᠢ ᠳᠡᠭᠡᠭᠰᠢᠯᠡᠭᠦᠯᠬᠦ ᠵᠢᠨ ᠬᠠᠮᠳᠤ ᠪᠠᠰᠠ ᠰᠤᠷᠭᠠᠨ ᠬᠦᠮᠦᠵᠢᠯ ᠵᠢᠭᠠᠨ ᠰᠤᠷᠭᠠᠯᠳᠠ ᠶ᠋ᠢᠨ ᠬᠦᠷᠢᠶᠡᠨ ᠤ᠋ ᠲᠤᠰᠬᠠᠢ ᠮᠡᠷᠭᠡᠵᠢᠯ ᠤ᠋ᠨ ᠮᠡᠳᠡᠯᠭᠡ ᠪᠡᠨ ᠲᠠᠰᠤᠷᠠᠯᠳᠠ ᠦᠭᠡᠢ ᠪᠠᠶᠠᠯᠢᠭᠵᠢᠭᠤᠯᠵᠤ᠂ ᠤᠯᠤᠰ ᠤ᠋ᠨ ᠨᠢᠭᠡᠳᠦᠯᠳᠠᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠤ᠋ᠨ ᠳᠠᠪᠠᠭᠤᠯᠢᠭ ᠢ᠋ ᠭᠦᠢᠴᠡᠳ ᠪᠠᠳᠠᠷᠠᠭᠤᠯᠤᠨ᠂ ᠰᠤᠷᠤᠭᠴᠢᠳ ᠲᠠᠭᠠᠨ ᠠᠮᠢᠳᠤᠯᠢᠭ ᠪᠦᠭᠡᠳ ᠰᠤᠨᠢᠷᠬᠠᠯ ᠲᠠᠢ ᠬᠢᠴᠢᠶᠡᠯᠯᠡᠬᠦ ᠤᠷᠴᠢᠨ ᠡᠭᠦᠳᠴᠤ ᠦᠭᠪᠠ᠃

《ᠤᠯᠤᠰ ᠤ᠋ᠨ ᠨᠢᠭᠡᠳᠦᠯᠳᠠᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠶ᠋ᠢᠡᠷ ᠵᠢᠭᠠᠨ ᠰᠤᠷᠭᠠᠬᠤ ᠶᠠᠪᠤᠴᠠ ᠳ᠋ᠤ᠂ ᠡᠨᠡ ᠬᠦ᠌ ᠵᠢᠭᠠᠬᠤ ᠮᠠᠲᠧᠷᠢᠶᠠᠯ ᠪᠠᠭᠰᠢ ᠰᠤᠷᠤᠭᠴᠢᠳ ᠲᠤ᠌ ᠠᠵᠠ ᠳᠤᠬᠢᠶᠠᠯ ᠪᠠ ᠦᠷᠢᠰᠦᠯᠳᠦᠭᠡᠨ ᠠᠪᠴᠢᠷᠠᠭᠰᠠᠨ ᠪᠦᠭᠡᠳ ᠪᠠᠭᠰᠢ ᠨᠠᠷ ᠲᠤ᠌ ᠪᠠᠶᠠᠯᠢᠭ ᠵᠢᠭᠠᠨ ᠰᠤᠷᠭᠠᠯᠳᠠ ᠶ᠋ᠢᠨ ᠡᠬᠢ ᠪᠠᠶᠠᠯᠢᠭ ᠬᠠᠩᠭᠠᠭᠰᠠᠨ ᠢ᠋ ᠪᠢ ᠪᠡᠶ᠎ᠠ ᠪᠡᠷ ᠶ᠋ᠢᠡᠨ ᠮᠡᠳᠡᠷᠡᠵᠠᠢ᠃ ᠪᠢᠳᠡ ᠡᠨᠡ ᠬᠦ᠌ ᠬᠤᠪᠤᠷ ᠨᠠᠨᠳᠢᠨ ᠡᠬᠢ ᠪᠠᠶᠠᠯᠢᠭ ᠢ᠋ ᠨᠠᠨᠳᠢᠩᠨᠠᠬᠤ ᠬᠡᠷᠡᠭᠳᠠᠢ ᠪᠦᠭᠡᠳ ᠰᠤᠷᠭᠠᠨ ᠬᠦᠮᠦᠵᠢᠯ ᠵᠢᠭᠠᠨ ᠰᠤᠷᠭᠠᠯᠳᠠ ᠳ᠋ᠠᠭᠠᠨ ᠨᠠᠷᠢᠨ ᠬᠢᠨᠠᠮᠠᠭᠠᠢ ᠨᠠᠢᠳᠠᠪᠤᠷᠢᠵᠢᠭᠤᠯᠬᠤ ᠬᠡᠷᠡᠭᠳᠠᠢ》ᠭᠡᠵᠦ ᠨᠠᠬᠢᠶ᠎ᠠ ᠰᠤᠷᠪᠤᠯᠵᠢᠯᠠᠭᠴᠢ ᠳ᠋ᠤ ᠶᠠᠷᠢᠪᠠ᠃

ᠤᠢᠷ᠎ᠠ ᠶ᠋ᠢᠨ ᠵᠢᠯ ᠳ᠋ᠤ᠂ ᠡᠵᠡᠨ᠎ᠠ ᠬᠤᠰᠢᠭᠤ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤ᠋ᠨ ᠰᠤᠷᠭᠠᠨ ᠬᠦᠮᠦᠵᠢᠯ ᠵᠢᠭᠠᠨ ᠰᠤᠷᠭᠠᠯᠳᠠ ᠶ᠋ᠢ ᠪᠦᠬᠦ ᠲᠠᠯ᠎ᠠ ᠪᠡᠷ ᠠᠬᠢᠭᠤᠯᠬᠤ ᠠᠵᠢᠯ ᠤ᠋ᠨ ᠱᠠᠭᠠᠷᠳᠠᠯᠭ᠎ᠠ ᠶ᠋ᠢ ᠭᠤᠢᠪᠢᠰᠢ ᠦᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠬᠦ᠂ ᠨᠢᠭᠡᠳᠦᠯᠳᠠᠢ ᠲᠦᠯᠦᠪᠵᠢᠭᠦᠯᠦᠨ ᠠᠬᠢᠭᠤᠯᠬᠤ᠂ ᠳᠡᠭᠡᠳᠦ ᠳᠤᠤᠷᠠᠳᠦ ᠱᠠᠳᠤ ᠬᠤᠯᠪᠤᠭᠠᠯᠠᠨ ᠬᠦᠳᠡᠯᠦᠯᠴᠡᠬᠦ᠂ ᠪᠦᠬᠦ ᠬᠦᠴᠦᠨ ᠶ᠋ᠢᠡᠷ ᠬᠠᠮᠵᠢᠯᠴᠠᠬᠤ ᠶ᠋ᠢ ᠪᠠᠷᠢᠮᠳᠠᠯᠠᠨ᠂ 《 ᠳᠠᠪᠤ ᠶ᠋ᠢ ᠪᠤᠳᠠᠳᠠᠢᠵᠢᠭᠤᠯᠬᠤ 》 ᠶᠡᠷᠦᠩᠬᠡᠢ ᠱᠠᠭᠠᠷᠳᠠᠯᠭ᠎ᠠ ᠶᠤᠰᠤᠭᠠᠷ᠂ ᠤᠯᠤᠰ ᠤ᠋ᠨ ᠨᠢᠭᠡᠳᠦᠯᠳᠠᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠤ᠋ᠨ ᠵᠢᠭᠠᠨ ᠰᠤᠷᠭᠠᠯᠳᠠ ᠶ᠋ᠢᠨ ᠠᠵᠢᠯ ᠢ᠋ ᠦᠨᠡᠨ ᠪᠤᠳᠠᠳᠠᠢ ᠠᠳᠬᠤᠵᠤ ᠨᠠᠷᠢᠯᠢᠭ ᠭᠦᠢᠴᠡᠳᠭᠡᠵᠠᠢ᠃ ᠤᠯᠤᠰ ᠤ᠋ᠨ ᠨᠢᠭᠡᠳᠦᠯᠳᠠᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠤ᠋ᠨ ᠵᠢᠭᠠᠨ ᠰᠤᠷᠭᠠᠯᠳᠠ ᠶ᠋ᠢ ᠲᠥᠬᠡᠮᠡᠯᠵᠢᠬᠥᠯᠬᠥ ᠠᠵᠢᠯ ᠢ᠋ ᠰᠠᠢᠳᠦᠷ ᠬᠢᠭᠰᠡᠨ ᠰᠠᠭᠤᠷᠢᠨ ᠳ᠋ᠤ᠂ ᠲᠤᠰ ᠬᠤᠰᠢᠭᠤᠨ ᠤ᠋ ᠰᠤᠷᠭᠠᠨ ᠬᠦᠮᠦᠵᠢᠯ ᠤ᠋ᠨ ᠰᠠᠯᠠᠭ᠎ᠠ ᠮᠦᠴᠢᠷ ᠪᠠᠰᠠ ᠠᠯᠢ ᠤᠯᠠᠨ ᠢᠵᠢ ᠪᠦᠷᠢᠳᠦᠭᠦᠯᠦᠭᠰᠡᠨ ᠬᠠᠪᠰᠤᠷᠤᠮᠵᠢ ᠮᠠᠲᠧᠷᠢᠶᠠᠯ ᠪᠠ ᠰᠦᠯᠵᠢᠶᠠᠨ ᠬᠢᠴᠢᠶᠡᠯᠯᠡᠭᠡ ᠶ᠋ᠢᠨ ᠳᠠᠪᠴᠠᠩ ᠭᠠᠷᠭᠠᠪᠠ᠃ ᠪᠠᠭᠰᠢ ᠨᠠᠷ ᠦᠪᠡᠷ ᠤ᠋ᠨ ᠬᠡᠷᠡᠭᠴᠡᠭᠡ ᠱᠠᠭᠠᠷᠳᠠᠯᠭ᠎ᠠ ᠪᠡᠨ ᠦᠨᠳᠦᠰᠦᠯᠡᠨ ᠡᠬᠢ ᠪᠠᠶᠠᠯᠢᠭ ᠢ᠋ ᠵᠤᠬᠢᠰᠳᠠᠢ ᠠᠰᠢᠭᠯᠠᠵᠤ᠂ ᠵᠢᠭᠠᠨ ᠰᠤᠷᠭᠠᠬᠤ ᠠᠭᠤᠯᠭ᠎ᠠ ᠪᠡᠨ ᠪᠠᠶᠠᠯᠢᠭᠵᠢᠭᠤᠯᠤᠨ᠂ ᠵᠢᠭᠠᠨ ᠰᠤᠷᠭᠠᠬᠤ ᠶᠠᠰᠤ ᠴᠢᠨᠠᠷ ᠢ᠋ ᠳᠡᠭᠡᠭᠰᠢᠯᠡᠭᠦᠯᠵᠦ ᠪᠤᠯᠤᠨ᠎ᠠ᠃ ᠡᠭᠦᠨ ᠤ᠋ ᠬᠠᠮᠳᠤ᠂ ᠰᠤᠷᠤᠭᠴᠢᠳ ᠪᠠᠰᠠ ᠡᠳᠡᠭᠡᠷ ᠡᠬᠢ ᠪᠠᠶᠠᠯᠢᠭ ᠶ᠋ᠢᠡᠷ ᠳᠠᠮᠵᠢᠭᠤᠯᠤᠨ ᠰᠤᠷᠤᠯᠭ᠎ᠠ ᠪᠡᠨ ᠪᠠᠳᠤᠳᠬᠠᠨ ᠦᠷᠭᠡᠵᠢᠭᠦᠯᠵᠦ᠂ ᠰᠤᠷᠤᠯᠭ᠎ᠠ ᠶ᠋ᠢᠨ ᠦᠷ᠎ᠠ ᠪᠦᠲᠦᠮᠵᠢ ᠪᠡᠨ ᠳᠡᠭᠡᠭᠰᠢᠯᠡᠭᠦᠯᠵᠦ ᠪᠤᠯᠤᠨ᠎ᠠ᠃

ᠡᠵᠡᠨ᠎ᠠ ᠬᠤᠰᠢᠭᠤᠨ ᠤ᠋ ᠰᠤᠷᠭᠠᠨ ᠬᠦᠮᠦᠵᠢᠯ ᠤ᠋ᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠭᠠᠵᠠᠷ ᠤ᠋ᠨ ᠦᠵᠡᠯ ᠰᠠᠨᠠᠭ᠎ᠠ ᠤᠯᠤᠰ ᠲᠦᠷᠦ ᠶ᠋ᠢᠨ ᠰᠢᠨᠵᠢᠯᠡᠭᠡᠨ ᠤ᠋ ᠰᠠᠯᠠᠭᠠᠨ ᠤ᠋ ᠵᠢᠭᠠᠨ ᠰᠤᠳᠤᠯᠤᠭᠴᠢ ᠴᠧᠨ ᠼᠠᠢ ᠶᠦᠨ ᠪᠤᠯ《ᠡᠵᠡᠨ᠎ᠠ ᠬᠤᠰᠢᠭᠤᠨ ᠤ᠋ ᠦᠵᠡᠯ ᠰᠠᠨᠠᠭ᠎ᠠ ᠤᠯᠤᠰ ᠲᠦᠷᠦ ᠶ᠋ᠢᠨ ᠨᠡᠷᠡᠳᠦ ᠪᠠᠭᠰᠢ ᠶ᠋ᠢᠨ ᠠᠵᠢᠯᠯᠠᠬᠤ ᠦᠷᠦᠭᠡ 》 ᠶ᠋ᠢᠨ ᠲᠠᠭᠠᠭᠤᠯᠤᠬᠴᠢ ᠮᠦᠨ᠂ ᠰᠤᠷᠭᠠᠨ ᠬᠦᠮᠦᠵᠢᠯ ᠢ᠋ ᠳᠡᠮᠵᠢᠬᠦ ᠪᠡᠷ ᠢᠷᠡᠭᠰᠡᠨ ᠨᠢᠭᠡ ᠵᠢᠯ ᠤ᠋ᠨ ᠲᠤᠷᠰᠢ᠂ ᠲᠡᠷᠡ ᠪᠡᠷ ᠦᠵᠡᠯ ᠰᠠᠨᠠᠭ᠎ᠠ ᠤᠯᠤᠰ ᠲᠦᠷᠦ ᠶ᠋ᠢᠨ ᠬᠢᠴᠢᠶᠡᠯ ᠤ᠋ᠨ ᠵᠢᠭᠠᠨ ᠰᠤᠷᠭᠠᠯᠳᠠ ᠶ᠋ᠢᠨ ᠶᠠᠰᠤ ᠴᠢᠨᠠᠷ ᠢ᠋ ᠳᠡᠭᠡᠭᠰᠢᠯᠡᠭᠦᠯᠬᠦ ᠪᠡᠷ ᠬᠦᠴᠦᠯᠡᠨ ᠴᠢᠷᠮᠠᠢᠵᠤ᠂ ᠦᠵᠡᠯ ᠰᠠᠨᠠᠭ᠎ᠠ ᠤᠯᠤᠰ ᠲᠦᠷᠦ ᠶ᠋ᠢᠨ ᠬᠢᠴᠢᠶᠡᠯ ᠤ᠋ᠨ ᠦᠷᠳᠡᠭ ᠤ᠋ᠨ ᠤᠳᠤᠷᠢᠳᠤᠮᠵᠢ ᠶ᠋ᠢᠨ ᠴᠢᠳᠠᠪᠤᠷᠢ ᠶ᠋ᠢ ᠴᠢᠩᠭᠠᠳᠬᠠᠪᠠ᠃ ᠲᠡᠷᠡ ᠪᠡᠷ ᠡᠵᠡᠨ᠎ᠠ ᠬᠤᠰᠢᠭᠤᠨ ᠤ᠋ ᠮᠤᠩᠭᠤᠯ ᠦᠨᠳᠦᠰᠦᠳᠡᠨ ᠤ᠋ ᠰᠤᠷᠭᠠᠭᠤᠯᠢ ᠶ᠋ᠢᠨ ᠨᠠᠶ᠋ᠮᠠᠳᠤᠭᠠᠷ ᠤᠨ ᠤ᠋ ᠶᠤᠰᠤ ᠰᠤᠷᠳᠠᠬᠤᠨ ᠬᠢᠭᠡᠳ ᠬᠠᠤᠯᠢ ᠴᠠᠭᠠᠵᠠ ᠶ᠋ᠢᠨ ᠬᠢᠴᠢᠶᠡᠯ ᠤ᠋ᠨ ᠵᠢᠭᠠᠨ ᠰᠤᠷᠭᠠᠯᠳᠠ ᠶ᠋ᠢᠨ ᠡᠭᠦᠷᠭᠡ ᠶ᠋ᠢ ᠡᠭᠦᠷᠭᠡᠯᠡᠵᠦ ᠪᠠᠢᠬᠤ ᠪᠦᠭᠡᠳ ᠵᠠᠯᠠᠭᠤ ᠪᠠᠭᠰᠢ ᠨᠠᠷ ᠢ᠋ ᠬᠦᠮᠦᠵᠢᠭᠦᠯᠬᠦ ᠵᠢᠴᠢ ᠳᠤᠮᠳᠠᠳᠤ ᠪᠠᠭ᠎ᠠ ᠰᠤᠷᠭᠠᠭᠤᠯᠢ ᠶ᠋ᠢᠨ ᠶᠤᠰᠤ ᠰᠤᠷᠳᠠᠬᠤᠨ ᠬᠢᠭᠡᠳ ᠬᠠᠤᠯᠢ ᠴᠠᠭᠠᠵᠠ ᠶ᠋ᠢᠨ ᠬᠢᠴᠢᠶᠡᠯ ᠤ᠋ᠨ ᠭᠤᠷᠪᠠᠨ ᠲᠠᠯ᠎ᠠ ᠶ᠋ᠢᠨ ᠢᠵᠢᠯ ᠠᠯᠬᠤᠮ ᠤ᠋ᠨ ᠵᠢᠭᠠᠨ ᠰᠤᠳᠤᠯᠬᠤ ᠠᠵᠢᠯ ᠳ᠋ᠤ ᠢᠳᠡᠪᠬᠢᠳᠠᠢ ᠤᠷᠤᠯᠴᠠᠵᠤ ᠪᠠᠢᠨ᠎ᠠ᠃

《ᠠᠯᠠᠱᠠ ᠠᠢᠮᠠᠭ 1+1+1+2 ᠭᠤᠷᠪᠠᠨ ᠲᠠᠯ᠎ᠠ ᠶ᠋ᠢᠨ ᠢᠵᠢᠯ ᠠᠯᠬᠤᠮ ᠤ᠋ᠨ ᠵᠢᠭᠠᠨ ᠰᠤᠳᠤᠯᠬᠤ ᠪᠠ ᠰᠡᠳᠦᠪ ᠤ᠋ᠨ ᠰᠤᠳᠤᠯᠭᠠᠨ ᠵᠡᠷᠭᠡ ᠰᠢᠷᠢᠰ ᠭᠤᠤᠯ ᠰᠡᠳᠦᠪᠳᠤ ᠵᠢᠭᠠᠨ ᠰᠤᠳᠤᠯᠬᠤ ᠠᠵᠢᠯᠯᠠᠭ᠎ᠠ ᠦᠷᠨᠢᠭᠦᠯᠬᠦ ᠪᠡᠷ ᠳᠠᠮᠵᠢᠨ ᠂ ᠪᠠᠭᠰᠢ ᠨᠠᠷ ᠤ᠋ᠨ ᠲᠤᠰᠬᠠᠢ ᠮᠡᠷᠭᠡᠵᠢᠯ ᠤ᠋ᠨ ᠶᠡᠷᠦᠩᠬᠡᠢᠯᠡᠭᠰᠡᠨ ᠬᠡᠪ ᠪᠤᠯᠪᠠᠰᠤᠷᠠᠯ ᠢ᠋ ᠶᠡᠬᠡ ᠪᠡᠷ ᠳᠡᠭᠡᠭᠰᠢᠯᠡᠭᠦᠯᠵᠠᠢ᠃ ᠡᠭᠦᠨ ᠤ᠋ ᠬᠠᠮᠳᠤ ᠰᠤᠷᠤᠭᠴᠢᠳ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠶ᠋ᠢᠡᠷ ᠤᠩᠰᠢᠬᠤ᠂ ᠰᠡᠳᠬᠢᠬᠦ ᠂ ᠪᠢᠴᠢᠬᠦ ᠪᠠ ᠠᠰᠠᠭᠤᠳᠠᠯ ᠢ᠋ ᠵᠠᠳᠠᠯᠬᠤ ᠴᠢᠳᠠᠪᠤᠷᠢ ᠴᠤ᠌ ᠶᠡᠬᠡ ᠪᠡᠷ ᠳᠡᠭᠡᠭᠰᠢᠯᠡᠭᠰᠡᠨ ᠪᠠᠢᠨ᠎ᠠ᠃ ᠠᠬᠠᠮᠠᠳ ᠪᠠᠭᠰᠢ ᠪᠤᠯᠤᠭᠰᠠᠨ ᠤ᠋ ᠬᠤᠪᠢ ᠳ᠋ᠤ᠂ ᠰᠤᠷᠭᠠᠨ ᠬᠦᠮᠦᠵᠢᠯ ᠢ᠋ ᠳᠡᠮᠵᠢᠬᠦ ᠨᠢ ᠰᠤᠷᠤᠭᠴᠢᠳ ᠲᠤ᠌ ᠮᠡᠳᠡᠯᠭᠡ ᠤᠯᠠᠮᠵᠢᠯᠠᠬᠤ ᠳ᠋ᠤ ᠪᠠᠢᠬᠤ ᠪᠦᠭᠡᠳ ᠨᠡᠩ ᠴᠢᠬᠤᠯᠠ ᠨᠢ ᠰᠤᠷᠭᠠᠨ ᠬᠦᠮᠦᠵᠢᠯ ᠤ᠋ᠨ ᠦᠨ᠎ᠠ ᠦᠷᠳᠡᠭ ᠢ᠋ ᠤᠯᠠᠮᠵᠢᠯᠠᠬᠤ ᠪᠠ ᠦᠵᠡᠯ ᠰᠠᠨᠠᠭ᠎ᠠ ᠤᠯᠤᠰ ᠲᠦᠷᠦ ᠶ᠋ᠢᠨ ᠬᠢᠴᠢᠶᠡᠯ ᠤ᠋ᠨ ᠪᠠᠭᠰᠢ ᠶ᠋ᠢᠨ ᠠᠵᠢᠯ ᠮᠡᠷᠭᠡᠵᠢᠯ ᠤ᠋ᠨ ᠬᠠᠮᠳᠤ ᠶ᠋ᠢᠨ ᠲᠠᠨᠢᠯᠳᠠ ᠶ᠋ᠢ ᠪᠤᠢ ᠪᠤᠯᠭᠠᠬᠤ ᠳ᠋ᠤ ᠪᠠᠢᠨ᠎ᠠ᠃ ᠳᠠᠷᠠᠭᠠᠴᠢ ᠪᠡᠷ᠂ ᠤᠯᠤᠰ ᠤ᠋ᠨ ᠨᠢᠭᠡᠳᠦᠯᠳᠠᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠢ᠋ ᠳᠡᠯᠭᠡᠷᠡᠭᠦᠯᠬᠦ ᠠᠵᠢᠯ ᠲᠠᠢ ᠤᠶᠠᠯᠳᠤᠭᠤᠯᠤᠨ᠂ ᠦᠪᠡᠷ ᠤ᠋ᠨ ᠬᠢᠴᠢᠶᠠᠯ ᠤ᠋ᠨ ᠳᠠᠩᠬᠢᠮ ᠤ᠋ᠨ 〈ᠬᠠᠷᠢᠭᠤᠴᠠᠭᠰᠠᠨ ᠲᠠᠷᠢᠶ᠎ᠠ〉 ᠪᠡᠨ ᠦᠷᠭᠦᠯᠵᠢᠯᠡᠨ ᠰᠠᠢᠳᠦᠷ ᠰᠠᠬᠢᠵᠤ᠂ ᠦᠵᠡᠯ ᠰᠠᠨᠠᠭ᠎ᠠ ᠤᠯᠤᠰ ᠲᠦᠷᠦ ᠶ᠋ᠢᠨ ᠬᠢᠴᠢᠶᠡᠯ ᠤ᠋ᠨ ᠨᠡᠷᠡᠳᠦ ᠪᠠᠭᠰᠢ ᠶ᠋ᠢᠨ ᠠᠵᠢᠯᠯᠠᠬᠤ ᠦᠷᠦᠭᠡ ᠪᠡᠷ ᠳᠠᠪᠴᠠᠩ ᠪᠤᠯᠭᠠᠨ᠂ ᠦᠵᠡᠯ ᠰᠠᠨᠠᠭ᠎ᠠ ᠤᠯᠤᠰ ᠲᠦᠷᠦ ᠶ᠋ᠢᠨ ᠪᠠᠭᠰᠢ ᠶ᠋ᠢᠨ ᠡᠩᠨᠡᠭᠡ ᠶ᠋ᠢ ᠰᠠᠢᠳᠦᠷ ᠳᠠᠭᠠᠭᠤᠯᠵᠤ ᠂ ᠪᠠᠭᠰᠢ ᠨᠠᠷ ᠲᠠᠢ ᠬᠠᠮᠳᠤ ᠪᠡᠷ ᠦᠰᠦᠨ ᠪᠤᠢᠵᠢᠬᠤ ᠪᠡᠷ ᠴᠢᠷᠮᠠᠢᠨ᠎ᠠ》 ᠭᠡᠵᠦ ᠴᠧᠨ ᠼᠠᠢ ᠶᠦᠨ ᠬᠡᠯᠡᠪᠡ᠃

ᠤᠢᠯᠠᠭᠠᠭᠰᠠᠨ ᠶ᠋ᠢᠡᠷ᠂ ᠤᠯᠤᠰ ᠤ᠋ᠨ ᠨᠢᠭᠡᠳᠦᠯᠳᠠᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠢ᠋ ᠳᠡᠯᠭᠡᠷᠡᠭᠦᠯᠬᠦ ᠠᠵᠢᠯ ᠢ᠋ ᠤᠷᠤᠭᠰᠢᠳᠠᠢ ᠠᠬᠢᠭᠤᠯᠬᠤ ᠶ᠋ᠢᠨ ᠲᠦᠯᠦᠭᠡ᠂ ᠡᠵᠡᠨ᠎ᠠ ᠬᠤᠰᠢᠭᠤᠨ ᠤ᠋ ᠰᠤᠷᠭᠠᠨ ᠬᠦᠮᠦᠵᠢᠯ ᠪᠡᠶ᠎ᠠ ᠶ᠋ᠢᠨ ᠲᠠᠮᠢᠷ ᠤ᠋ᠨ ᠲᠤᠪᠴᠢᠶ᠎ᠠ ᠠᠯᠢ ᠤᠯᠠᠨ ᠠᠷᠭ᠎ᠠ ᠬᠡᠮᠵᠢᠶ᠎ᠠ ᠳᠤᠭᠳᠠᠭᠠᠵᠠᠢ᠃ ᠤᠨᠤᠯ ᠤ᠋ᠨ ᠵᠡᠪᠰᠡᠭᠯᠡᠯ ᠢ᠋ ᠴᠢᠩᠭᠠᠳᠬᠠᠬᠤ ᠪᠡᠷ ᠤᠳᠤᠷᠢᠳᠤᠮᠵᠢ ᠪᠤᠯᠭᠠᠵᠤ᠂ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤ᠋ᠨ ᠰᠤᠷᠭᠠᠨ ᠬᠦᠮᠦᠵᠢᠯ ᠵᠢᠭᠠᠨ ᠰᠤᠷᠭᠠᠯᠳᠠ ᠶ᠋ᠢᠨ ᠶᠠᠰᠤ ᠴᠢᠨᠠᠷ ᠢ᠋ ᠳᠡᠭᠡᠭᠰᠢᠯᠡᠭᠦᠯᠬᠦ ᠪᠡᠷ ᠭᠤᠤᠯᠳᠠᠯᠭ᠎ᠠ ᠪᠤᠯᠭᠠᠨ᠂ ᠳᠤᠮᠳᠠᠳᠤ ᠪᠠᠭ᠎ᠠ ᠰᠤᠷᠭᠠᠭᠤᠯᠢ ᠶ᠋ᠢᠨ ᠪᠠᠭᠰᠢ ᠨᠠᠷ ᠢ᠋ ᠰᠤᠩᠭᠤᠨ ᠲᠤᠮᠢᠯᠠᠵᠤ ᠰᠤᠯᠢᠯᠴᠠᠨ ᠵᠢᠭᠠᠨ ᠰᠤᠷᠭᠠᠬᠤ᠂ ᠬᠡᠪ ᠳᠠᠭᠤᠷᠢᠶᠠᠯ ᠦᠵᠡᠭᠦᠯᠬᠦ ᠵᠡᠷᠭᠡ ᠠᠵᠢᠯᠯᠠᠭ᠎ᠠ ᠦᠷᠨᠢᠭᠦᠯᠪᠡ᠃ ᠡᠭᠦᠨ ᠤ᠋ ᠬᠠᠮᠳᠤ ᠪᠤᠳᠠᠳᠤ ᠪᠠᠢᠳᠠᠯ ᠲᠠᠢ ᠪᠡᠨ ᠤᠶᠠᠯᠳᠤᠭᠤᠯᠤᠨ 《ᠡᠵᠡᠨ᠎ᠠ ᠬᠤᠰᠢᠭᠤᠨ ᠤ᠋ ᠭᠤᠷᠪᠠᠨ ᠲᠦᠷᠦᠯ ᠤ᠋ᠨ ᠬᠢᠴᠢᠶᠡᠯ ᠤ᠋ᠨ ᠨᠢᠭᠡᠳᠦᠯᠳᠠᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠤ᠋ᠨ ᠪᠠᠭᠰᠢ ᠨᠠᠷ ᠢ᠋ ᠪᠤᠯᠪᠠᠰᠤᠷᠠᠯ ᠬᠦᠷᠳᠡᠭᠡᠬᠦ ᠲᠦᠰᠦᠯ》 ᠳᠤᠭᠳᠠᠭᠠᠨ᠂ ᠰᠤᠷᠭᠠᠭᠤᠯᠢ ᠶ᠋ᠢᠨ ᠬᠤᠭᠤᠷᠤᠨᠳᠤ ᠪᠡᠨ ᠰᠤᠯᠢᠯᠴᠠᠬᠤ᠂ ᠤᠨᠴᠠ ᠪᠠᠢᠷᠢ ᠶ᠋ᠢᠨ ᠪᠠᠭᠰᠢ ᠡᠯᠰᠡᠬᠦ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ᠂ ᠪᠠᠭᠰᠢ ᠨᠠᠷ ᠤ᠋ᠨ ᠰᠤᠷᠭᠠᠨ ᠬᠦᠮᠦᠵᠢᠭᠦᠯᠵᠦ ᠵᠢᠭᠠᠨ ᠰᠤᠷᠭᠠᠬᠤ ᠴᠢᠳᠠᠪᠤᠷᠢ ᠶ᠋ᠢ ᠪᠦᠲᠦᠮᠵᠢᠳᠠᠢ ᠳᠡᠭᠡᠭᠰᠢᠯᠡᠭᠦᠯᠵᠦ᠂ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤ᠋ᠨ ᠰᠤᠷᠭᠠᠨ ᠬᠦᠮᠦᠵᠢᠯ ᠵᠢᠭᠠᠨ ᠰᠤᠷᠭᠠᠯᠳᠠ ᠶ᠋ᠢᠨ ᠶᠠᠰᠤ ᠴᠢᠨᠠᠷ ᠳᠤᠭᠳᠠᠭᠤᠨ ᠶ᠋ᠢᠡᠷ ᠰᠠᠢᠵᠢᠷᠠᠬᠤ ᠶ᠋ᠢ ᠦᠨᠡᠨ ᠬᠦ᠌ ᠪᠠᠳᠤᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面