2024-06-23 16:38:42
ᠡᠨᠡ ᠵᠢᠯ᠎ᠡᠴᠡ ᠨᠠᠭᠠᠰᠢ᠂ ᠣᠷᠳᠣᠰ ᠬᠤᠳᠠ᠎ᠶᠢᠨ ᠤᠳᠤᠭ᠎ᠤᠨ ᠡᠮᠦᠨᠡᠲᠦ ᠬᠣᠰᠢᠭᠤᠨ᠎ᠤ ᠨᠠᠩᠰᠤ ᠪᠠᠭ᠎ᠠ ᠰᠤᠷᠭᠠᠭᠤᠯᠢ ᠡᠯᠪᠡᠭ ᠪᠠᠶᠠᠯᠢᠭ᠋ ᠠᠴᠢᠶᠠᠯᠠᠪᠤᠷᠢ᠎ᠪᠠᠷ ᠳᠠᠮᠵᠢᠭᠤᠯᠤᠨ᠂ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠦᠷᠢᠮᠵᠢᠭᠦᠯᠦᠨ ᠬᠡᠷᠡᠭᠯᠡᠬᠦ ᠤᠬᠠᠮᠰᠠᠷ ᠪᠣᠯᠣᠨ ᠬᠡᠷᠡᠭᠯᠡᠭᠡᠨ᠎ᠦ ᠴᠢᠳᠠᠪᠤᠷᠢ᠎ᠶᠢ ᠲᠠᠰᠤᠷᠠᠯᠲᠠ ᠦᠭᠡᠢ ᠳᠡᠭᠡᠭᠰᠢᠯᠡᠭᠦᠯᠵᠡᠢ᠃
ᠨᠠᠩᠰᠤ ᠪᠠᠭ᠎ᠠ ᠰᠤᠷᠭᠠᠭᠤᠯᠢ 《ᠨᠠᠢ᠍ᠮᠠᠨ ᠨᠢᠭᠡ᠎ᠶᠢᠨ ᠢᠨᠵᠧᠨᠧᠷᠢᠩ》ᠵᠢᠡᠷ ᠠᠴᠢᠶᠠᠯᠠᠪᠤᠷᠢ ᠪᠣᠯᠭᠠᠵᠤ᠂ ᠰᠠᠮᠪᠠᠷ᠎ᠠ᠎ᠶᠢᠨ ᠪᠢᠴᠢᠯᠭᠡ ᠵᠢᠨ ᠵᠢᠷᠤᠭ ᠲᠥᠯᠥᠪᠯᠡᠭᠡ᠂ ᠨᠡᠢᠲᠡᠯᠢᠭ ᠬᠡᠯᠡᠨ᠎ᠦ ᠤᠷᠠᠨ ᠤᠩᠰᠢᠯᠭ᠎ᠠ᠂ ᠢᠯᠠ ᠬᠢᠴᠢᠶᠡᠯ᠎ᠦᠨ ᠦᠵᠡᠭᠦᠯᠭᠡ ᠵᠡᠷᠭᠡ ᠠᠷᠭ᠎ᠠ ᠬᠡᠯᠪᠡᠷᠢ᠎ᠪᠡᠷ ᠪᠠᠭ᠍ᠰᠢ ᠨᠠᠷ᠎ᠤᠨ ᠦᠨᠳᠦᠰᠦᠨ ᠴᠢᠳᠠᠪᠤᠷᠢ᠎ᠶᠢ ᠳᠠᠪᠲᠠᠨ ᠪᠣᠯᠪᠠᠰᠤᠷᠠᠭᠤᠯᠵᠤ᠂ ᠪᠠᠭ᠍ᠰᠢ᠎ᠨᠠᠷ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠬᠡᠷᠡᠭᠯᠡᠭᠡᠨ᠎ᠦ ᠴᠢᠳᠠᠪᠤᠷᠢ᠎ᠶᠢ ᠴᠢᠩᠭᠠᠳᠬᠠᠭᠰᠠᠨ᠎ᠢᠶᠠᠷ ᠪᠠᠷᠠᠬᠤ ᠦᠭᠡᠢ ᠪᠠᠰᠠ ᠰᠤᠷᠤᠭ᠍ᠴᠢᠳ᠎ᠲᠤ ᠨᠡᠩ ᠴᠢᠨᠠᠷᠰᠠᠢᠲᠠᠢ ᠤᠯᠤᠰ ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯᠬᠠᠩᠭᠠᠭᠰᠠᠨ ᠪᠠᠢᠨ᠎ᠠ᠃
ᠰᠤᠷᠭᠠᠭᠤᠯᠢ᠎ᠶᠢᠨ ᠬᠢᠨ《ᠤᠳᠤᠨ ᠬᠡᠦᠬᠡᠳ》ᠨᠣᠮ ᠤᠩᠰᠢᠬᠤ ᠠᠵᠢᠯᠯᠠᠭ᠎ᠠ᠎ᠶᠢ ᠡᠬᠢᠯᠡᠭᠦᠯᠵᠦ᠂ ᠰᠤᠷᠤᠭ᠍ᠴᠢᠳ᠎ᠲᠤ ᠴᠠᠭ ᠢᠮᠠᠭᠲᠠ ᠬᠢᠲᠠᠳ ᠬᠡᠯᠡ ᠤᠩᠰᠢᠬᠤ ᠣᠷᠣᠨ ᠵᠠᠢ ᠣᠯᠭᠣᠵᠤ᠂ ᠡᠯᠪᠡᠭ ᠪᠠᠶᠠᠯᠢᠭ᠋ ᠨᠣᠮ ᠪᠢᠴᠢᠭ ᠬᠠᠩᠭᠠᠨ ᠥᠭᠴᠦ᠂ ᠥᠷᠯᠥᠭᠡ᠎ᠶᠢᠨ ᠤᠩᠰᠢᠯᠭ᠎ᠠ᠂ ᠦᠳᠡ᠎ᠶᠢᠨ ᠪᠢᠴᠢᠯᠭᠡ᠂ ᠦᠳᠡᠰᠢ᠎ᠶᠢᠨ ᠤᠩᠰᠢᠯᠭ᠎ᠠ᠎ᠶᠢᠨ ᠰᠢᠷᠢᠰ ᠠᠵᠢᠯᠯᠠᠭ᠎ᠠ ᠦᠷᠨᠢᠬᠦᠯᠬᠦ᠎ᠪᠠᠷ ᠳᠠᠮᠵᠢᠭᠤᠯᠤᠨ᠂ ᠰᠤᠷᠤᠭ᠍ᠴᠢᠳ᠎ᠤᠨ ᠡᠳᠦᠷ ᠪᠦᠷᠢ ᠬᠠᠭᠠᠰ ᠴᠠᠭ᠎ᠤᠨ ᠤᠩᠰᠢᠯᠭ᠎ᠠ᠎ᠶᠢᠨ ᠴᠠᠭ᠎ᠢ ᠪᠠᠲᠤᠯᠠᠭᠰᠠᠨ ᠪᠠᠢᠨ᠎ᠠ᠃ ᠡᠭᠦᠨ᠎ᠦ ᠬᠠᠮᠲᠤ᠂ ᠨᠣᠮ ᠤᠩᠰᠢᠯᠭ᠎ᠠ ᠵᠢᠨ ᠬᠤᠪᠢᠶᠠᠯᠴᠠᠬᠤ ᠬᠤᠷᠠᠯ᠂ ᠤᠷᠠᠨ ᠤᠩᠰᠢᠯᠭ᠎ᠠ᠎ᠶᠢᠨ ᠤᠷᠤᠯᠳᠤᠭᠠᠨ ᠵᠡᠷᠭᠡ ᠠᠵᠢᠯᠯᠠᠭ᠎ᠠ᠎ᠶᠢ ᠡᠷᠬᠢᠯᠡᠵᠦ᠂ ᠰᠤᠷᠤᠭ᠍ᠴᠢᠳ᠎ᠤᠨ ᠢᠯᠡᠭᠦᠬᠡᠨ ᠨᠣᠮ ᠤᠩᠰᠢᠬᠤ᠂ ᠰᠠᠢᠨ ᠨᠣᠮ ᠤᠩᠰᠢᠬᠤ᠎ᠶᠢ ᠵᠣᠷᠢᠭ᠍ᠵᠢᠭᠤᠯᠵᠤ᠂ ᠤᠩᠰᠢᠯᠭ᠎ᠠ᠎ᠶᠢᠨ ᠳᠠᠳᠬᠠᠯ᠎ᠢ ᠬᠥᠮᠥᠵᠢᠭᠦᠯᠵᠦ᠂ ᠰᠤᠷᠤᠭ᠍ᠴᠢᠳ᠎ᠤᠨ ᠬᠠᠷᠠᠭ᠎ᠠ᠎ᠶᠢ ᠲᠡᠯᠡᠵᠦ᠂ ᠵᠤᠬᠢᠶᠠᠨ ᠪᠢᠴᠢᠯᠬᠡ ᠵᠢᠨ ᠴᠢᠳᠠᠪᠤᠷᠢ ᠵᠢ ᠳᠡᠭᠡᠭᠰᠢᠯᠡᠬᠦᠯᠦᠭᠰᠡᠨ ᠪᠠᠢᠨ᠎ᠠ᠃
ᠤᠯᠤᠰ᠎ᠤᠨ ᠨᠡᠢᠳᠡᠯᠢᠭ ᠬᠡᠯᠡ ᠵᠢ ᠲᠦᠬᠡᠮᠡᠯᠵᠢᠬᠦᠯᠬᠦ ᠭᠠᠷᠠᠭ᠎ᠤᠨ ᠠᠵᠢᠯᠯᠠᠭ᠎ᠠ ᠵᠢᠨ ᠬᠤᠭᠤᠴᠠᠭᠠᠨ᠎ᠳᠤ᠂ ᠭᠣᠣᠯ ᠰᠡᠳᠦᠪᠲᠦ ᠠᠩᠭᠢ᠎ᠶᠢᠨ ᠬᠤᠷᠠᠯ᠂ ᠶᠠᠷᠢᠶ᠎ᠠ ᠢᠯᠡᠳᠬᠡᠯ᠎ᠦᠨ ᠤᠷᠤᠯᠳᠤᠭᠠᠨ᠂ ᠤᠷᠠᠨ ᠪᠢᠴᠢᠯᠭᠡ᠎ᠶᠢᠨ ᠦᠵᠡᠭᠦᠯᠭᠡ ᠵᠡᠷᠭᠡ ᠠᠵᠢᠯᠯᠠᠭ᠎ᠠ ᠥᠷᠨᠢᠭᠦᠯᠵᠦ᠂ ᠰᠤᠷᠤᠭ᠍ᠴᠢᠳᠲᠸ᠋ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠤᠳᠬ᠎ᠠ ᠤᠶᠠᠩᠭ᠎ᠠ᠎ᠶᠢᠨ ᠭᠤᠸ᠎ᠠ ᠰᠠᠢᠬᠠᠨ᠎ᠢ ᠮᠡᠳᠡᠷᠡᠭᠦᠯᠪᠡ ᠃ ᠰᠤᠷᠭᠠᠭᠤᠯᠢ᠎ᠶᠢᠨ ᠬᠦᠷᠢᠶᠡᠨ᠎ᠦ ᠷᠠᠳᠢᠣ᠋ ᠨᠡᠪᠲᠡᠷᠡᠭᠦᠯᠭᠡ᠎ᠶᠢᠨ ᠦᠷᠳᠡᠭᠡ᠎ᠶᠢ ᠠᠰᠢᠭ᠍ᠯᠠᠨ᠂ ᠰᠣᠨᠢᠨ ᠮᠡᠳᠡᠭᠡ᠂ ᠦᠯᠢᠭᠡᠷ᠂ ᠰᠢᠯᠦᠭ ᠳᠠᠭᠤᠯᠠᠯ ᠨᠠᠪᠲᠠᠷᠡᠭᠦᠯᠵᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠮᠡᠳᠡᠯᠭᠡ᠎ᠶᠢ ᠤᠯᠠᠮᠵᠢᠯᠠᠵᠤ᠂ ᠰᠤᠷᠤᠭ᠍ᠴᠢᠳ᠎ᠢ ᠴᠢᠯᠦᠬᠡᠳᠡᠢ ᠰᠠᠢᠬᠠᠨ ᠠᠭᠤᠷ ᠠᠮᠢᠰᠬᠤᠯ᠎ᠤᠨ ᠳᠤᠮᠳᠠ ᠤᠯᠤᠰ ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠭᠤᠯᠤᠨ᠎ᠠ᠃ ᠡᠭᠦᠨ᠎ᠦ ᠬᠠᠮᠲᠤ᠂ ᠰᠣᠩᠭᠣᠳᠠᠭ ᠵᠣᠬᠢᠶᠠᠯ᠎ᠢ ᠤᠩᠰᠢᠬᠤ᠂ ᠪᠢᠴᠢᠬᠦ᠂ ᠶᠠᠷᠢᠬᠤ ᠤᠷᠤᠯᠳᠤᠭᠠᠨ᠎ᠢ ᠵᠣᠬᠢᠶᠠᠨ ᠪᠠᠢᠭᠤᠯᠤᠨ ᠥᠷᠨᠢᠭᠦᠯᠵᠦ᠂ ᠦᠭᠡ ᠬᠡᠯᠡᠨ᠎ᠦ ᠢᠯᠡᠳᠬᠡᠬᠦ ᠴᠢᠳᠠᠪᠤᠷᠢ᠎ᠵᠢ ᠳᠡᠭᠡᠭᠰᠢᠯᠡᠭᠦᠯᠦᠨ᠂ ᠦᠭᠡ ᠬᠡᠯᠡᠨ᠎ᠦ ᠠᠪᠢᠶᠠᠰ ᠴᠢᠳᠠᠪᠤᠷᠢ᠎ᠪᠠᠨ ᠢᠯᠡᠷᠡᠭᠦᠯᠵᠦ᠂ ᠳᠤᠮᠳᠠᠳᠤ᠎ᠶᠢᠨ ᠰᠣᠶᠣᠯ᠎ᠤᠨ ᠲᠠᠨᠢᠨ ᠮᠡᠳᠡᠷᠡᠬᠦᠢ ᠪᠠ ᠣᠮᠣᠭ ᠪᠠᠬᠠᠳᠤᠯᠲᠤ ᠰᠡᠳᠬᠢᠯᠭᠡ᠎ᠵᠢ ᠨᠡᠮᠡᠭᠳᠡᠭᠦᠯᠦᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃