2024-06-03 10:31:50
ᠮᠠᠨ ᠤ᠋ ᠤᠷᠤᠨ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠤᠨ ᠬᠡᠷᠡᠭᠯᠡᠯᠳᠡ ᠵᠢ ᠤᠯᠠᠮ ᠴᠢᠨᠠᠭᠰᠢᠳᠠ ᠠᠬᠢᠭᠤᠯᠬᠤ᠎ᠶᠢᠨ ᠲᠥᠯᠥᠭᠡ᠂ ᠤᠢᠷ᠎ᠠ ᠳ᠋ᠤ ᠪᠥᠬᠥ ᠣᠷᠣᠨ᠎ᠤ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠤᠨ ᠪᠣᠯᠪᠠᠰᠤᠷᠠᠯ ᠬᠢᠭᠡᠳ ᠵᠢᠭᠠᠨ ᠰᠤᠷᠭᠠᠯᠲᠠ᠎ᠶᠢᠨ ᠡᠬᠢ ᠪᠠᠶᠠᠯᠢᠭ ᠢ᠋ ᠨᠡᠭᠡᠭᠡᠨ ᠬᠥᠭᠵᠢᠭᠦᠯᠬᠦ ᠰᠤᠳᠤᠯᠤᠨ ᠶᠠᠷᠢᠯᠴᠠᠬᠤ ᠠᠩᠭᠢ ᠵᠢ ᠰᠢᠯᠢᠩᠬᠣᠲᠠ ᠪᠠ ᠬᠥᠬᠡᠬᠣᠲᠠ᠎ᠳᠤ ᠵᠡᠷᠭᠡ᠎ᠪᠡᠷ ᠶᠠᠪᠤᠭᠳᠠᠵᠠᠢ᠃
ᠰᠤᠳᠤᠯᠤᠨ ᠶᠠᠷᠢᠯᠴᠠᠬᠤ ᠠᠩᠭᠢ᠎ᠶᠢ ᠥᠪᠡᠷᠲᠡᠭᠡᠨ ᠵᠠᠰᠠᠬᠤ ᠣᠷᠣᠨ᠎ᠤ ᠵᠢᠭᠠᠨ ᠰᠤᠷᠭᠠᠯᠲᠠ᠎ᠶᠢᠨ ᠰᠤᠳᠤᠯᠭᠠᠨ᠎ᠤ ᠲᠠᠰᠤᠭ᠎ᠠᠴᠠ ᠭᠣᠣᠯᠯᠠᠨ ᠡᠷᠭᠢᠯᠡᠵᠦ᠂ ᠪᠥᠬᠥ ᠣᠷᠣᠨ᠎ᠤ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠬᠡᠯᠡ ᠪᠢᠴᠢᠭ᠂ ᠦᠵᠡᠯ ᠰᠠᠨᠠᠭ᠎ᠠ ᠤᠯᠤᠰ ᠲᠥᠷᠥ᠂ ᠲᠡᠦᠬᠡ᠎ᠶᠢᠨ ᠬᠢᠴᠢᠶᠡᠯ ᠲᠦᠷᠦᠯ᠎ᠤᠨ 2024 ᠣᠨ᠎ᠤ ᠨᠠᠮᠤᠷ᠎ᠤᠨ ᠤᠯᠠᠷᠢᠯ᠎ᠤᠨ ᠥᠨᠳᠥᠷ ᠵᠡᠷᠭᠡ᠎ᠶᠢᠨ ᠲᠤᠮᠳᠠᠳᠤ ᠰᠤᠷᠭᠠᠭᠤᠯᠢ ᠵᠢᠨ ᠨᠢᠭᠡᠳᠦᠭᠡᠷ ᠣᠨ᠎ᠤ ᠭᠣᠣᠯᠯᠠᠭ᠍ᠴᠢ ᠪᠠᠭ᠍ᠰᠢ᠂ ᠡᠯ᠎ᠡ ᠠᠢᠮᠠᠭ ᠬᠣᠲᠠ᠎ᠶᠢᠨ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠬᠡᠯᠡ ᠪᠢᠴᠢᠭ᠂ ᠦᠵᠡᠯ ᠰᠠᠨᠠᠭ᠎ᠠ ᠤᠯᠤᠰ ᠲᠥᠷᠥ᠂ ᠲᠡᠦᠬᠡ ᠵᠡᠷᠭᠡ ᠭᠤᠷᠪᠠᠨ ᠬᠢᠴᠢᠶᠡᠯ ᠲᠥᠷᠥᠯ᠎ᠦᠨ ᠵᠢᠭᠠᠨ ᠰᠤᠳᠤᠯᠤᠭ᠍ᠴᠢ ᠵᠢᠴᠢ ᠥᠪᠡᠷᠲᠡᠭᠡᠨ ᠵᠠᠰᠠᠬᠤ ᠣᠷᠣᠨ᠎ᠤ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ 《ᠨᠠᠷᠠᠲᠤ ᠪᠠᠭ᠍ᠰᠢ᠎ᠶᠢᠨ ᠠᠵᠢᠯᠯᠠᠬᠤ ᠦᠷᠦᠬᠡ》 ᠵᠢᠨ ᠪᠦᠷᠢᠯᠳᠦᠭᠦᠨ ᠤᠷᠤᠯᠴᠠᠵᠠᠢ᠃ ᠪᠣᠯᠪᠠᠰᠤᠷᠠᠯ᠎ᠤᠨ ᠠᠭᠤᠯᠭ᠎ᠠ ᠨᠢ ᠬᠢᠴᠢᠶᠡᠯ᠎ᠦᠨ ᠪᠠᠷᠢᠮᠵᠢᠶ᠎ᠠ᠎ᠶᠢᠨ ᠲᠠᠢᠯᠤᠮᠵᠢ᠂ ᠵᠢᠭᠠᠬᠤ ᠮᠠᠲᠧᠷᠢᠶᠠᠯ᠎ᠤᠨ ᠬᠦᠨᠳᠦ ᠲᠦᠪᠡᠭᠲᠡᠢ ᠠᠰᠠᠭᠤᠳᠠᠯ᠎ᠤᠨ ᠵᠠᠳᠠᠯᠤᠯᠲᠠ᠂ ᠵᠢᠭᠠᠨ ᠰᠤᠷᠭᠠᠯᠲᠠ᠎ᠶᠢᠨ ᠰᠠᠨᠠᠭᠤᠯᠭ᠎ᠠ ᠵᠢᠴᠢ ᠠᠷᠭ᠎ᠠ ᠪᠣᠳᠣᠯᠭ᠎ᠠ᠂ ᠪᠠᠭ᠍ᠰᠢ᠎ᠶᠢᠨ ᠬᠢᠴᠢᠶᠡᠯ᠎ᠦᠨ ᠦᠵᠡᠭᠦᠯᠭᠡ ᠵᠢᠴᠢ ᠬᠢᠴᠢᠶᠡᠯ ᠲᠦᠷᠦᠯ᠎ᠤᠨ ᠵᠢᠭᠠᠨ ᠰᠤᠷᠭᠠᠯᠲᠠ᠎ᠶᠢᠨ ᠡᠬᠢ ᠪᠠᠶᠠᠯᠢᠭ᠋᠎ᠢ ᠨᠡᠭᠡᠭᠡᠨ ᠬᠥᠭᠵᠢᠭᠦᠯᠵᠦ ᠰᠤᠳᠤᠯᠤᠨ ᠶᠠᠷᠢᠯᠴᠠᠬᠤ ᠂ ᠬᠢᠴᠢᠶᠡᠯ᠎ᠦᠨ ᠵᠢᠱ᠌ᠢᠶ᠎ᠡ᠎ᠶᠢ ᠳᠡᠯᠭᠡᠨ ᠦᠵᠡᠭᠦᠯᠬᠦ ᠵᠡᠷᠭᠡ ᠵᠢ ᠪᠠᠭᠳᠠᠭᠠᠵᠠᠢ᠃
ᠪᠣᠯᠪᠠᠰᠤᠷᠠᠯ᠎ᠳᠤ ᠤᠷᠤᠯᠴᠠᠭᠰᠠᠨ ᠬᠢᠩᠭᠠᠨ ᠠᠢᠮᠠᠭ᠎ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠬᠡᠯᠡ ᠪᠢᠴᠢᠭ᠎ᠦᠨ ᠪᠠᠭ᠍ᠰᠢ ᠪᠦᠦ ᠰᠢᠶᠣᠣ ᠬᠣᠩ ᠄ 《ᠵᠢᠭᠠᠬᠤ ᠮᠠᠲᠧᠷᠢᠶᠠᠯ ᠪᠣᠯ ᠪᠠᠭ᠍ᠰᠢ᠎ᠶᠢᠨ ᠬᠢᠴᠢᠶᠡᠯ ᠤᠷᠤᠬᠤ ᠵᠢᠨ ᠦᠨᠳᠦᠰᠦᠯᠡᠯ ᠪᠣᠯᠣᠨ᠎ᠠ᠂ ᠪᠠᠭ᠍ᠰᠢ ᠨᠠᠷ ᠵᠢᠭᠠᠬᠤ ᠮᠠᠲᠧᠷᠢᠶᠠᠯ᠎ᠤᠨ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ᠂ ᠵᠢᠭᠠᠬᠤ ᠮᠠᠲᠧᠷᠢᠶᠠᠯ᠎ᠢ ᠠᠮᠢᠳᠤᠯᠢᠭ᠋᠎ᠢᠶᠠᠷ ᠡᠵᠡᠮᠳᠡᠵᠦ᠂ ᠰᠤᠷᠤᠭ᠍ᠴᠢᠳ᠎ᠢ ᠰᠤᠷᠬᠤ ᠳᠤᠷᠠᠲᠠᠢ᠂ ᠰᠤᠷᠴᠤ ᠲᠡᠢᠯᠬᠦ ᠪᠣᠯᠭᠠᠬᠤ ᠬᠡᠷᠡᠭᠲᠡᠢ᠃ ᠵᠢᠭᠠᠨ ᠰᠤᠷᠭᠠᠯᠲᠠ᠎ᠶᠢᠨ ᠡᠬᠢ ᠪᠠᠶᠠᠯᠢᠭ᠎ᠤᠨ ᠲᠠᠰᠤᠷᠠᠯᠲᠠ ᠦᠭᠡᠢ ᠨᠡᠭᠡᠭᠡᠨ ᠬᠥᠭᠵᠢᠭᠦᠯᠦᠯᠳᠡ᠎ᠶᠢ ᠳᠠᠭᠠᠯᠳᠤᠨ ᠂ ᠮᠠᠨ᠎ᠤ ᠪᠠᠭ᠍ᠰᠢ᠎ᠨᠠᠷ᠎ᠤᠨ ᠵᠢᠭᠠᠨ ᠰᠤᠷᠭᠠᠬᠤ ᠴᠢᠳᠠᠪᠤᠷᠢ ᠤᠯᠠᠮ᠎ᠵᠢᠡᠷ ᠴᠢᠩᠭᠠᠷᠠᠬᠤ ᠨᠢ ᠯᠠᠪᠳᠠᠢ》 ᠭᠡᠪᠡ᠃
ᠥᠪᠡᠷᠲᠡᠭᠡᠨ ᠵᠠᠰᠠᠬᠤ ᠣᠷᠣᠨ᠎ᠤ ᠵᠢᠭᠠᠨ ᠰᠤᠷᠭᠠᠯᠲᠠ᠎ᠶᠢᠨ ᠰᠤᠳᠤᠯᠭᠠᠨ᠎ᠤ ᠲᠠᠰᠤᠭ᠎ᠤᠨ ᠡᠷᠬᠢᠯᠡᠭᠴᠢ ᠰᠦᠨ ᠪᠠᠢ ᠵᠢᠶᠦ᠋ᠨ ᠄ 《2023 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ ᠡᠴᠡ ᠡᠬᠢᠯᠡᠨ ᠪᠦᠬᠦ ᠣᠷᠣᠨ᠎ᠤ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠳᠤ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠢ ᠬᠡᠷᠡᠭᠯᠡᠬᠦ᠎ᠶᠢ ᠤᠷᠤᠭᠰᠢᠲᠠᠢ ᠬᠡᠷᠡᠭᠵᠢᠭᠦᠯᠪᠡ᠃ ᠬᠠᠮᠢᠶ᠎ᠠ ᠪᠦᠬᠦᠢ ᠬᠢᠴᠢᠶᠡᠯ ᠲᠥᠷᠥᠯ᠎ᠦᠨ ᠪᠠᠭ᠍ᠰᠢ᠎ᠨᠠᠷ᠎ᠤᠨ ᠵᠢᠭᠠᠨ ᠰᠤᠷᠭᠠᠯᠲᠠ᠎ᠶᠢᠨ ᠴᠢᠳᠠᠪᠤᠷᠢ᠎ᠶᠢ ᠳᠡᠭᠡᠭᠰᠢᠯᠡᠭᠦᠯᠬᠦ᠎ᠶᠢᠨ ᠲᠥᠯᠥᠭᠡ᠂ ᠪᠢᠳᠡ ᠪᠥᠬᠥ ᠣᠷᠣᠨ᠎ᠤ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠬᠢᠴᠢᠶᠡᠯ ᠤᠷᠤᠬᠤ ᠪᠠᠭ᠍ᠰᠢ ᠨᠠᠷ ᠲᠸ᠋ ᠬᠠᠨᠳᠤᠭᠤᠯᠤᠭᠰᠠᠨ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠵᠢᠨ ᠪᠤᠯᠪᠠᠰᠤᠷᠠᠯ᠎ᠢ ᠣᠯᠠᠨ ᠤᠳᠠᠭ᠎ᠠ ᠵᠣᠬᠢᠶᠠᠨ ᠪᠠᠢᠭᠤᠯᠵᠤ᠂ ᠪᠠᠭ᠍ᠰᠢ ᠨᠠᠷ᠎ᠤᠨ ᠬᠢᠴᠢᠶᠡᠯ᠎ᠦᠨ ᠪᠠᠷᠢᠮᠵᠢᠶ᠎ᠠ᠎ᠶᠢᠨ ᠲᠤᠬᠠᠢ ᠣᠢᠯᠠᠭᠠᠭᠳᠠᠬᠤᠨ ᠢ᠋ ᠲᠠᠰᠤᠷᠠᠯᠲᠠ ᠦᠭᠡᠢ ᠬᠦᠨᠵᠡᠭᠡᠢᠷᠡᠬᠦᠯᠵᠦ᠂ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠢ ᠰᠠᠢᠲᠤᠷ ᠬᠡᠷᠡᠭᠯᠡᠬᠦ ᠵᠢ ᠠᠬᠢᠭᠤᠯᠪᠡ᠃ ᠲᠠᠷᠠᠭᠠᠴᠢ ᠪᠡᠷ᠂ ᠬᠢᠴᠢᠶᠡᠯ᠎ᠦᠨ ᠥᠭᠡᠷᠡᠴᠢᠯᠡᠯᠲᠡ᠎ᠶᠢᠨ ᠲᠡᠷᠢᠭᠦᠨ᠎ᠦ ᠲᠤᠷᠰᠢᠯᠭ᠎ᠠ᠎ᠶᠢ ᠭᠦᠢᠴᠡᠳ ᠰᠤᠷᠤᠯᠴᠠᠨ ᠡᠬᠦᠪᠡᠷ ᠲᠤᠯᠢ ᠪᠤᠯᠭᠠᠵᠤ᠂ ᠬᠠᠮᠢᠶ᠎ᠠ ᠪᠦᠬᠦᠢ ᠵᠢᠭᠠᠨ ᠰᠤᠷᠭᠠᠯᠲᠠ᠎ᠶᠢᠨ ᠡᠬᠢ ᠪᠠᠶᠠᠯᠢᠭ᠋᠎ᠢ ᠨᠡᠭᠡᠭᠡᠨ ᠬᠥᠭᠵᠢᠭᠦᠯᠵᠦ᠂ ᠪᠠᠭ᠍ᠰᠢ᠎ᠨᠠᠷ᠎ᠤᠨ ᠵᠢᠭᠠᠨ ᠰᠤᠷᠭᠠᠯᠲᠠ᠎ᠳᠤ ᠨᠡᠩ ᠰᠠᠢᠠ ᠬᠠᠪᠰᠤᠷᠤᠮᠵᠢ ᠬᠠᠩᠭᠠᠨ᠎ᠠ》 ᠭᠡᠵᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃