2025-01-06 12:11:43
ᠤᠯᠤᠰ ᠤ᠋ᠨ ᠦᠭᠡ ᠬᠡᠯᠡ ᠦᠰᠦᠭ ᠪᠢᠴᠢᠭ ᠤ᠋ᠨ ᠳᠦᠷᠢᠮᠵᠢᠯ ᠢ᠋ ᠳᠡᠭᠡᠭ᠌ᠰᠢᠯᠡᠭᠦᠯᠬᠦ᠌ ᠲᠤᠬᠠᠢ ᠪᠠᠢᠯᠳᠤᠬᠤ ᠪᠤᠳᠤᠯᠭ᠎ᠠ ᠵᠢᠨ ᠪᠠᠢᠷᠢᠯᠠᠭᠤᠯᠤᠯᠲᠠ ᠵᠢ ᠢᠳᠡᠪᠬᠢᠲᠡᠢ ᠴᠤᠤᠷᠢᠶᠠᠲᠤᠬᠤ ᠵᠢᠨ ᠬᠠᠮᠲᠤ ᠳᠤᠮᠳᠠᠳᠤ ᠵᠢᠨ ᠦᠨᠳᠦᠰᠦᠲᠡᠨᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠣᠢᠯᠠᠭᠠᠭ᠍ᠳᠠᠬᠤᠨ ᠢ᠋ ᠭᠦᠨᠵᠡᠭᠡᠢ ᠦᠢᠯᠡᠳᠦᠯᠭᠡᠵᠢᠭᠦᠯᠬᠦ᠌ ᠵᠢᠨ ᠲᠥᠯᠥᠭᠡ᠂ ᠤᠢ᠍ᠢᠷᠠ ᠵᠢᠨ ᠵᠢᠯ ᠡᠴᠡ ᠨᠠᠭᠠᠰᠢ᠂ ᠤᠯᠠᠭᠠᠨᠴᠠᠪ ᠬᠤᠳᠠ ᠵᠢᠨ ᠴᠠᠬᠠᠷ ᠪᠠᠷᠠᠭᠤᠨ ᠭᠠᠷᠤᠨ ᠬᠣᠢᠲᠤ ᠬᠣᠱᠢᠭᠤᠨ ᠤ᠋ ᠮᠣᠩᠭᠣᠯ ᠦᠨᠳᠦᠰᠦᠲᠡᠨ ᠦ ᠰᠤᠷᠭᠠᠭᠤᠯᠢᠵᠢᠨ ᠬᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠬᠢᠭᠡᠳ ᠰᠤᠷᠭᠠᠨ ᠬᠥᠮᠦᠵᠢᠯ ᠤ᠋ᠨ ᠭᠦᠨᠵᠡᠭᠡᠢ ᠠᠭᠤᠰᠤᠯᠴᠠᠯ ᠢ᠋ ᠢᠳᠡᠪᠬᠢᠲᠡᠢ ᠰᠦᠪᠡᠭ᠌ᠴᠢᠯᠡᠵᠦ᠍᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠬᠡᠷᠡᠭ᠌ᠯᠡᠭᠡᠨᠦ ᠴᠢᠳᠠᠪᠤᠷᠢ ᠵᠢ ᠳᠡᠭᠡᠭ᠌ᠰᠢᠯᠡᠭᠦᠯᠬᠦ᠌ ᠲᠦᠷᠦᠯ ᠵᠦᠢᠯ》 ᠢ᠋ ᠬᠡᠷᠡᠭ᠌ᠵᠢᠭᠦᠯᠬᠦ᠌ᠪᠡᠷ ᠲᠠᠮᠵᠢᠨ᠂ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠳᠡᠯᠭᠡᠷᠡᠭᠦᠯᠦᠨ ᠲᠦᠭᠡᠮᠡᠯᠵᠢᠭᠦᠯᠬᠦ᠌ ᠲᠠᠯ᠎ᠠ ᠪᠡᠷ ᠢᠯᠡᠳᠲᠡ ᠦᠷ᠎ᠡ ᠪᠦᠲᠦᠮᠵᠢ ᠤᠯᠪᠠ᠃
2024 ᠣᠨ ᠤ᠋ 12 ᠰᠠᠷ᠎ᠠ ᠵᠢᠨ 31 ᠤ᠋ ᠡᠳᠦᠷ᠂ ᠰᠤᠷᠪᠤᠯᠵᠢᠯᠠᠭ᠍ᠴᠢ ᠴᠠᠬᠠᠷ ᠪᠠᠷᠠᠭᠤᠨ ᠭᠠᠷᠤᠨ ᠬᠣᠢᠲᠤ ᠬᠣᠱᠢᠭᠤᠨ ᠤ᠋ ᠮᠣᠩᠭᠣᠯ ᠦᠨᠳᠦᠰᠦᠲᠡᠨᠦ ᠰᠤᠷᠭᠠᠭᠤᠯᠢ ᠵᠢᠨ ᠶᠡᠷᠦᠩᠬᠡᠢᠯᠡᠭ᠌ᠰᠡᠨ ᠬᠢᠴᠢᠶᠡᠯ ᠤ᠋ᠨ ᠬᠡᠷ ᠲᠣ᠌ ᠣᠷᠣᠬᠤᠯᠠᠷ᠂ ᠬᠢᠴᠢᠶᠡᠯ ᠤ᠋ᠨ ᠬᠡᠷ ᠲᠣ᠌ ᠣᠶᠤᠨᠴᠢ ᠰᠠᠮᠪᠠᠷ᠎ᠠ ᠡᠯᠬᠦᠭᠡᠰᠤᠳᠠᠢ ᠪᠦᠭᠡᠳ ᠱᠢᠷᠡᠭᠡ ᠪᠣᠯᠭᠠᠨ ᠳᠡᠭᠡᠷ᠎ᠡ ᠨᠢ ᠬᠠᠪᠲᠠᠭᠠᠶ ᠺᠣᠮᠫᠢᠦ᠋ᠲ᠋ᠧᠷ ᠲᠡᠯᠪᠢᠠᠠᠳᠠᠨ᠂ ᠰᠤᠷᠤᠭ᠍ᠴᠢᠳ ᠶᠠᠭ ᠬᠠᠪᠲᠠᠭᠠᠶ ᠺᠣᠮᠫᠢᠦ᠋ᠲ᠋ᠧᠷ ᠵᠢᠡᠷ ᠳᠡᠮᠵᠢᠨ ᠤᠩᠱᠢᠯᠭ᠎ᠠ ᠵᠢᠨ ᠰᠤᠷᠢᠯᠳᠠ ᠬᠢᠵᠦ᠍ ᠪᠠᠢᠬᠤ ᠵᠢ ᠣᠯᠵᠤ ᠬᠠᠷᠠᠯ᠎ᠠ ᠃
2023 ᠣᠨ ᠤ᠋ 4 ᠰᠠᠷ᠎ᠠ ᠳ᠋ᠦ᠂ ᠲᠣᠰ ᠰᠤᠷᠭᠠᠭᠤᠯᠢ ᠲᠡᠷᠢᠭᠦᠨᠦ 《ᠤᠶᠤᠨᠴᠢ ᠬᠢᠴᠢᠶᠡᠯᠯᠡᠭᠡ》 APP ᠵᠢ ᠣᠷᠣᠭᠤᠯᠤᠨ ᠠᠪᠴᠢᠷᠠᠭ᠍ᠰᠠᠨ ᠪᠥᠭᠡᠳ ᠣᠶᠤᠨᠴᠢ ᠬᠢᠴᠢᠶᠡᠯ ᠤ᠋ᠨ ᠬᠡᠷ ᠤ᠋ᠨ ᠬᠠᠷᠢᠯᠴᠠᠨ ᠬᠤᠷᠰᠢᠯᠴᠠᠬᠤ ᠰᠠᠮᠪᠠᠷ᠎ᠠ᠂ ᠬᠠᠪᠲᠠᠭᠠᠶ ᠺᠣᠮᠫᠢᠦ᠋ᠲ᠋ᠧᠷ᠂ ᠰᠤᠨᠤᠰᠤᠭᠤᠷ ᠵᠡᠷᠭᠡ ᠣᠳᠣᠬᠢᠴᠢᠯᠠᠭ᠍ᠰᠠᠨ ᠵᠢᠭᠠᠨ ᠰᠤᠷᠭᠠᠯᠲᠠ ᠵᠢᠨ ᠲᠥᠬᠥᠭᠡᠷᠦᠮᠵᠢ ᠵᠢ ᠳᠣᠭᠢᠷᠠᠭᠤᠯᠵᠤ᠂ ᠪᠠᠭ᠎ᠠ ᠰᠤᠷᠭᠠᠭᠤᠯᠢ ᠵᠢᠨ ᠨᠢᠭᠡᠳᠦᠭᠡᠷ ᠣᠨ ᠡᠴᠡ ᠠᠩᠬ᠎ᠠ ᠵᠡᠷᠭᠡ ᠵᠢᠨ ᠳᠤᠮᠳᠠᠳᠤ ᠰᠤᠷᠭᠠᠭᠤᠯᠢ ᠵᠢᠨ ᠨᠠᠶ᠋ᠮᠠᠳᠤᠭᠠᠷ ᠣᠨ ᠬᠦᠷᠲᠡᠯᠡᠬᠢ 157 ᠰᠣᠷᠣᠭ᠍ᠴᠢ ᠳ᠋ᠦ ᠴᠣ ᠱᠢᠨ᠎ᠡ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠥᠷᠥᠭ᠌ᠳᠡᠯ ᠵᠢᠡᠷ ᠭᠦᠶ᠋ᠴᠡᠳ ᠰᠤᠷᠤᠯᠴᠠᠬᠤ ᠣᠷᠴᠢᠨ ᠨᠥᠬᠥᠴᠡᠯ ᠢ᠋ ᠪᠣᠶ ᠪᠣᠯᠭᠠᠵᠤ ᠥᠭ᠌ᠴᠡᠶ᠃ ᠡᠨᠡ ᠬᠦ᠌ ᠱᠢᠨ᠎ᠡ ᠵᠢ ᠡᠭᠦᠳᠬᠦ᠌ ᠠᠷᠭ᠎ᠠ ᠬᠡᠮᠵᠢᠶ᠎ᠡ ᠨᠢ ᠵᠢᠭᠠᠨ ᠰᠤᠷᠭᠠᠯᠲᠠ ᠵᠢᠨ ᠦᠷ᠎ᠡ ᠪᠦᠲᠦᠮᠵᠢ ᠵᠢ ᠳᠡᠭᠡᠭ᠌ᠰᠢᠯᠡᠭᠦᠯᠦᠭ᠌ᠰᠡᠨ ᠵᠢᠡᠷ ᠪᠠᠷᠠᠬᠤ ᠥᠬᠡᠶ᠂ ᠨᠠᠩ ᠴᠤ᠌ ᠥᠯᠥ᠍ ᠮᠡᠳᠡᠭ᠌ᠳᠡᠮᠡᠪᠡᠷ ᠰᠤᠷᠤᠭ᠍ᠴᠢᠳ ᠤ᠋ᠨ ᠦᠭᠡ ᠬᠡᠯᠡᠨ᠎ᠦ ᠳᠦᠷᠢᠮᠵᠢᠯ ᠤ᠋ᠨ ᠤᠬᠠᠮᠰᠠᠷ ᠢ᠋ ᠬᠥᠮᠦᠵᠢᠭᠦᠯᠪᠡ᠃
《ᠤᠶᠤᠨᠴᠢ ᠬᠢᠴᠢᠶᠡᠯᠯᠡᠭᠡ》 APP ᠨᠢ ᠬᠢᠴᠢᠶᠡᠯ ᠪᠡᠯᠡᠳᠭᠡᠬᠦ᠌ ᠦᠷ᠎ᠡ ᠪᠦᠲᠦᠮᠵᠢ᠂ ᠥᠪᠡᠷᠮᠢᠴᠡ ᠰᠤᠷᠤᠯᠴᠠᠯᠭ᠎ᠠ᠂ ᠬᠢᠴᠢᠶᠡᠯ ᠤ᠋ᠨ ᠲᠠᠩᠬᠢᠮ ᠤ᠋ᠨ ᠢᠯᠡᠷᠡᠯ ᠤ᠋ᠨ ᠲᠡᠮᠳᠡᠭ᠌ᠯᠡᠯ ᠵᠢᠴᠢ ᠬᠢᠴᠢᠶᠡᠯ ᠤ᠋ᠨ ᠲᠠᠩᠬᠢᠮ ᠤ᠋ᠨ ᠬᠠᠷᠢᠯᠴᠠᠨ ᠬᠤᠷᠰᠢᠯᠴᠠᠬᠤ ᠴᠢᠨᠠᠷ ᠵᠡᠷᠭᠡ ᠲᠠᠯ᠎ᠠ ᠪᠡᠷ ᠯᠤᠲᠤ ᠶᠡᠬᠡ ᠳᠠᠪᠠᠭᠤᠯᠢᠭ ᠵᠢᠡᠨ ᠢᠯᠡᠷᠡᠭᠦᠯᠪᠡ᠃ ᠰᠤᠷᠤᠭ᠍ᠴᠢᠳ ᠬᠠᠪᠲᠠᠭᠠᠶ ᠺᠣᠮᠫᠢᠦ᠋ᠲ᠋ᠧᠷ ᠵᠢᠡᠷ ᠳᠠᠮᠵᠢᠭᠤᠯᠤᠨ ᠪᠠᠰᠠ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠤ᠋ᠨ ᠬᠢᠨᠠᠨ ᠬᠡᠮᠵᠢᠯᠲᠡ ᠪᠠ ᠤᠷᠠᠨ ᠤᠩᠱᠢᠯᠭ᠎ᠠ ᠵᠢᠨ ᠱᠢᠯᠭᠠᠨ ᠦᠨᠡᠯᠡᠯᠲᠡ ᠬᠢᠵᠦ᠍ ᠪᠣᠯᠤᠨ᠎ᠠ᠂ ᠱᠢᠰᠲ᠋ᠧᠮ ᠨᠢ ᠱᠢᠯᠭᠠᠨ ᠦᠨᠡᠯᠡᠭᠰᠡᠨ ᠦᠷ᠎ᠡ ᠳ᠋ᠦᠩ ᠢ᠋ ᠴᠠᠭ ᠲᠤᠬᠠᠶ ᠳ᠋ᠤᠨᠢ ᠬᠠᠷᠢᠭᠤ ᠲᠤᠰᠭᠠᠬᠤ ᠵᠢᠨ ᠬᠠᠮᠲᠤ ᠪᠤᠷᠤᠭᠤᠳᠠᠭᠰᠠᠨ ᠰᠡᠳᠦᠪ ᠤ᠋ᠨ ᠳᠡᠮᠳᠡᠭᠯᠡᠯ ᠭᠠᠷᠭᠠᠵᠤ᠂ ᠰᠤᠷᠤᠭ᠍ᠴᠢᠳ ᠢ᠋ ᠬᠠᠪᠰᠤᠷᠤᠨ ᠰᠤᠷᠤᠯᠴᠠᠯᠭ᠎ᠠ ᠵᠢᠨ ᠳᠤᠲᠠᠭᠤᠳᠠᠯ ᠢ᠋ ᠣᠨᠣᠪᠴᠢᠲᠠᠶ ᠲᠣᠭ᠍ᠲᠠᠭᠠᠨ᠂ ᠰᠤᠷᠤᠯᠴᠠᠯᠭ᠎ᠠ ᠵᠢᠨ ᠦᠷ᠎ᠡ ᠪᠦᠲᠦᠮᠵᠢ ᠵᠢ ᠪᠦᠲᠦᠮᠵᠢᠲᠡᠶ ᠳᠡᠭᠡᠭ᠌ᠰᠢᠯᠡᠭᠦᠯᠵᠦ᠍ ᠴᠢᠳᠠᠨ᠎ᠠ ᠃
ᠬᠣᠶᠠᠳᠤᠭᠠᠷ ᠣᠨ ᠤ᠋ ᠨᠢᠭᠡᠳᠦᠭᠡᠷ ᠠᠩᠬᠢ ᠵᠢᠨ ᠰᠤᠷᠤᠭ᠍ᠴᠢ ᠶᠢᠰᠤᠨ᠄ 《ᠡᠨᠳᠡ ᠬᠢᠴᠢᠶᠡᠯ ᠣᠷᠣᠬᠤ ᠨᠢ ᠮᠠᠰᠢ ᠰᠣᠨᠢᠷᠬᠠᠯᠲᠠᠢ᠂ ᠡᠨᠳᠡᠬᠢ ᠬᠠᠪᠲᠠᠭᠠᠢ ᠺᠣᠮᠫᠢᠦ᠋ᠲ᠋ᠧᠷ ᠵᠢᠡᠷ ᠶᠠᠷᠢᠯᠴᠠᠵᠦ ᠪᠤᠯᠤᠨ᠎ᠠ᠂ ᠦᠰᠦᠭ ᠪᠢᠴᠢᠵᠦ ᠪᠤᠯᠤᠨ᠎ᠠ᠂ ᠬᠢᠴᠢᠶᠡᠯ ᠤᠩᠱᠢᠵᠤ ᠪᠤᠯᠤᠨ᠎ᠠ᠂ ᠪᠠᠰᠠ ᠺᠠᠷᠲ᠋ᠣᠨ ᠵᠦᠴᠦᠭᠡ ᠦᠵᠡᠵᠦ᠍ ᠪᠤᠯᠤᠨ᠎ᠠ ᠂ ᠮᠢᠨᠦ᠍ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠰᠤᠷᠤᠯᠴᠠᠬᠤ ᠤᠷᠮ᠎ᠠ ᠪᠠᠬ᠎ᠠ ᠵᠢ ᠮᠠᠰᠢ ᠰᠠᠢ᠌ᠨ ᠳᠡᠭᠡᠭ᠌ᠰᠢᠯᠡᠭᠦᠯᠪᠡ》 ᠭᠡᠪᠡ᠃
ᠮᠣᠩᠭᠣᠯ ᠦᠨᠳᠦᠰᠦᠲᠡᠨᠦ ᠰᠤᠷᠭᠠᠭᠤᠯᠢ ᠵᠢᠨ ᠬᠡᠯᠡ ᠪᠢᠴᠢᠭ ᠤ᠋ᠨ ᠪᠠᠭ᠍ᠰᠢ ᠮᠢᠨ᠎ᠠ᠄ 《ᠬᠠᠪᠲᠠᠭᠠᠶ ᠺᠣᠮᠫᠢᠦ᠋ᠲ᠋ᠧᠷ + ᠬᠢᠴᠢᠶᠡᠯ ᠤ᠋ᠨ ᠲᠠᠩᠬᠢᠮ ᠤ᠋ᠨ ᠬᠠᠷᠢᠯᠴᠠᠨ ᠬᠤᠷᠰᠢᠯᠴᠠᠬᠤ ᠵᠠᠭ᠍ᠪᠤᠷ ᠵᠢᠡᠷ ᠳᠡᠮᠵᠢᠨ᠂ ᠮᠠᠨ ᠤ᠋ ᠵᠢᠭᠠᠨ ᠰᠤᠷᠭᠠᠯᠲᠠ ᠨᠠᠩ ᠠᠮᠢᠳᠤᠯᠢᠭ ᠪᠥᠭᠡᠳ ᠰᠣᠨᠢᠷᠬᠠᠯᠲᠠᠶ ᠪᠣᠯᠵᠠᠶ᠃ ᠰᠤᠷᠤᠭ᠍ᠴᠢᠳ ᠵᠠᠪᠳᠤᠨ ᠬᠠᠷᠢᠭᠤᠯᠬᠤ᠂ ᠲᠣᠬᠢᠶᠠᠯᠳᠤᠯ ᠵᠢᠡᠷ ᠠᠰᠠᠭᠤᠬᠤ ᠪᠠ ᠳᠤᠭᠤᠢᠯᠠᠩ ᠬᠤᠪᠢᠶᠠᠨ ᠶᠠᠷᠢᠯᠴᠠᠬᠤ ᠳᠤᠮᠳᠠ ᠢᠳᠡᠪᠬᠢᠲᠡᠶ ᠣᠷᠣᠯᠴᠠᠵᠤ᠂ ᠬᠡᠯᠡ ᠪᠢᠴᠢᠭ ᠤ᠋ᠨ ᠮᠡᠳᠡᠯᠭᠡ ᠵᠢᠨ ᠲᠤᠬᠠᠶ ᠲᠡᠳᠡᠨᠦ ᠣᠢᠯᠠᠭᠠᠯᠲᠠ ᠵᠢ ᠭᠦᠨᠵᠡᠭᠡᠢᠷᠡᠭᠦᠯᠦᠭ᠌ᠰᠡᠨ ᠵᠢᠡᠷ ᠪᠠᠷᠠᠬᠤ ᠦᠭᠡᠶ᠂ ᠤᠯᠤᠰ ᠤ᠋ᠨ ᠨᠡᠢᠳᠡᠮ ᠭᠡᠷᠡᠭᠯᠡᠬᠦ ᠦᠭᠡ ᠬᠡᠯᠡ ᠦᠰᠦᠭ ᠪᠢᠴᠢᠭ ᠢ᠋ ᠰᠤᠷᠬᠤ ᠤᠷᠮ᠎ᠠ ᠪᠠᠬ᠎ᠠ ᠵᠢ ᠨᠢ ᠤᠯᠠᠮ ᠬᠥᠭ᠌ᠵᠢᠭᠡᠵᠡᠶ᠃ ᠡᠢᠮᠦ᠍ ᠵᠢᠭᠠᠨ ᠰᠤᠷᠭᠠᠯᠲᠠ ᠵᠢᠨ ᠵᠠᠭ᠍ᠪᠤᠷ ᠨᠢ ᠪᠢᠳᠡᠨᠳᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠰᠤᠷᠭᠠᠨ ᠬᠥᠮᠦᠵᠢᠯ ᠤ᠋ᠨ ᠬᠦᠷᠢᠶᠡᠨᠳᠡᠬᠢ ᠯᠤᠲᠤ ᠶᠡᠬᠡ ᠳᠠᠯᠳᠠ ᠬᠦᠴᠦᠨ ᠢ᠋ ᠮᠡᠳᠡᠷᠡᠬᠦᠯᠪᠡ》 ᠭᠡᠪᠡ᠃
ᠳᠤᠷᠠᠳᠤᠭᠤᠱᠢᠲᠠᠶ ᠵᠦᠶ᠋ᠯ ᠭᠡᠪᠡᠯ᠂ ᠲᠣᠰ ᠰᠤᠷᠭᠠᠭᠤᠯᠢ ᠨᠢ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠢ᠋ ᠳᠡᠯᠭᠡᠷᠡᠭᠦᠯᠬᠦ᠌ ᠵᠢᠨ ᠬᠠᠮᠲᠤ ᠪᠠᠰᠠ ᠰᠤᠷᠤᠭ᠍ᠴᠢᠳ ᠲᠦ᠍ ᠳᠤᠮᠳᠠᠳᠤ ᠵᠢᠨ ᠱᠢᠯᠢᠳᠡᠭ ᠤᠯᠠᠮᠵᠢᠯᠠᠯᠲᠤ ᠰᠣᠶᠣᠯ ᠢ᠋ ᠮᠡᠳᠡᠷᠡᠬᠦ᠌ ᠰᠡᠳᠭᠢᠯᠭᠡ ᠪᠠ ᠣᠮᠣᠭ᠍ᠰᠢᠯᠳᠦ ᠰᠡᠳᠭᠢᠯᠭᠡ ᠵᠢ ᠪᠤᠢ ᠪᠤᠯᠭᠠᠬᠤ ᠵᠢ ᠴᠢᠬᠤᠯᠠᠴᠢᠯᠠᠭ᠍ᠰᠠᠨ ᠪᠠᠢᠨ᠎ᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠠᠷᠭ᠎ᠠ ᠪᠠᠷᠢᠯ ᠢ᠋ ᠠᠱᠢᠭ᠍ᠯᠠᠬᠤ ᠪᠡᠷ ᠳᠠᠮᠵᠢᠭᠤᠯᠤᠨ᠂ ᠰᠤᠷᠤᠭ᠍ᠴᠢᠳ ᠳᠤᠮᠳᠠᠳᠤ ᠵᠢᠨ ᠱᠢᠯᠢᠳᠡᠭ ᠤᠯᠠᠮᠵᠢᠯᠠᠯᠲᠤ ᠰᠣᠶᠣᠯ ᠤ᠋ᠨ ᠭᠣᠣᠯ ᠴᠢᠮᠥᠭᠡ ᠵᠢ ᠨᠡᠩ ᠱᠢᠭᠤᠳ ᠱᠢᠯᠤᠭᠤᠨ ᠵᠢᠡᠷ ᠤᠢ᠍ᠢᠯᠠᠭᠠᠨ ᠰᠤᠷᠤᠯᠴᠠᠵᠤ ᠂ ᠡᠭᠦᠨᠦ ᠤᠯᠠᠮ ᠡᠴᠡ ᠳᠤᠮᠳᠠᠳᠤ ᠵᠢᠨ ᠦᠨᠳᠦᠰᠦᠲᠡᠨᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠤᠯᠠᠮ ᠨᠢᠭᠡ ᠠᠯᠬᠤᠮ ᠪᠠᠲᠤ ᠴᠤᠭᠴᠠᠯᠠᠵᠦ ᠴᠢᠳᠠᠨ᠎ᠠ ᠃
ᠴᠠᠬᠠᠷ ᠪᠠᠷᠠᠭᠤᠨ ᠭᠠᠷᠤᠨ ᠬᠣᠢᠲᠤ ᠬᠣᠱᠢᠭᠤᠨ ᠤ᠋ ᠮᠣᠩᠭᠣᠯ ᠦᠨᠳᠦᠰᠦᠲᠡᠨᠦ ᠰᠤᠷᠭᠠᠭᠤᠯᠢ ᠵᠢᠨ ᠡᠨᠡ ᠬᠦ᠌ ᠱᠢᠨ᠎ᠡ ᠵᠢ ᠡᠭᠦᠳᠬᠦ᠌ ᠦᠢᠯᠡᠳᠦᠯᠭᠡ ᠨᠢ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠬᠡᠷᠡᠭ᠌ᠯᠡᠭᠡᠨᠦ ᠴᠢᠳᠠᠪᠤᠷᠢ ᠵᠢ ᠳᠡᠭᠡᠭ᠌ᠰᠢᠯᠡᠭᠦᠯᠬᠦ᠌ᠳᠦ ᠬᠦᠴᠦᠲᠡᠢ ᠲᠤᠯᠭᠠᠭᠤᠷᠢᠯᠠᠯ ᠬᠠᠩᠭᠠᠭ᠍ᠰᠠᠨ ᠵᠢᠡᠷ ᠪᠠᠷᠠᠬᠤ ᠦᠭᠡᠢ ᠪᠠᠰᠠ ᠳᠤᠮᠳᠠᠳᠤ ᠵᠢᠨ ᠦᠨᠳᠦᠰᠦᠲᠡᠨᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠭᠦᠨᠵᠡᠭᠡᠢᠷᠡᠭᠦᠯᠬᠦ᠌᠂ ᠦᠨᠳᠦᠰᠦᠲᠡᠨᠨᠦᠭᠦᠳ ᠤ᠋ᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠢ᠋ ᠠᠬᠢᠭᠤᠯᠬᠤ ᠳ᠋ᠦ ᠢᠳᠡᠪᠬᠢᠲᠡᠢ ᠬᠤᠪᠢ ᠨᠡᠮᠡᠷᠢ ᠦᠵᠡᠭᠦᠯᠵᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃