2025-05-20 09:18:20
ᠡᠨᠡ ᠵᠢᠯ᠂ ᠬᠥᠯᠥᠨ ᠪᠣᠢᠷ ᠬᠣᠲᠠ᠎ᠶ᠋ᠢᠨ ᠬᠠᠢᠯᠠᠷ ᠲᠣᠭᠣᠷᠢᠭ᠎ᠤᠨ ᠮᠣᠩᠭᠣᠯ ᠦᠨᠳᠦᠰᠦᠲᠡᠨ᠎ᠦ ᠳᠤᠮᠳᠠᠳᠤ ᠰᠤᠷᠭᠠᠭᠤᠯᠢ᠎ᠶ᠋ᠢᠨ ᠡᠯ᠎ᠡ ᠣᠨ᠂ ᠪᠥᠬᠥ᠌ ᠬᠢᠴᠢᠶᠡᠯ ᠲᠥᠷᠥᠯ᠎ᠳᠦ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠪᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠵᠢᠭᠠᠨ ᠰᠤᠷᠭᠠᠯᠲᠠ᠎ᠶ᠋ᠢ ᠬᠡᠷᠡᠭ᠌ᠯᠡᠪᠡ᠃
ᠬᠠᠢᠯᠠᠷ ᠲᠣᠭᠣᠷᠢᠭ᠎ᠤᠨ ᠮᠣᠩᠭᠣᠯ ᠳᠤᠮᠳᠠᠳᠤ ᠰᠤᠷᠭᠠᠭᠤᠯᠢ᠎ᠳᠤ ᠤᠳᠤ 3 ᠣᠨ᠎ᠤ 6 ᠵᠢᠭᠠᠨ ᠰᠤᠷᠭᠠᠯᠲᠠ᠎ᠶ᠋ᠢᠨ ᠠᠩᠬᠢ᠎ᠲᠠᠶ᠂ ᠰᠤᠷᠭᠠᠭᠤᠯᠢ᠎ᠳᠤ ᠪᠠᠢᠭ᠎ᠠ ᠰᠤᠷᠤᠭ᠍ᠴᠢ 185 ᠬᠦᠮᠦᠨ᠂ ᠲᠤᠰᠭᠠᠢ ᠪᠠᠭ᠍ᠰᠢ 42 ᠬᠦᠮᠦᠨ ᠪᠤᠢ᠃ ᠲᠤᠰ ᠳᠤᠮᠳᠠᠳᠤ ᠰᠤᠷᠭᠠᠭᠤᠯᠢ ᠨᠢ 《ᠬᠡᠪ ᠵᠤᠷᠱᠢᠯ᠎ᠢ ᠪᠠᠢᠭᠤᠯᠵᠤ᠂ ᠲᠠᠪᠰᠢᠯᠳᠠ ᠵᠢ ᠠᠬᠢᠭᠤᠯᠬᠤ》 ᠪᠡᠷ ᠵᠣᠷᠢᠯᠲᠠ ᠪᠣᠯᠭᠠᠨ᠂ 《ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠬᠥᠭ᠌ᠵᠢᠯᠲᠡ᠎ᠶ᠋ᠢ ᠲᠣᠭ᠍ᠲᠠᠪᠤᠷᠢᠵᠢᠭᠤᠯᠬᠤ》 ᠪᠡᠷ ᠵᠣᠭ᠍ᠰᠣᠴᠠ ᠪᠣᠯᠭᠠᠵᠤ᠂ ᠵᠢᠭᠠᠨ ᠰᠤᠷᠭᠠᠯᠲᠠ᠎ᠶ᠋ᠢ ᠬᠠᠷᠢᠯᠴᠠᠨ ᠠᠬᠢᠭᠤᠯᠵᠤ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ᠋ ᠬᠡᠷᠡᠭᠯᠡᠬᠦ ᠪᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠡᠷ ᠵᠢᠭᠠᠨ ᠰᠤᠷᠭᠠᠬᠤ᠎ᠶ᠋ᠢ ᠲᠡᠯᠭᠡᠷᠡᠭᠦᠯᠪᠡ᠃ 2024 ᠣᠨ᠎ᠤ ᠲᠡᠭᠡᠳᠦ ᠲᠤᠮᠳᠠᠳᠤ ᠳ᠋ᠤ ᠳᠡᠪᠱᠢᠬᠦ᠌ ᠨᠣᠷᠮ᠎ᠠ 83.75 % ᠳ᠋ᠤ ᠬᠦᠷᠴᠦ᠍᠂ ᠶᠡᠷᠦᠩᠬᠡᠶ ᠬᠤᠪᠢ᠎ᠨᠢ 687 ᠬᠤᠪᠢ᠎ᠳᠤ ᠬᠦᠷᠴᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠬᠦ᠌ ᠵᠠᠮ ᠳᠡᠭᠡᠷ᠎ᠡ ᠯᠠᠪᠳᠠᠭᠤᠨ᠎ᠢᠶᠠᠷ ᠬᠣᠯᠠ ᠠᠶᠠᠯᠠᠪᠠ᠃
ᠬᠡᠳᠦᠨ ᠵᠢᠯ᠎ᠦᠨ ᠲᠤᠷᠰᠢ᠂ ᠮᠣᠩᠭᠣᠯ ᠳᠤᠮᠳᠠᠳᠤ ᠰᠤᠷᠭᠠᠭᠤᠯᠢ᠎ᠶ᠋ᠢᠨ ᠪᠠᠭ᠍ᠰᠢ ᠨᠠᠷ ᠭᠠᠳᠠᠭ᠍ᠰᠢ ᠭᠠᠷᠴᠤ᠌ ᠱᠢᠨᠵᠢᠯᠡᠭᠡᠨ᠎ᠦ ᠰᠠᠯᠠᠭ᠎ᠠ᠎ᠶ᠋ᠢᠨ ᠪᠣᠯᠪᠠᠰᠤᠷᠠᠯ᠎ᠳᠤ ᠣᠷᠣᠯᠴᠠᠵᠤ᠂ ᠰᠤᠷᠭᠠᠭᠤᠯᠢ᠎ᠳᠠᠭᠠᠨ ᠪᠤᠴᠠᠭ᠍ᠰᠠᠨ᠎ᠤ ᠳᠠᠷᠠᠭ᠎ᠠ ᠬᠠᠷᠢᠭᠤ ᠮᠡᠳᠡᠭᠦᠯᠦᠯᠲᠡ ᠬᠢᠵᠤ ᠰᠠᠨᠠᠯ ᠵᠢᠡᠨ ᠰᠣᠯᠢᠯᠴᠠᠨ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠵᠦ᠍᠂ ᠰᠤᠷᠤᠯᠴᠠᠪᠠᠯ ᠣᠯᠤᠯᠲᠠ᠎ᠲᠠᠶ ᠪᠠᠢᠬᠤ᠎ᠶ᠋ᠢ ᠪᠡᠶᠡᠯᠡᠭᠦᠯᠪᠡ᠃ ᠲᠤᠰ ᠰᠤᠷᠭᠠᠭᠤᠯᠢ ᠨᠢ ᠬᠠᠢᠯᠠᠷ ᠲᠣᠭᠣᠷᠢᠭ᠎ᠤᠨ ᠲᠠᠪᠤᠳᠤᠭᠠᠷ ᠳᠤᠮᠳᠠᠳᠤ ᠰᠤᠷᠭᠠᠭᠤᠯᠢ᠎ᠲᠠᠶ ᠪᠠᠭ᠍ᠰᠢ᠎ᠶ᠋ᠢᠨ ᠰᠣᠯᠢᠯᠴᠠᠭᠠᠨ᠎ᠤ ᠲᠣᠭ᠍ᠲᠠᠴᠠ᠎ᠶ᠋ᠢ ᠪᠠᠢᠭᠤᠯᠵᠤ᠂ ᠬᠠᠮᠲᠤᠷᠠᠭ᠍ᠰᠠᠨ ᠵᠢᠭᠠᠨ ᠰᠤᠳᠤᠯᠬᠤ ᠠᠵᠢᠯᠯᠠᠭ᠎ᠠ᠎ᠶ᠋ᠢ ᠥᠷᠨᠢᠭᠦᠯᠵᠦ᠍᠂ ᠪᠠᠭ᠍ᠰᠢ᠎ᠶ᠋ᠢᠨ ᠲᠤᠰᠭᠠᠢ ᠮᠡᠷᠭᠡᠵᠢᠯ᠎ᠦᠨ ᠬᠢᠷᠢ ᠲᠦᠪᠱᠢᠨ᠎ᠢ ᠳᠡᠭᠡᠭ᠌ᠰᠢᠯᠡᠭᠦᠯᠪᠡ; ᠥᠪᠡᠷᠲᠡᠭᠡᠨ ᠵᠠᠰᠠᠬᠤ ᠣᠷᠣᠨ᠎ᠤ ᠡᠬᠢ ᠪᠠᠶᠠᠯᠢᠭ᠎ᠤᠨ ᠬᠢᠴᠢᠶᠡᠯ᠎ᠦᠨ ᠭᠡᠷ᠎ᠦᠨ ᠵᠢᠭᠠᠨ ᠰᠤᠷᠭᠠᠯᠲᠠ᠎ᠶ᠋ᠢᠨ ᠵᠥᠭᠡᠯᠡᠨ ᠲᠣᠨᠣᠭ 《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠢ᠋ ᠰᠢᠯᠤᠭᠤᠨ ᠶᠠᠷᠢᠬᠤ》 ᠪᠠ ᠤᠯᠤᠰ ᠤ᠋ᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠣᠶᠤᠨᠴᠢ ᠰᠤᠷᠭᠠᠨ ᠬᠥᠮᠦᠵᠢᠯ᠎ᠦᠨ ᠲᠠᠪᠴᠠᠩ ᠤ᠋ᠨ ᠡᠬᠢ ᠪᠠᠶᠠᠯᠢᠭ᠎ᠢ ᠠᠱᠢᠭ᠍ᠯᠠᠨ᠂ ᠪᠠᠭ᠍ᠰᠢ ᠰᠤᠷᠤᠭ᠍ᠴᠢᠳ᠎ᠤ᠋ᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠢ᠋ ᠬᠡᠷᠡᠭ᠌ᠯᠡᠵᠦ ᠪᠤᠯᠪᠠᠰᠤᠷᠠᠬᠤ ᠵᠢ ᠴᠢᠩᠭᠠᠳᠭᠠᠪᠠ ᠃
ᠬᠢᠴᠢᠶᠡᠯ ᠳᠡᠭᠡᠷ᠎ᠡ ᠵᠢᠭᠠᠵᠤ᠂ ᠬᠢᠴᠢᠶᠡᠯ᠎ᠦᠨ ᠭᠠᠳᠠᠨ᠎ᠠ ᠰᠤᠳᠤᠯᠤᠨ᠎ᠠ᠃ ᠲᠤᠰ ᠰᠤᠷᠭᠠᠭᠤᠯᠢ ᠨᠢ 《ᠰᠤᠷᠤᠭᠴᠢ ᠪᠡᠷ ᠰᠤᠷᠤᠭᠴᠢ ᠳᠠᠭᠠᠭᠤᠯᠬᠤ》 ᠬᠠᠷᠢᠯᠴᠠᠨ ᠬᠠᠪᠰᠤᠷᠤᠯᠴᠠᠵᠤ ᠰᠤᠷᠤᠯᠴᠠᠬᠤ ᠬᠡᠯᠪᠡᠷᠢ ᠵᠢ ᠬᠡᠷᠡᠭᠵᠢᠭᠦᠯᠵᠦ᠂ ᠰᠤᠷᠤᠯᠭ᠎ᠠ᠎ᠳᠠᠭᠠᠨ ᠬᠦᠴᠢᠷᠳᠡᠵᠦ᠍ ᠪᠠᠢᠭ᠎ᠠ ᠰᠤᠷᠤᠭ᠍ᠴᠢᠳ᠎ᠢ ᠳᠠᠢᠴᠢᠯᠠᠨ᠂ ᠬᠠᠮᠲᠤ᠎ᠶ᠋ᠢᠨ ᠳᠠᠪᠱᠢᠯᠲᠠ᠎ᠶ᠋ᠢ ᠠᠬᠢᠭᠤᠯᠵᠠᠢ; ᠡᠷᠲᠡ ᠵᠢᠨ ᠤᠩᠱᠢᠯᠭ᠎ᠠ ᠪᠠ ᠰᠤᠯᠠ ᠴᠠᠭ᠎ᠢ ᠠᠱᠢᠭ᠍ᠯᠠᠨ᠂ ᠶᠠᠷᠢᠶ᠎ᠠ ᠢᠯᠡᠳᠭᠡᠯ ᠬᠢᠬᠦ᠂ ᠤᠷᠠᠨ ᠲᠣᠳᠣ ᠤᠩᠱᠢᠯᠭ᠎ᠠ᠂ ᠵᠣᠬᠢᠶᠠᠯ ᠡᠯᠰᠡᠬᠦ᠌ ᠵᠡᠷᠭᠡ ᠣᠯᠠᠨ ᠶᠠᠩᠵᠤ ᠬᠡᠯᠪᠡᠷᠢ᠎ᠶ᠋ᠢᠨ ᠭᠤᠤᠯ ᠰᠡᠳᠦᠪᠲᠦ ᠠᠵᠢᠯᠯᠠᠭ᠎ᠠ᠎ᠶ᠋ᠢ ᠡᠷᠭᠢᠯᠡᠬᠦ᠌᠎ᠪᠡᠷ ᠳᠠᠮᠵᠢᠭᠤᠯᠤᠨ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠡᠷ ᠨᠣᠮ ᠤᠩᠱᠢᠬᠤ ᠪᠠ ᠪᠢᠴᠢᠭ᠌ᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠪᠡ᠃
ᠬᠠᠢᠯᠠᠷ ᠲᠣᠭᠣᠷᠢᠭ᠎ᠤᠨ ᠮᠣᠩᠭᠣᠯ ᠳᠤᠮᠳᠠᠳᠤ ᠰᠤᠷᠭᠠᠭᠤᠯᠢ᠎ᠶ᠋ᠢᠨ ᠵᠠᠬᠢᠷᠤᠯ ᠬ᠍ᠤ᠌ ᠢᠦᠢ ᠵᠠᠩ᠄ 《ᠲᠠᠷᠠᠭᠠᠴᠢ᠎ᠶ᠋ᠢᠨ ᠠᠯᠬᠤᠮ᠎ᠳᠤ᠂ ᠰᠤᠷᠭᠠᠭᠤᠯᠢ᠎ᠡᠴᠡ ᠲᠣᠭᠠᠴᠢᠯᠠᠭ᠍ᠰᠠᠨ ᠵᠢᠭᠠᠨ ᠰᠤᠷᠭᠠᠯᠲᠠ᠎ᠶ᠋ᠢᠨ ᠡᠬᠢ ᠪᠠᠶᠠᠯᠢᠭ᠎ᠤᠨ ᠪᠠᠢᠭᠤᠯᠤᠯᠲᠠ᠎ᠶ᠋ᠢ ᠠᠬᠢᠭᠤᠯᠵᠤ᠂ ᠪᠠᠭ᠍ᠰᠢ᠎ᠶ᠋ᠢᠨ ᠲᠤᠰᠠᠯᠠᠬᠤ ᠵᠢᠭᠠᠨ ᠰᠤᠷᠭᠠᠯᠲᠠ᠎ᠶ᠋ᠢᠨ ᠡᠬᠢ ᠪᠠᠶᠠᠯᠢᠭ᠎ᠢ ᠲᠡᠭᠦᠯᠳᠡᠷᠵᠢᠭᠦᠯᠵᠦ᠍᠂ ᠬᠢᠴᠢᠶᠡᠯ᠎ᠦᠨ ᠲᠠᠩᠬᠢᠮ᠎ᠤᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ; ᠬᠠᠪᠰᠤᠷᠤᠨ ᠲᠡᠳᠬᠦᠬᠦ᠌ ᠪᠣᠯᠪᠠᠰᠤᠷᠠᠯ ᠪᠠ ᠰᠤᠷᠭᠠᠭᠤᠯᠢ᠎ᠶ᠋ᠢᠨ ᠥᠪᠡᠷ᠎ᠦᠨ ᠵᠢᠭᠠᠬᠤ ᠰᠤᠳᠤᠯᠬᠤ᠎ᠶ᠋ᠢ ᠣᠷᠭᠠᠨᠢᠭ᠎ᠢᠶᠠᠷ ᠤᠶᠠᠯᠳᠤᠭᠤᠯᠵᠤ᠂ ᠠᠳᠠᠯᠢ ᠳᠠᠪᠲᠠᠮᠵᠢ᠎ᠪᠠᠷ ᠬᠥᠳᠡᠯᠦᠯᠴᠡᠨ᠂ ᠵᠢᠭᠠᠨ ᠰᠤᠷᠭᠠᠯᠲᠠ᠎ᠶ᠋ᠢᠨ ᠵᠢᠷᠤᠮᠵᠢᠯ᠎ᠢ ᠦᠨᠡᠨ ᠬᠦ᠌ ᠪᠠᠲᠤᠯᠠᠨ᠎ᠠ; ᠱᠢᠨᠵᠢᠯᠡᠭᠡᠨ᠎ᠦ ᠳᠤᠭᠤᠢᠯᠠᠩ᠎ᠢᠶᠠᠷ ᠵᠢᠭᠠᠨ ᠰᠤᠳᠤᠯᠬᠤ ᠨᠢᠭᠡᠴᠢ ᠪᠣᠯᠭᠠᠵᠤ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠪᠠᠷ ᠭᠣᠣᠯ ᠠᠷᠭ᠎ᠠ ᠵᠠᠮ ᠪᠣᠯᠭᠠᠵᠤ᠂ ᠪᠠᠭ᠍ᠰᠢ᠎ᠶ᠋ᠢᠨ ᠦᠭᠡ ᠬᠡᠯᠡ᠂ ᠪᠢᠴᠢᠯᠭᠡ᠎ᠶ᠋ᠢ ᠵᠢᠷᠤᠮᠵᠢᠭᠤᠯᠬᠤ᠎ᠶ᠋ᠢ ᠴᠢᠩᠭᠠᠳᠭᠠᠨ᠎ᠠ; ᠰᠤᠷᠤᠭ᠍ᠴᠢᠳ᠎ᠤᠨ ᠳᠤᠷ᠎ᠠ ᠰᠣᠨᠢᠷᠬᠠᠯ᠎ᠢ ᠬᠥᠭ᠌ᠵᠢᠭᠡᠵᠦ᠍᠂ ᠲᠠᠪᠤᠨ ᠬᠥᠮᠦᠵᠢᠯ᠎ᠢ ᠵᠡᠷᠭᠡ᠎ᠪᠡᠷ ᠠᠳᠭᠤᠵᠤ᠂ ᠪᠠᠭ᠍ᠰᠢ ᠰᠤᠷᠤᠭ᠍ᠴᠢᠳ᠎ᠤᠨ ᠬᠠᠮᠲᠤ᠎ᠪᠠᠷ ᠲᠠᠪᠰᠢᠬᠤ᠎ᠶ᠋ᠢ ᠠᠬᠢᠭᠤᠯᠤᠨ᠎ᠠ》 ᠭᠡᠵᠦ ᠲᠠᠨᠢᠯᠴᠠᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃