2025-05-19 10:46:17
5 ᠰᠠᠷ᠎ᠠ ᠵᠢᠨ 6 ᠤ᠋ ᠡᠳᠦᠷ᠂ ᠣᠷᠳᠣᠰ ᠬᠣᠲᠠ ᠵᠢᠨ ᠳ᠋ᠦᠩᠱᠧᠩ ᠲᠣᠭᠣᠷᠢᠭ᠋ ᠤ᠋ᠨ ᠮᠣᠩᠭᠣᠯ ᠦᠨᠳᠦᠰᠦᠲᠡᠨ ᠤ᠋ ᠰᠤᠷᠭᠠᠭᠤᠯᠢ ᠵᠢᠨ ᠠᠩᠬ᠎ᠠ ᠳᠤᠮᠳᠠᠳᠤ ᠵᠢᠨ ᠨᠢᠭᠡᠳᠦᠭᠡᠷ ᠤᠨ ᠤ᠋ ᠭᠤᠷᠪᠠᠳᠤᠭᠠᠷ ᠠᠩᠭᠢ ᠶ᠋ᠢᠨ ᠭᠡᠷ ᠲᠤ᠌᠂ ᠬᠡᠯᠡ ᠪᠢᠴᠢᠭ ᠤ᠋ᠨ ᠪᠠᠭ᠍ᠰᠢ ᠪᠦᠦ ᠶᠢᠩ ᠵᠢᠶᠧ ᠰᠤᠷᠤᠭ᠍ᠴᠢᠳ ᠲᠠᠭᠠᠨ 《ᠠᠯᠲᠠᠨ ᠰᠢᠷᠭᠠᠯ ᠴᠡᠴᠡᠭ》 ᠬᠡᠬᠦ ᠬᠢᠴᠢᠶᠡᠯ ᠢ᠋ ᠲᠠᠢᠯᠪᠤᠷᠢᠯᠠᠨ ᠥᠭᠴᠦ ᠪᠠᠢᠯ᠎ᠠ᠃ 《ᠳᠦᠷᠦᠬᠦᠭᠡᠨ᠂ ᠮᠠᠨ ᠤ᠋ ᠰᠤᠷᠭᠠᠭᠤᠯᠢ ᠨᠠᠷᠠᠲᠤ ᠪᠠᠭ᠍ᠰᠢ ᠪᠠ ᠨᠡᠷ᠎ᠡ ᠬᠦᠨᠳᠦᠲᠦ ᠵᠢᠭᠠᠨ ᠰᠤᠳᠤᠯᠤᠭ᠍ᠴᠢ ᠵᠢ ᠤᠷᠢᠵᠤ ᠨᠠᠷᠢᠯᠢᠭ᠋ ᠣᠨᠣᠴᠠᠲᠠᠢ ᠪᠠᠷ ᠵᠢᠭᠠᠨ ᠰᠤᠷᠭᠠᠬᠤ ᠵᠢ ᠵᠢᠯᠤᠭᠣᠳᠬᠤ ᠠᠵᠢᠯᠯᠠᠭ᠎ᠠ ᠥᠷᠨᠢᠭᠦᠯᠵᠡᠢ᠂ ᠡᠨᠡ ᠨᠢ ᠮᠢᠨᠤ ᠬᠡᠯᠡ ᠪᠢᠴᠢᠭ ᠤ᠋ᠨ ᠵᠢᠭᠠᠨ ᠰᠤᠷᠭᠠᠯᠲᠠ᠂ ᠳᠠᠰᠬᠠᠯ ᠤ᠋ᠨ ᠪᠠᠢᠷᠢᠯᠠᠭᠤᠯᠤᠯᠳᠠ ᠵᠢᠴᠢ ᠰᠣᠷᠣᠭ᠍ᠴᠢ ᠵᠢᠨ ᠰᠤᠷᠤᠯᠴᠠᠬᠤ ᠢᠳᠡᠪᠬᠢᠵᠢᠯ ᠢ᠋ ᠳᠡᠭᠡᠭᠰᠢᠯᠡᠭᠦᠯᠬᠦ ᠵᠡᠷᠭᠡ ᠲᠠᠯ᠎ᠠ ᠪᠡᠷ ᠮᠠᠰᠢ ᠶᠡᠬᠡ ᠳᠡᠮᠵᠢᠯᠭᠡ ᠪᠣᠯᠵᠠᠢ᠂ ᠵᠢᠭᠠᠨ ᠰᠤᠷᠭᠠᠯᠲᠠ ᠵᠢᠨ ᠶᠠᠪᠤᠴᠠ ᠳ᠋ᠤ ᠪᠢ ᠰᠤᠷᠤᠭ᠍ᠴᠢᠳ ᠤ᠋ᠨ ᠬᠡᠯᠡ ᠪᠢᠴᠢᠭ ᠤ᠋ᠨ ᠬᠡᠷᠡᠭᠯᠡᠭᠡᠨ ᠤ᠋ ᠴᠢᠳᠠᠪᠤᠷᠢ ᠪᠠ ᠰᠡᠳᠬᠢᠬᠦᠢ ᠵᠢᠨ ᠴᠢᠳᠠᠪᠤᠷᠢ ᠵᠢ ᠬᠥᠮᠥᠵᠢᠭᠦᠯᠬᠦ ᠵᠢ ᠨᠠᠩ ᠢᠯᠡᠭᠦᠦ ᠴᠢᠬᠤᠯᠠᠴᠢᠯᠠᠨ᠂ ᠲᠡᠳᠡᠨ ᠤ᠋ ᠪᠡᠶ᠎ᠡ ᠪᠡᠨ ᠳᠠᠭᠠᠭᠠᠵᠤ ᠰᠤᠷᠤᠯᠴᠠᠬᠤ ᠤᠷᠮ᠎ᠠ ᠵᠣᠷᠢᠭ᠋ ᠢ᠋ ᠬᠥᠭᠵᠢᠭᠡᠵᠦ ᠴᠢᠳᠠᠵᠠᠢ᠃ ᠣᠳᠣᠬᠠᠨ ᠳ᠋ᠤ ᠂ ᠬᠢᠴᠢᠶᠡᠯ ᠤ᠋ᠨ ᠲᠠᠩᠭᠢᠮ ᠤ᠋ᠨ ᠠᠭᠤᠷ ᠠᠮᠢᠰᠬᠤᠯ ᠤᠯᠠᠮ ᠬᠥᠭᠵᠢᠶᠡᠨᠲᠡᠢ ᠪᠤᠯᠵᠤ᠂ ᠰᠤᠷᠤᠭ᠍ᠴᠢᠳ ᠰᠠᠨᠠᠭᠠᠴᠢᠯᠠᠭ᠎ᠠ ᠡᠴᠡ ᠪᠡᠨ ᠳᠠᠰᠬᠠᠯ ᠶ᠋ᠢᠡᠨ ᠬᠢᠵᠤ᠂ ᠵᠢᠭᠠᠨ ᠰᠤᠷᠭᠠᠯᠲᠠ ᠵᠢᠨ ᠦᠷ᠎ᠠ ᠪᠦᠲᠦᠮᠵᠢ ᠢᠯᠡᠳᠲᠡ ᠳᠡᠭᠡᠭᠰᠢᠯᠡᠪᠡ》 ᠭᠡᠵᠦ ᠪᠦᠦ ᠶᠢᠩ ᠵᠢᠶᠧ ᠬᠡᠯᠡᠨ᠎ᠠ᠃
ᠤᠯᠤᠰ ᠤ᠋ᠨ ᠨᠡᠢᠳᠡᠮ ᠬᠡᠷᠡᠭ᠌ᠯᠡᠬᠦ᠌ ᠦᠬᠡ ᠬᠡᠯᠡ ᠦᠰᠦᠭ ᠪᠢᠴᠢᠭ ᠤ᠋ᠨ ᠵᠢᠭᠠᠨ ᠰᠤᠷᠭᠠᠯᠳᠠ ᠵᠢᠨ ᠶᠠᠰᠤ ᠴᠢᠨᠠᠷ ᠢ᠋ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ ᠳ᠋ᠦᠩᠱᠧᠩ ᠲᠣᠭᠣᠷᠢᠭ᠋ ᠤ᠋ᠨ ᠮᠣᠩᠭᠣᠯ ᠦᠨᠳᠦᠰᠦᠲᠡᠨ ᠤ᠋ ᠰᠤᠷᠭᠠᠭᠤᠯᠢ ᠲᠣᠭᠲᠠᠮᠠᠯ ᠬᠤᠭᠤᠴᠠᠭ᠎ᠠ ᠲᠠᠢ ᠪᠡᠷ ᠨᠠᠷᠠᠲᠤ ᠪᠠᠭ᠍ᠰᠢ ᠪᠠ ᠵᠢᠭᠠᠨ ᠰᠤᠳᠤᠯᠤᠭ᠍ᠴᠢ ᠵᠢ ᠤᠷᠢᠵᠤ ᠵᠢᠭᠠᠨ ᠰᠤᠷᠭᠠᠯᠲᠠ ᠵᠢ ᠵᠢᠯᠤᠭᠣᠳᠬᠤ ᠠᠵᠢᠯᠯᠠᠭ᠎ᠠ ᠥᠷᠨᠢᠭᠦᠯᠦᠨ᠂ ᠵᠢᠭᠠᠨ ᠰᠤᠷᠭᠠᠯᠲᠠ ᠵᠢ ᠰᠤᠳᠤᠯᠤᠨ ᠶᠠᠷᠢᠯᠴᠠᠬᠤ᠂ ᠬᠠᠮᠲᠤ ᠪᠡᠷ ᠬᠢᠴᠢᠶᠡᠯ ᠪᠡᠯᠡᠳᠬᠡᠬᠦ᠂ ᠬᠢᠴᠢᠶᠡᠯ ᠰᠣᠨᠣᠰᠬᠤ᠂ ᠬᠢᠴᠢᠶᠡᠯ ᠢ᠋ ᠦᠨᠡᠯᠡᠬᠦ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ ᠪᠠᠭ᠍ᠰᠢ ᠨᠠᠷ ᠤ᠋ᠨ ᠤᠯᠤᠰ ᠤ᠋ᠨ ᠨᠡᠢᠳᠡᠮ ᠬᠡᠷᠡᠭ᠌ᠯᠡᠬᠦ᠌ ᠦᠬᠡ ᠬᠡᠯᠡ ᠦᠰᠦᠭ ᠪᠢᠴᠢᠭ ᠤ᠋ᠨ ᠵᠢᠭᠠᠨ ᠰᠤᠷᠭᠠᠯᠳᠠ ᠵᠢᠨ ᠴᠢᠳᠠᠪᠤᠷᠢ ᠪᠡᠨ ᠳᠡᠭᠡᠭᠰᠢᠯᠡᠭᠦᠯᠬᠦ ᠳ᠋ᠤ ᠬᠦᠴᠦᠨ ᠨᠡᠮᠡᠷᠢᠯᠡᠵᠠᠢ᠃
ᠵᠢᠭᠠᠨ ᠰᠤᠷᠭᠠᠯᠲᠠ ᠵᠢ ᠵᠢᠯᠤᠭᠣᠳᠬᠤ ᠠᠵᠢᠯᠯᠠᠭ᠎ᠠ ᠪᠣᠯ ᠳ᠋ᠦᠩᠱᠧᠩ ᠲᠣᠭᠣᠷᠢᠭ᠋ ᠤ᠋ᠨ ᠮᠣᠩᠭᠣᠯ ᠦᠨᠳᠦᠰᠦᠲᠡᠨ ᠤ᠋ ᠰᠤᠷᠭᠠᠭᠤᠯᠢ ᠵᠢᠨ ᠪᠠᠭ᠍ᠰᠢ ᠵᠢᠨ ᠵᠢᠭᠠᠨ ᠰᠤᠷᠭᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠣᠯᠠᠨ ᠠᠷᠭ᠎ᠠ ᠬᠡᠮᠵᠢᠶ᠎ᠠ ᠵᠢᠨ ᠨᠢᠭᠡ ᠪᠣᠯᠤᠨ᠎ᠠ᠃ ᠳᠤᠰ ᠰᠤᠷᠭᠠᠭᠤᠯᠢ ᠨᠢ ᠪᠠᠰᠠ ᠪᠠᠭ᠍ᠰᠢ ᠵᠢᠨ ᠪᠣᠯᠪᠠᠰᠤᠷᠠᠯ᠂ ᠵᠢᠭᠠᠨ ᠰᠤᠷᠭᠠᠯᠲᠠ ᠵᠢᠨ ᠰᠤᠳᠤᠯᠭᠠᠨ᠂ ᠰᠤᠷᠭᠠᠭᠤᠯᠢ ᠵᠢᠨ ᠳᠤᠳᠤᠷᠠᠬᠢ ᠪᠣᠯᠪᠠᠰᠤᠷᠠᠯ ᠵᠡᠷᠭᠡ ᠣᠯᠠᠨ ᠲᠠᠯ᠎ᠡ ᠪᠡᠷ ᠬᠦᠴᠦᠯᠡᠵᠦ᠂ ᠪᠠᠭ᠍ᠰᠢ ᠵᠢᠨ ᠤᠯᠤᠰ ᠤ᠋ᠨ ᠨᠡᠢᠳᠡᠮ ᠬᠡᠷᠡᠭ᠌ᠯᠡᠬᠦ᠌ ᠦᠬᠡ ᠬᠡᠯᠡ ᠦᠰᠦᠭ ᠪᠢᠴᠢᠭ ᠤ᠋ᠨ ᠵᠢᠭᠠᠨ ᠰᠤᠷᠭᠠᠯᠳᠠ ᠵᠢᠨ ᠴᠢᠳᠠᠪᠤᠷᠢ ᠵᠢ ᠪᠦᠬᠦ ᠬᠦᠴᠦᠨ ᠶ᠋ᠢᠡᠷ ᠶ᠋ᠢᠡᠨ ᠳᠡᠭᠡᠭᠰᠢᠯᠡᠭᠦᠯᠵᠦ ᠪᠤᠢ᠃
ᠪᠠᠭ᠍ᠰᠢ ᠵᠢᠨ ᠪᠣᠯᠪᠠᠰᠤᠷᠠᠯ ᠰᠤᠷᠤᠯᠴᠠᠯᠭ᠎ᠠ ᠵᠢᠨ ᠲᠠᠯ᠎ᠠ ᠪᠡᠷ᠂ ᠳᠤᠰ ᠰᠤᠷᠭᠠᠭᠤᠯᠢ ᠨᠢ ᠪᠠᠭ᠍ᠰᠢ ᠵᠢᠨ ᠪᠣᠯᠪᠠᠰᠤᠷᠠᠯ ᠤ᠋ᠨ ᠠᠵᠢᠯ ᠢ᠋ ᠦᠷᠭᠦᠯᠵᠢᠯᠡᠨ ᠴᠢᠩᠭᠠᠳᠬᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠬᠤ ᠠᠷᠭ᠎ᠠ ᠮᠠᠶᠢᠭ᠋ ᠢ᠋ ᠬᠡᠷᠡᠭᠯᠡᠨ᠂ ᠤᠯᠤᠰ ᠤ᠋ᠨ ᠳᠤᠮᠳᠠᠳᠤ ᠪᠠᠭ᠎ᠠ ᠰᠤᠷᠭᠠᠭᠤᠯᠢ ᠵᠢᠨ ᠣᠶᠤᠨᠴᠢ ᠰᠤᠷᠭᠠᠨ ᠬᠥᠮᠦᠵᠢᠯ ᠤ᠋ᠨ ᠲᠠᠪᠴᠠᠩ᠂ ᠴᠠᠩ ᠶᠠᠨ ᠭᠦᠸᠧ ᠲᠦᠩ ᠰᠢᠯᠵᠢᠶ᠎ᠡ ᠵᠡᠷᠭᠡ ᠰᠦᠯᠵᠢᠶᠡᠨ ᠤ᠋ ᠡᠬᠢ ᠪᠠᠶᠠᠯᠢᠭ᠋ ᠢ᠋ ᠠᠰᠢᠭ᠍ᠯᠠᠵᠤ᠂ ᠪᠠᠭ᠍ᠰᠢ ᠨᠠᠷ ᠢ᠋ ᠵᠣᠬᠢᠶᠠᠨ ᠪᠠᠢᠭᠤᠯᠵᠤ ᠪᠠᠢᠭᠠᠳ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠲᠠᠢ ᠬᠤᠯᠪᠤᠭᠳᠠᠬᠤ ᠡᠯ᠎ᠡ ᠲᠥᠷᠥᠯ ᠤ᠋ᠨ ᠪᠣᠯᠪᠠᠰᠤᠷᠠᠯ ᠳ᠋ᠤ ᠣᠷᠣᠯᠴᠠᠭᠤᠯᠤᠨ᠂ ᠪᠠᠭ᠍ᠰᠢ ᠨᠢᠭᠡᠪᠦᠷᠢ ᠵᠢᠨ ᠥᠪᠡᠷ ᠢ᠋ ᠪᠡᠨ ᠲᠠᠰᠤᠷᠠᠯᠲᠠ ᠦᠭᠡᠢ ᠳᠡᠭᠡᠭᠰᠢᠯᠡᠭᠦᠯᠬᠦ ᠵᠢ ᠦᠨᠡᠨ ᠬᠦ᠌ ᠪᠠᠲᠤᠯᠠᠵᠠᠢ᠃
ᠵᠢᠭᠠᠨ ᠰᠤᠷᠭᠠᠯᠲᠠ ᠵᠢᠨ ᠰᠤᠳᠤᠯᠭᠠᠨ ᠤ᠋ ᠭᠣᠭᠴᠣᠭ᠎ᠠ ᠳ᠋ᠤ᠂ ᠳ᠋ᠦᠩᠱᠧᠩ ᠲᠣᠭᠣᠷᠢᠭ᠋ ᠤ᠋ᠨ ᠮᠣᠩᠭᠣᠯ ᠦᠨᠳᠦᠰᠦᠲᠡᠨ ᠤ᠋ ᠰᠤᠷᠭᠠᠭᠤᠯᠢ ᠲᠣᠭᠲᠠᠮᠠᠯ ᠬᠤᠭᠤᠴᠠᠭ᠎ᠠ ᠲᠠᠢ ᠪᠡᠷ ᠵᠢᠭᠠᠬᠤ ᠮᠠᠲᠧᠷᠢᠶᠠᠯ ᠢ᠋ ᠤᠩᠰᠢᠨ ᠲᠠᠢᠯᠪᠤᠷᠢᠯᠠᠬᠤ ᠪᠣᠯᠪᠠᠰᠤᠷᠠᠯ᠂ ᠰᠢᠯᠢᠳᠡᠭ ᠪᠠᠭ᠍ᠰᠢ ᠵᠢ ᠬᠥᠮᠥᠵᠢᠭᠦᠯᠬᠦ ᠪᠠ ᠠᠨᠠᠢ ᠪᠠᠭᠰᠢ ᠳ᠋ᠤ ᠲᠤᠰᠠᠯᠠᠬᠤ ᠵᠢᠯᠣᠭᠣᠳᠤᠯᠭ᠎ᠠ ᠵᠢᠨ ᠪᠣᠯᠪᠠᠰᠤᠷᠠᠯ᠂ ᠵᠢᠭᠠᠨ ᠰᠤᠳᠤᠯᠤᠭ᠍ᠴᠢ ᠡᠴᠡ ᠬᠢᠴᠢᠶᠡᠯ ᠣᠷᠣᠬᠤ᠂ ᠰᠢᠯᠢᠳᠡᠭ ᠵᠢᠭᠠᠨ ᠰᠤᠷᠭᠠᠯᠲᠠ ᠵᠢᠨ ᠵᠢᠱ᠌ᠢᠶ᠎ᠡ ᠵᠢ ᠳᠠᠢᠯᠪᠦᠷᠢᠯᠠᠬᠤ ᠵᠡᠷᠭᠡ ᠠᠵᠢᠯᠯᠠᠭ᠎ᠠ ᠵᠢ ᠢᠳᠡᠪᠬᠢᠳᠡᠢ ᠦᠷᠨᠢᠬᠦᠯᠵᠦ ᠪᠤᠢ᠃
ᠰᠤᠷᠭᠠᠭᠤᠯᠢ ᠵᠢᠨ ᠲᠣᠳᠤᠷᠠᠬᠢ ᠪᠣᠯᠪᠠᠰᠤᠷᠠᠯ ᠤ᠋ᠨ ᠠᠵᠢᠯᠯᠠᠭ᠎ᠠ ᠳᠤᠮᠳᠠ᠂ ᠳᠤᠰ ᠰᠤᠷᠭᠠᠭᠤᠯᠢ ᠨᠢ ᠬᠢᠴᠢᠶᠡᠯ ᠳᠦᠷᠦᠯ ᠶ᠋ᠢᠡᠷ ᠳᠤᠭᠤᠢᠯᠠᠩ ᠬᠤᠪᠢᠶᠠᠵᠤ᠂ ᠬᠠᠮᠲᠤ ᠪᠡᠷ ᠬᠢᠴᠢᠶᠡᠯ ᠪᠡᠯᠡᠳᠬᠡᠬᠦ᠂ ᠬᠢᠴᠢᠶᠡᠯ ᠰᠣᠨᠣᠰᠬᠤ᠂ ᠬᠢᠴᠢᠶᠡᠯ ᠢ᠋ ᠦᠨᠡᠯᠡᠬᠦ᠂ ᠬᠢᠴᠢᠶᠡᠯ ᠤ᠋ᠨ ᠲᠠᠩᠭᠢᠮ ᠤ᠋ᠨ ᠠᠵᠢᠭ᠍ᠯᠠᠯᠲᠠ ᠬᠢᠬᠦ᠂ ᠰᠣᠷᠣᠭ᠍ᠴᠢ ᠵᠢ ᠦᠨᠡᠯᠡᠬᠦ᠂ ᠵᠢᠭᠠᠨ ᠰᠤᠷᠭᠠᠯᠲᠠ ᠵᠢᠨ ᠬᠢᠷᠢ ᠪᠦᠲᠦᠮᠵᠢ ᠵᠢ ᠵᠠᠳᠠᠯᠬᠤ ᠵᠡᠷᠭᠡ ᠣᠯᠠᠨ ᠲᠠᠯ᠎ᠠ ᠵᠢᠨ ᠠᠷᠭ᠎ᠠ ᠬᠡᠯᠪᠡᠷᠢ ᠪᠡᠷ ᠪᠠᠭ᠍ᠰᠢ ᠵᠢᠨ ᠤᠯᠤᠰ ᠤ᠋ᠨ ᠨᠡᠢᠳᠡᠮ ᠬᠡᠷᠡᠭ᠌ᠯᠡᠬᠦ᠌ ᠦᠬᠡ ᠬᠡᠯᠡ ᠦᠰᠦᠭ ᠪᠢᠴᠢᠭ ᠤ᠋ᠨ ᠵᠢᠭᠠᠨ ᠰᠤᠷᠭᠠᠯᠳᠠ ᠶ᠋ᠢᠨ ᠴᠢᠳᠠᠪᠤᠷᠢ ᠳ᠋ᠤ ᠶᠡᠷᠦᠩᠬᠡᠢᠯᠡᠭᠰᠡᠨ ᠦᠨᠡᠯᠡᠯᠲᠡ ᠬᠢᠵᠦ᠂ ᠢᠯᠡᠷᠡᠯ ᠨᠢ ᠰᠢᠯᠢᠳᠡᠭ ᠪᠠᠭ᠍ᠰᠢ ᠵᠢ ᠬᠥᠬᠢᠭᠦᠯᠦᠨ ᠱᠠᠩᠨᠠᠵᠤ᠂ ᠠᠰᠠᠭᠤᠳᠠᠯ ᠣᠷᠣᠰᠢᠵᠤ ᠪᠠᠢᠭ᠎ᠠ ᠪᠠᠭ᠍ᠰᠢ ᠳ᠋ᠤ ᠴᠢᠭᠯᠡᠭᠦᠯᠦᠨ ᠴᠡᠭᠴᠡᠯᠡᠨ ᠰᠠᠢᠵᠢᠷᠠᠭᠤᠯᠬᠤ ᠱᠠᠭᠠᠷᠳᠠᠯᠭ᠎ᠠ ᠳᠤᠷᠠᠳᠬᠤ ᠵᠢᠨ ᠬᠠᠮᠲᠤ ᠦᠷᠭᠦᠯᠵᠢᠯᠡᠨ ᠮᠥᠷᠳᠡᠨ ᠰᠢᠮᠳᠠᠭᠤᠯᠵᠤ ᠬᠠᠯᠠᠨ ᠰᠠᠢᠵᠢᠷᠠᠭᠤᠯᠵᠤ ᠪᠠᠢᠨ᠎ᠠ᠃
ᠳ᠋ᠦᠩᠱᠧᠩ ᠲᠣᠭᠣᠷᠢᠭ᠋ ᠤ᠋ᠨ ᠮᠣᠩᠭᠣᠯ ᠦᠨᠳᠦᠰᠦᠲᠡᠨ ᠤ᠋ ᠰᠤᠷᠭᠠᠭᠤᠯᠢ ᠵᠢᠨ ᠵᠠᠬᠢᠷᠤᠯ ᠰᠠᠷᠠᠨᠮᠠᠨᠳᠤᠯ᠎ᠠ᠄ 《ᠪᠢᠳᠡ ᠪᠣᠯᠪᠠᠰᠤᠷᠠᠯ ᠤ᠋ᠨ ᠰᠢᠰᠲᠧᠮ ᠢ᠋ ᠬᠦᠴᠦᠯᠡᠨ ᠭᠦᠨᠵᠡᠭᠡᠢᠷᠡᠭᠦᠯᠵᠦ᠂ ᠵᠢᠭᠠᠨ ᠰᠤᠷᠭᠠᠯᠲᠠ ᠵᠢᠨ ᠦᠢᠯᠡᠳᠦᠯᠭᠡ ᠳ᠋ᠤ ᠬᠢᠨᠠᠯᠲᠠ ᠲᠠᠯᠪᠢᠬᠤ ᠪᠠ ᠵᠢᠭᠠᠨ ᠵᠢᠯᠤᠭᠣᠳᠬᠤ ᠵᠢ ᠴᠢᠩᠭᠠᠳᠬᠠᠨ᠂ ᠬᠢᠨᠠᠨ ᠰᠢᠯᠭᠠᠬᠤ ᠪᠠ ᠤᠷᠮᠠᠰᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠪᠠᠭ᠍ᠰᠢ ᠵᠢᠨ 〈 ᠬᠢᠴᠢᠶᠡᠯ ᠣᠷᠣᠵᠤ ᠳᠡᠶ᠋ᠢᠯᠬᠦ 〉 ᠪᠠᠢᠭᠰᠠᠨ ᠡᠴᠡ ᠪᠡᠨ 〈 ᠬᠢᠴᠢᠶᠡᠯ ᠰᠠᠢᠨ ᠣᠷᠣᠬᠤ 〉 ᠳ᠋ᠤ ᠬᠦᠷᠬᠡᠬᠦ ᠪᠤᠯᠭᠠᠨ᠎ᠠ》 ᠭᠡᠵᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃