2024-06-05 09:50:34
ᠣᠢᠷ᠎ᠠ᠎ᠶ᠋ᠢᠨ ᠵᠢᠯ᠎ᠦᠳ᠎ᠲᠦ ᠦᠬᠠᠶ ᠬᠣᠲᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ᠌᠎ᠶ᠋ᠢ ᠪᠥᠬᠥ᠌ ᠠᠷᠠᠳ᠎ᠤᠨ ᠨᠣᠮ ᠤᠩᠱᠢᠬᠤ ᠠᠵᠢᠯ᠎ᠢ ᠠᠬᠢᠭᠤᠯᠬᠤ᠎ᠲᠠᠶ ᠣᠷᠭᠠᠨᠢᠭ᠎ᠢᠶᠠᠷ ᠤᠶᠠᠯᠳᠤᠭᠤᠯᠵᠤ᠂ 《ᠪᠥᠬᠥ᠌ ᠠᠷᠠᠳᠵᠢᠡᠷᠵᠢᠡᠨ ᠨᠣᠮ ᠤᠩᠱᠢᠬᠤ·ᠨᠤᠮ ᠪᠢᠴᠢᠭ᠎ᠲᠦ ᠦᠬᠠᠶ》 ᠰᠣᠶᠣᠯ᠎ᠤᠨ ᠲᠦᠷᠦᠯ ᠲᠡᠮᠳᠡᠭ᠎ᠢ ᠭᠦᠨᠵᠡᠭᠡᠶ ᠡᠭᠦᠳᠬᠦ᠌᠎ᠪᠡᠷ ᠳᠠᠮᠵᠢᠭᠤᠯᠤᠨ ᠪᠥᠬᠥ᠌ ᠠᠷᠠᠳᠵᠢᠡᠷᠵᠢᠡᠨ ᠨᠣᠮ ᠤᠩᠱᠢᠬᠤ ᠡᠯᠪᠡᠭ ᠪᠠᠶᠠᠯᠢᠭ ᠱᠢᠷᠢᠰ ᠠᠵᠢᠯᠯᠠᠭ᠎ᠠ᠎ᠶ᠋ᠢ ᠥᠷᠨᠢᠭᠦᠯᠵᠦ᠍᠂ ᠪᠥᠬᠥ᠌ ᠠᠷᠠᠳ᠎ᠢᠶᠡᠷ᠎ᠢᠶᠡᠨ ᠨᠤᠮ ᠤᠩᠰᠢᠬᠤ ᠠᠭᠤᠷ ᠠᠮᠢᠰᠬᠤᠯ ᠳᠤᠮᠳᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠰᠠᠢᠲᠤᠷ ᠰᠤᠷᠴᠤ ᠰᠠᠢᠲᠤᠷ ᠬᠡᠷᠡᠭ᠌ᠯᠡᠭᠦ ᠵᠢ ᠠᠬᠢᠭᠤᠯᠪᠠ᠃
ᠦᠬᠠᠶ ᠨᠣᠮ᠎ᠤᠨ ᠬᠤᠲᠠ ᠪᠣᠯ ᠲᠤᠬᠠᠶ᠎ᠶ᠋ᠢᠨ ᠭᠠᠵᠠᠷ᠎ᠤᠨ ᠨᠢᠭᠡᠨ ᠨᠡᠷᠡᠲᠦ ᠨᠣᠮ᠎ᠤᠨ ᠳᠡᠯᠭᠡᠭᠦᠷ ᠪᠣᠯᠤᠨ᠎ᠠ᠂ ᠭᠠᠷᠠᠭ᠎ᠤᠨ ᠰᠡᠭᠦᠯᠴᠢ ᠪᠣᠯᠬᠤ ᠪᠦᠷᠢ ᠡᠨᠳᠡ ᠨᠤᠮ ᠤᠨᠭᠰᠢᠬᠤ ᠪᠡᠷ ᠢᠷᠡᠭᠰᠡᠳ ᠮᠠᠰᠢ ᠤᠯᠠᠨ ᠪᠤᠢ᠃ ᠨᠣᠮ᠎ᠤᠨ ᠬᠣᠲᠠ᠎ᠶ᠋ᠢᠨ ᠨᠢᠭᠡᠳᠦᠭᠡᠷ ᠳᠠᠪᠬᠤᠷᠭ᠎ᠠ᠎ᠵᠢᠨ ᠨᠣᠮ᠎ᠤᠨ ᠵᠢᠶᠠᠰᠠᠨ᠎ᠳᠤ ᠳᠦᠭᠦᠷᠡᠨᠭ ᠨᠣᠮ ᠵᠡᠷᠭᠡᠯᠡᠨ ᠳᠠᠯᠪᠢᠬᠳᠠᠵᠦ᠂ ᠣᠯᠠᠨ᠎ᠢᠶᠠᠷ᠎ᠢᠶᠠᠨ ᠨᠠᠷᠢᠨ ᠬᠢᠨᠠᠮᠠᠭᠠᠶ ᠨᠤᠮ ᠰᠣᠩᠭᠣᠨ ᠨᠤᠮ ᠬᠤᠳᠠᠯᠳᠤᠨ ᠠᠪᠴᠤ᠌᠂ ᠭᠠᠷᠠᠭ᠎ᠤᠨ ᠰᠡᠭᠦᠯᠴᠢ᠎ᠶ᠋ᠢᠨ ᠲᠠᠭᠠᠯᠠᠮᠵᠢᠲᠠᠶ ᠴᠠᠭ ᠮᠥᠴᠡ᠎ᠶ᠋ᠢ ᠡᠳ᠋ᠯᠡᠨ᠎ᠡ᠃
《ᠡᠨᠳᠡᠬᠢ ᠤᠩᠱᠢᠯᠭ᠎ᠠ᠎ᠶ᠋ᠢᠨ ᠠᠭᠤᠷ ᠠᠮᠢᠰᠭᠤᠯ ᠮᠠᠰᠢ ᠰᠠᠢᠨ᠂ ᠭᠠᠷᠠᠭ ᠪᠦᠷᠢ ᠡᠨᠳᠡ ᠢᠷᠡᠵᠦ᠍ ᠨᠣᠮ ᠤᠩᠱᠢᠵᠤ ᠨᠣᠮ ᠬᠤᠳᠠᠯᠳᠤᠨ ᠠᠪᠬᠤ ᠨᠢ ᠮᠠᠰᠢ ᠣᠯᠠᠨ ᠬᠢᠴᠢᠶᠡᠯ᠎ᠦᠨ ᠭᠠᠳᠠᠨᠠᠬᠢ ᠮᠡᠳᠡᠯᠭᠡ᠎ᠵᠢ ᠰᠤᠷᠴᠤ ᠴᠢᠳᠠᠬᠤ ᠪᠠᠷ ᠪᠠᠷᠠᠬᠤ ᠥᠬᠡᠶ ᠥᠪᠡᠷ᠎ᠤᠨ ᠬᠢᠲᠠᠳ ᠦᠭᠡ ᠬᠡᠯᠡ ᠥᠰᠥᠭ ᠪᠢᠴᠢᠭ᠎ᠢ ᠰᠠᠢᠲᠤᠷ ᠰᠤᠷᠬᠤ᠂ ᠦᠭᠡ ᠬᠡᠯᠡᠨ᠎ᠦ ᠣᠢᠯᠠᠭᠠᠬᠤ ᠴᠢᠳᠠᠪᠤᠷᠢ᠎ᠪᠠᠨ ᠳᠡᠭᠡᠭ᠌ᠰᠢᠯᠡᠭᠦᠯᠬᠦ᠌᠂ ᠵᠣᠬᠢᠶᠠᠨ ᠪᠢᠴᠢᠬᠦ᠌ ᠲᠦᠪᠱᠢᠨ᠎ᠢᠶᠡᠨ ᠳᠡᠭᠡᠭ᠌ᠰᠢᠯᠡᠭᠦᠯᠬᠦ᠌᠎ᠳᠦ ᠮᠠᠰᠢ ᠶᠡᠬᠡ ᠬᠠᠪᠰᠤᠷᠤᠯᠭ᠎ᠠ ᠪᠣᠯᠬᠤ ᠶᠤᠮ》 ᠭᠡᠵᠦ᠍ ᠰᠤᠷᠤᠭ᠍ᠴᠢ ᠮᠸᠩ ᠴᠢ ᠨᠠᠨ ᠬᠡᠯᠡᠪᠡ᠃
ᠲᠣᠰ ᠬᠣᠲᠠ᠎ᠶ᠋ᠢᠨ ᠨᠠᠮ ᠵᠠᠰᠠᠭ᠎ᠤᠨ ᠪᠠᠢᠭᠤᠯᠭ᠎ᠠ᠎ᠳᠤ ᠮᠦᠨ ᠨᠣᠮ ᠤᠩᠰᠢᠬᠤ ᠰᠠᠢᠨ ᠰᠠᠢᠬᠠᠨ ᠠᠭᠤᠷ ᠠᠮᠢᠰᠬᠤᠯ ᠲᠠᠢ ᠪᠠᠢᠳᠠᠭ᠃ ᠣᠢᠷ᠎ᠠ᠎ᠶ᠋ᠢᠨ ᠡᠳᠦᠷ᠎ᠦᠳ᠎ᠲᠦ ᠦᠬᠠᠶ ᠬᠣᠲᠠ᠎ᠶ᠋ᠢᠨ ᠵᠠᠰᠠᠭ ᠵᠠᠬᠢᠷᠭᠠᠨ᠎ᠤ ᠲᠥᠪ᠎ᠦᠨ C ᠠᠰᠠᠷ᠎ᠤᠨ ᠵᠡᠭᠦᠨ ᠲᠢᠩᠬᠢᠮ᠎ᠦᠨ ᠬᠠᠮᠲᠤ ᠪᠡᠷ ᠡᠳ᠋ᠯᠡᠬᠦ ᠤᠩᠱᠢᠯᠭ᠎ᠠ᠎ᠵᠢᠨ ᠳᠤᠭᠤᠷᠢᠭ ᠨᠢ ᠺᠠᠳ᠋ᠷ ᠠᠵᠢᠯᠲᠠᠨ᠎ᠤ ᠠᠵᠢᠯ᠎ᠤᠨ ᠴᠢᠯᠥᠭᠡᠨ᠎ᠦ 《ᠬᠠᠯᠠᠮᠰᠢᠯ ᠭᠠᠵᠠᠷ》 ᠪᠣᠯᠤᠭ᠍ᠰᠠᠨ ᠪᠠᠢᠨ᠎ᠠ᠃ ᠬᠠᠮᠲᠤ᠎ᠪᠠᠷ ᠡᠳ᠋ᠯᠡᠬᠦ᠌ ᠤᠩᠱᠢᠯᠭ᠎ᠠ᠎ᠶ᠋ᠢᠨ ᠳᠤᠭᠤᠷᠢᠭ ᠨᠢ ᠨᠣᠮ ᠤᠩᠱᠢᠵᠤ ᠰᠤᠷᠤᠯᠴᠠᠬᠤ᠂ ᠤᠳᠭ᠎ᠠ ᠤᠷᠠᠯᠢᠭ᠎ᠤᠨ ᠵᠣᠬᠢᠶᠠᠨ ᠪᠦᠲᠦᠭᠡᠬᠦ᠌ ᠵᠡᠷᠭᠡ ᠤᠯᠠᠨ ᠴᠢᠳᠠᠮᠵᠢ᠎ᠶ᠋ᠢ ᠲᠥᠪᠯᠡᠷᠡᠭᠦᠯᠵᠦ᠍᠂ ᠵᠤᠭ᠎ᠠ ᠰᠡᠯᠡᠭᠦᠴᠡᠯ᠂ ᠤᠩᠱᠢᠯᠭ᠎ᠠ᠂ ᠨᠡᠢᠭᠡᠮ᠎ᠦᠨ ᠬᠠᠷᠢᠯᠴᠠᠭ᠎ᠠ ᠵᠡᠷᠭᠡ ᠬᠣᠱᠢᠭᠤᠷᠠᠯ ᠰᠣᠶᠣᠯ᠎ᠤᠨ ᠦᠵᠡᠯ ᠰᠠᠨᠠᠭ᠎ᠠ ᠣᠢᠯᠠᠭᠠᠭ᠍ᠳᠠᠬᠤᠨ᠎ᠢ ᠤᠤᠯ᠎ᠤᠨ ᠣᠷᠴᠢᠨ ᠲᠣᠭᠣᠷᠢᠨ᠂ ᠲᠤᠨᠤᠭ ᠲᠥᠬᠥᠭᠡᠷᠦᠮᠵᠢ ᠲᠡᠶ ᠠᠭᠤᠰᠤᠯᠴᠠᠭᠤᠯᠵᠤ᠂ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ᠎ᠳᠤ ᠰᠡᠳᠭᠢᠯ ᠠᠮᠤᠷ ᠨᠣᠮ ᠤᠩᠱᠢᠬᠤ ᠲᠠᠯᠠᠪᠤᠷ ᠬᠠᠩᠭᠠᠵᠤ᠂ 《ᠨᠣᠮ ᠤᠩᠱᠢᠬᠤ ᠳᠤᠷᠠᠲᠠᠢ᠂ ᠰᠠᠢ᠌ᠨ ᠨᠣᠮ ᠤᠩᠱᠢᠬᠤ᠂ ᠨᠣᠮ ᠤᠩᠱᠢᠬᠤ᠎ᠳᠠᠭᠠᠨ ᠴᠢᠳᠠᠮᠠᠭᠠᠢ》 ᠪᠠᠢᠬᠤ ᠭᠦᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠵᠠᠢ᠃
ᠣᠢᠷ᠎ᠠ᠎ᠶ᠋ᠢᠨ ᠵᠢᠯ᠎ᠳᠦ ᠦᠬᠠᠶ ᠬᠣᠲᠠ 《ᠰᠠᠭᠤᠭᠠᠯᠢ ᠠᠷᠠᠳ᠎ᠲᠤ 15 ᠮᠢᠨᠦ᠋ᠲ ᠠᠯᠬᠤᠪᠠᠯ ᠳᠠᠷᠤᠶ ᠤᠨᠭᠰᠢᠯᠭ᠎ᠠ ᠵᠢᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠲᠥᠬᠥᠭᠡᠷᠦᠮᠵᠢ᠎ᠶ᠋ᠢ ᠡᠳ᠋ᠯᠡᠭᠦᠯᠵᠦ᠍ ᠴᠢᠳᠠᠬᠤ》 ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠠᠩᠬᠢ᠂ ᠡᠮᠨᠡᠯᠭᠡ᠎ᠶ᠋ᠢᠨ ᠬᠣᠷᠢᠶ᠎ᠠ᠂ ᠭᠠᠢᠯᠢ᠎ᠶ᠋ᠢᠨ ᠶᠠᠪᠤᠳᠠᠯ᠂ ᠴᠠᠬᠢᠯᠭᠠᠨ᠎ᠤ ᠦᠶ᠋ᠯᠡᠰ ᠵᠡᠷᠭᠡ 165 ᠴᠣᠩᠬᠤᠪᠴᠢ ᠨᠢᠭᠡᠴᠢ᠎ᠳᠦ ᠤᠩᠱᠢᠯᠭ᠎ᠠ᠎ᠶ᠋ᠢᠨ ᠣᠷᠣᠨ ᠪᠠᠢᠭᠤᠯᠵᠤ᠂ 36065 ᠵᠦᠶ᠋ᠯ᠎ᠦᠨ 53683 ᠳᠡᠪᠲᠡᠷ ᠨᠣᠮ ᠪᠢᠴᠢᠭ᠎ᠢ ᠦᠨ᠎ᠡ ᠲᠥᠯᠥᠪᠦᠷᠢ ᠥᠬᠡᠶ᠎ᠪᠡᠷ ᠲᠣᠬᠢᠷᠠᠭᠤᠯᠤᠨ ᠬᠦᠷᠭᠡᠬᠦ᠌᠎ᠶ᠋ᠢᠨ ᠬᠠᠮᠲᠤ ᠡᠲᠡᠭᠡᠷ ᠨᠣᠮ ᠪᠢᠴᠢᠭ᠎ᠢ ᠬᠣᠲᠠ᠂ ᠲᠣᠭᠣᠷᠢᠭ ᠬᠣᠶᠠᠷ ᠱᠠᠲᠤᠨ᠎ᠤ ᠨᠣᠮ᠎ᠤᠨ ᠰᠠᠩ᠎ᠤᠨ ᠡᠬᠢ ᠪᠠᠶᠠᠯᠢᠭ᠎ᠲᠠᠶ ᠬᠠᠮᠲᠤ᠎ᠪᠠᠷ ᠡᠳ᠋ᠯᠡᠵᠦ᠍᠂ ᠲᠣᠭ᠍ᠲᠠᠮᠠᠯ ᠬᠤᠭᠤᠴᠠᠭ᠎ᠠ᠎ᠲᠠᠶ᠎ᠪᠠᠷ ᠨᠣᠮ ᠪᠢᠴᠢᠭ᠎ᠢᠶᠡᠨ ᠰᠣᠯᠢᠵᠤ᠂ ᠪᠥᠬᠥ᠌ ᠬᠣᠲᠠ᠎ᠶ᠋ᠢᠨ ᠨᠣᠮ ᠪᠢᠴᠢᠭ᠎ᠢ ᠪᠥᠬᠥ᠌ ᠴᠠᠷᠠᠭᠠᠨ᠎ᠳᠤ ᠲᠣᠬᠢᠷᠠᠭᠤᠯᠤᠨ ᠬᠦᠷᠭᠡᠬᠦ᠌᠂ ᠪᠥᠬᠥ᠌ ᠴᠠᠷᠠᠭᠠᠨ᠎ᠳᠤ ᠭᠦᠶ᠋ᠯᠭᠡᠭᠡᠬᠦ᠌᠂ ᠪᠥᠬᠥ᠌ ᠴᠠᠷᠠᠭᠠᠨ᠎ᠳᠤ ᠣᠷᠴᠢᠯ ᠲᠠᠢ ᠪᠠᠢᠬᠤ᠎ᠶ᠋ᠢ ᠪᠡᠶᠡᠯᠡᠭᠦᠯᠪᠡ᠃
ᠦᠬᠠᠶ ᠬᠣᠲᠠ ᠪᠠᠰᠠ 《ᠨᠤᠮ ᠪᠢᠴᠢᠭ᠎ᠲᠦ ᠰᠤᠷᠭᠠᠭᠤᠯᠢ᠎ᠶ᠋ᠢᠨ ᠬᠦᠷᠢᠶ᠎ᠡ》᠎ᠶ᠋ᠢ ᠪᠠᠢᠭᠤᠯᠬᠤ ᠶᠠᠪᠤᠳᠠᠯ᠎ᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠰᠠᠢᠲᠤᠷ ᠰᠤᠷᠬᠤ᠎ᠶ᠋ᠢᠨ ᠴᠢᠬᠤᠯᠠ ᠭᠠᠷᠳᠠᠴᠠ ᠪᠣᠯᠭᠠᠵᠤ᠂ ᠪᠥᠬᠥ᠌ ᠬᠣᠲᠠ᠎ᠶ᠋ᠢᠨ ᠡᠯ᠎ᠡ ᠱᠠᠲᠤᠨ᠎ᠤ ᠡᠯ᠎ᠡ ᠲᠥᠷᠥᠯ᠎ᠦᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠦᠨ ᠴᠡᠴᠡᠷᠯᠢᠭ᠎ᠢ ᠬᠥᠲᠥᠯᠥᠨ ᠵᠢᠯᠣᠭᠣᠳᠴᠤ᠌ ᠬᠢᠴᠢᠶᠡᠯ᠎ᠦᠨ ᠬᠡᠷ᠎ᠦᠨ ᠥᠨᠴᠥᠭ ᠪᠤᠯᠤᠩ᠂ ᠠᠰᠠᠷ᠎ᠤᠨ ᠭᠤᠲᠤᠮᠵᠢ᠂ ᠠᠰᠠᠷ᠎ᠤᠨ ᠱᠠᠲᠤᠵᠡᠷᠭᠡ ᠤᠷᠤᠨ ᠵᠠᠢ᠎ᠵᠢ ᠭᠦᠶ᠋ᠴᠡᠳ ᠠᠱᠢᠭ᠍ᠯᠠᠨ 《ᠭᠤᠲᠤᠮᠵᠢ᠎ᠵᠢᠨ ᠨᠣᠮ᠎ᠤᠨ ᠥᠷᠲᠡᠭᠡ》᠂ 《ᠠᠩᠭᠢ᠎ᠶ᠋ᠢᠨ ᠨᠣᠮ᠎ᠤᠨ ᠥᠨᠴᠥᠭ》 ᠵᠡᠷᠭᠡ ᠤᠩᠱᠢᠯᠭ᠎ᠠ᠎ᠶ᠋ᠢᠨ ᠣᠷᠣᠨ ᠪᠦᠰᠡ᠎ᠶ᠋ᠢ 1300 ᠭᠠᠷᠤᠶ ᠪᠠᠢᠭᠤᠯᠵᠤ᠂ ᠤᠩᠱᠢᠯᠭ᠎ᠠ᠎ᠶ᠋ᠢ ᠰᠤᠷᠭᠠᠭᠤᠯᠢ᠎ᠶ᠋ᠢᠨ ᠬᠦᠷᠢᠶᠡᠨ᠎ᠦ ᠡᠯ᠎ᠡ ᠥᠨᠴᠥᠭ ᠪᠤᠯᠤᠩ᠎ᠳᠤ ᠨᠡᠪᠴᠢᠭᠦᠯᠦᠭ᠌ᠰᠡᠨ ᠪᠠᠢᠨ᠎ᠠ᠃
ᠡᠨᠡ ᠬᠦ᠌ ᠶᠠᠪᠤᠴᠠ᠎ᠳᠤ ᠦᠬᠠᠶ ᠬᠣᠲᠠ ᠨᠥᠯᠥᠭᠡᠯᠡᠬᠦ᠌ ᠬᠦᠴᠦᠨ᠎ᠲᠡᠶ ᠥᠪᠡᠷᠮᠢᠴᠡ ᠣᠨᠴᠠᠯᠢᠭ᠎ᠲᠠᠶ ᠤᠩᠱᠢᠯᠭ᠎ᠠ᠎ᠶ᠋ᠢᠨ ᠲᠦᠷᠦᠯ ᠲᠡᠮᠳᠡᠭ᠎ᠢ ᠲᠠᠰᠤᠷᠠᠯᠲᠠ ᠥᠬᠡᠶ ᠡᠭᠦᠳᠴᠦ᠍᠂ ᠨᠠᠩ ᠣᠯᠠᠨ ᠬᠣᠲᠠ᠎ᠶ᠋ᠢᠨ ᠠᠷᠠᠳ᠎ᠤᠨ ᠤᠩᠱᠢᠯᠭ᠎ᠠ᠎ᠶ᠋ᠢᠨ ᠠᠵᠢᠯᠯᠠᠭ᠎ᠠ᠎ᠳᠤ ᠣᠷᠣᠯᠴᠠᠬᠤ᠎ᠶ᠋ᠢ ᠳᠠᠢᠴᠢᠯᠠᠪᠠ᠃
ᠤᠢ᠍ᠢᠷ᠎ᠠ᠎ᠶ᠋ᠢᠨ ᠵᠢᠯ᠎ᠡᠴᠡ ᠦᠬᠠᠢ ᠬᠤᠳᠠ ᠵᠢᠯ ᠳᠤᠮᠳᠠᠴᠢ᠎ᠪᠠᠷ 《ᠭᠣᠣᠯᠲᠤ ᠪᠣᠷᠣᠨᠣᠮ ᠤᠩᠱᠢᠬᠤ ᠨᠠᠢᠷ》᠂ 《ᠦᠵᠦᠮ᠎ᠦᠨ ᠬᠡᠦᠬᠡᠳ ᠦᠯᠢᠭᠡᠷ ᠶᠠᠷᠢᠬᠤ》᠂ 《ᠶᠣᠰᠣ ᠰᠤᠷᠲᠠᠬᠤᠨ᠎ᠤ ᠵᠢᠱ᠌ᠢᠶᠡᠴᠢ ᠬᠠᠮᠤᠭ᠎ᠤᠨ ᠭᠤᠶᠤ ᠨᠣᠮ᠎ᠤᠨ ᠳᠡᠯᠭᠡᠭᠦᠷ᠎ᠲᠤ ᠬᠦᠷᠬᠦ》᠂ 《ᠤᠤᠷ ᠰᠣᠶᠣᠯ᠎ᠤᠨ ᠰᠤᠳᠤᠯᠤᠯ᠎ᠤᠨ ᠬᠢᠴᠢᠶᠡᠯ᠎ᠦᠨ ᠲᠠᠩᠬᠢᠮ》 ᠵᠡᠷᠭᠡ ᠲᠤᠮᠤ ᠬᠡᠯᠪᠡᠷᠢ᠎ᠶ᠋ᠢᠨ ᠭᠣᠣᠯ ᠰᠡᠳᠦᠪᠲᠦ ᠠᠵᠢᠯᠯᠠᠭ᠎ᠠ᠎ᠶ᠋ᠢ 160 ᠭᠠᠷᠤᠢ ᠲᠠᠯᠠᠪᠤᠷ ᠥᠷᠨᠢᠭᠦᠯᠪᠡ᠃ ᠡᠭᠦᠨ᠎ᠦ ᠬᠠᠮᠲᠤ ᠪᠥᠬᠥ᠌ ᠠᠷᠠᠳ᠎ᠤᠨ ᠨᠣᠮ ᠤᠩᠱᠢᠯᠭ᠎ᠠ 《ᠲᠠᠷᠢᠶᠠᠯᠠᠬᠤ ᠣᠷᠣᠨ᠂ ᠰᠤᠷᠭᠠᠭᠤᠯᠢ᠎ᠶ᠋ᠢᠨ ᠬᠦᠷᠢᠶ᠎ᠡ᠂ ᠴᠡᠷᠢᠭ᠎ᠦᠨ ᠬᠤᠸᠠᠷᠠᠨ᠂ ᠠᠵᠤ ᠠᠬᠤᠢᠯᠠᠯ᠂ ᠬᠡᠷ ᠪᠦᠯᠢ᠂ ᠪᠠᠢᠭᠤᠯᠭ᠎ᠠ᠂ ᠨᠡᠢᠭᠡᠮ ᠲᠣᠭᠣᠷᠢᠭ᠎ᠲᠤ ᠣᠷᠣᠬᠤ》 ᠠᠵᠢᠯᠯᠠᠭ᠎ᠠ᠎ᠪᠠᠷ ᠭᠠᠷᠳᠠᠴᠠ ᠪᠣᠯᠭᠠᠵᠤ᠂ ᠨᠡᠢᠭᠡᠮ᠎ᠦᠨ ᠬᠦᠴᠦᠨ᠎ᠢ ᠳᠠᠢᠴᠢᠯᠠᠨ ᠢᠳᠡᠪᠬᠢᠲᠡᠶ ᠣᠷᠣᠯᠴᠠᠭᠤᠯᠵᠤ᠂ ᠨᠤᠮ ᠪᠢᠴᠢᠭ᠎ᠲᠦ ᠨᠡᠢᠭᠡᠮ ᠲᠣᠭᠣᠷᠢᠭ᠂ ᠨᠤᠮ ᠪᠢᠴᠢᠭ᠎ᠲᠦ ᠰᠤᠷᠭᠠᠭᠤᠯᠢ᠎ᠶ᠋ᠢᠨ ᠬᠦᠷᠢᠶ᠎ᠡ᠂ ᠨᠤᠮ ᠪᠢᠴᠢᠭ᠎ᠲᠦ ᠬᠡᠷ ᠪᠦᠯᠢ ᠵᠡᠷᠭᠡ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠥᠷᠭᠡᠨ᠎ᠢᠶᠡᠷ ᠥᠷᠨᠢᠭᠦᠯᠵᠦ᠍᠂ ᠠᠯᠢ ᠣᠯᠠᠨ ᠠᠵᠢᠯᠯᠠᠭ᠎ᠠ᠎ᠪᠠᠷ ᠪᠥᠬᠥ᠌ ᠠᠷᠠᠳ᠎ᠤᠨ ᠨᠣᠮ ᠤᠩᠱᠢᠬᠤ᠎ᠶ᠋ᠢᠨ ᠨᠡᠢᠭᠡᠮ᠎ᠦᠨ ᠨᠥᠯᠥᠭᠡᠯᠡᠬᠦ᠌ ᠬᠦᠴᠦᠨ᠎ᠢ ᠲᠠᠰᠤᠷᠠᠯᠲᠠ ᠥᠬᠡᠶ ᠥᠷᠭᠡᠳᠭᠡᠵᠦ᠍᠂ ᠪᠥᠬᠥ᠌ ᠠᠷᠠᠳ᠎ᠤᠨ ᠨᠣᠮ ᠤᠩᠱᠢᠬᠤ᠎ᠶ᠋ᠢ ᠪᠠᠢᠩᠭᠤᠵᠢᠭᠤᠯᠬᠤ᠎ᠶ᠋ᠢ ᠠᠬᠢᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃