2025-06-05 09:53:11
《ᠰᠤᠷᠤᠭᠴᠢ ᠨᠦᠬᠦᠳ ᠨᠠᠷ ᠰᠠᠢᠨ ᠪᠠᠢᠵᠠᠭᠠᠨ᠎ᠠ ᠦᠦ᠂ ᠡᠨᠡ ᠤᠳᠠᠭ᠎ᠠ᠎ᠶᠢᠨ ᠡᠯᠡᠰᠦ ᠮᠠᠩᠬᠠᠨᠳ᠋ᠡᠬᠢ ᠶᠠᠪᠠᠭᠠᠨ ᠠᠶᠠᠯᠠᠯ᠎ᠤᠨ ᠠᠵᠢᠯᠯᠠᠭ᠎ᠠ᠎ᠳᠤ ᠤᠯᠠᠨ᠎ᠢᠶᠠᠷ᠎ᠢᠶᠠᠨ ᠥᠪᠡᠷ ᠦᠪᠡᠷ᠎ᠤᠨ ᠴᠢᠳᠠᠪᠤᠷᠢ ᠪᠠᠨ ᠥᠷᠢᠰᠦᠯᠳᠦᠭᠰᠡᠨ᠎ᠢᠶᠡᠷ ᠦᠯᠦ ᠪᠠᠷᠠᠮ ᠪᠠᠰᠠ ᠡᠯᠡᠰᠦ ᠮᠠᠩᠬᠠᠨ ᠳ᠋ᠤ ᠣᠷᠣᠰᠢᠨ ᠲᠣᠭᠲᠠᠨᠢᠬᠤ ᠮᠡᠷᠭᠡᠵᠢᠯ ᠴᠢᠳᠠᠪᠤᠷᠢ᠎ᠶᠢ ᠡᠵᠡᠮᠰᠢᠯ᠎ᠡ》᠃ 5 ᠰᠠᠷ᠎ᠠ᠎ᠶᠢᠨ 23᠎ᠤ᠋ ᠦᠳᠡ᠎ᠶᠢᠨ ᠬᠣᠢᠨ᠎ᠠ᠂ ᠣᠷᠳᠣᠰ ᠬᠤᠳᠠ᠎ᠶᠢᠨ ᠵᠡᠭᠦᠨᠭᠠᠷ ᠬᠣᠰᠢᠭᠤᠨ᠎ᠤ ᠱᠠᠵᠢᠨᠳᠤᠬᠤᠢ ᠵᠢᠷᠭᠤᠳᠤᠭᠠᠷ ᠪᠠᠭ᠎ᠠ ᠰᠤᠷᠭᠠᠭᠤᠯᠢ᠎ᠶᠢᠨ ᠬᠦᠷᠢᠶᠡᠨ᠎ᠦ ᠷᠠᠳᠢᠣ᠋ ᠨᠡᠪᠲᠡᠷᠡᠭᠦᠯᠭᠡ᠎ᠶᠢᠨ ᠦᠷᠳᠡᠭᠡ᠎ᠳᠦ᠂ ᠪᠢᠴᠢᠬᠠᠨ ᠨᠡᠪᠲᠡᠷᠡᠭᠦᠯᠦᠭᠴᠢᠳ ᠪᠠᠷᠢᠮᠵᠢᠶ᠎ᠠ᠎ᠳᠤ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠪᠡᠷ ᠰᠤᠷᠭᠠᠭᠤᠯᠢ᠎ᠶᠢᠨ ᠬᠦᠷᠢᠶᠡᠨ᠎ᠦ ᠮᠡᠳᠡᠭᠡ ᠵᠠᠩᠭᠢ᠂ ᠰᠣᠶᠣᠯ᠎ᠤᠨ ᠮᠡᠳᠡᠯᠭᠡ᠎ᠶᠢ ᠰᠤᠷᠭᠠᠭᠤᠯᠢ᠎ᠶᠢᠨ ᠬᠦᠷᠢᠶᠡᠨ᠎ᠦ ᠥᠨᠴᠥᠭ ᠪᠤᠯᠤᠩ ᠦᠬᠡᠢ ᠲᠠᠮᠵᠢᠭᠤᠯᠤᠨ᠎ᠠ᠃
《ᠮᠠᠨ᠎ᠤ ᠰᠤᠷᠭᠠᠭᠤᠯᠢ ᠶ᠋ᠢᠨ ᠬᠦᠷᠢᠶᠡᠨ᠎ᠦ ᠤᠯᠠᠭᠠᠨ ᠪᠦᠴᠡᠲᠡᠨᠦ ᠷᠠᠳᠢᠣ᠋ ᠨᠡᠪᠲᠡᠷᠡᠭᠦᠯᠭᠡ ᠶ᠋ᠢᠨ ᠥᠷᠲᠡᠭᠡ ᠪᠣᠯᠣᠨ ᠲᠧᠯᠸᠢᠰ ᠬᠣᠷᠢᠶ᠎ᠠ ᠪᠣᠯ ᠰᠤᠷᠭᠠᠭᠤᠯᠢ ᠶ᠋ᠢᠨ ᠬᠦᠷᠢᠶᠡᠨ᠎ᠦ ᠰᠣᠶᠣᠯ ᠢ᠋ ᠤᠯᠠᠮᠵᠢᠯᠠᠬᠤ ᠴᠢᠬᠤᠯᠠ ᠴᠣᠩᠬᠤᠪᠴᠢ ᠪᠣᠯᠬᠤ᠎ᠪᠠᠷ ᠪᠠᠷᠠᠬᠤ ᠦᠭᠡᠢ ᠨᠡᠩ ᠴᠤ᠌ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ᠎ᠦᠨ ᠦᠢᠯᠡᠳᠦᠯᠭᠡ ᠶ᠋ᠢᠨ ᠠᠮᠢᠳᠤᠯᠢᠭ᠋ ᠬᠢᠴᠢᠶᠡᠯ᠎ᠦᠨ ᠲᠠᠩᠬᠢᠮ ᠮᠥᠨ᠂ ᠡᠨᠡ ᠨᠢ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠳᠦ ᠪᠡᠶᠡᠳᠡᠨ ᠰᠤᠷᠤᠯᠴᠠᠬᠤ ᠳᠠᠪᠴᠠᠩ᠎ᠢ ᠪᠤᠶ ᠪᠣᠯᠭᠠᠵᠤ᠂ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠤᠨ ᠬᠡᠷᠡᠭᠯᠡᠭᠡᠨ᠎ᠦ ᠴᠢᠳᠠᠪᠤᠷᠢ ᠶ᠋ᠢ ᠳᠡᠭᠡᠭᠰᠢᠯᠡᠭᠦᠯᠬᠦ᠂ ᠳᠤᠮᠳᠠᠳᠤ ᠶ᠋ᠢᠨ ᠰᠣᠶᠣᠯ ᠢ᠋ ᠪᠠᠳᠠᠷᠠᠭᠤᠯᠬᠤ ᠰᠢᠨ᠎ᠡ ᠶ᠋ᠢ ᠡᠭᠦᠳᠬᠦ ᠲᠠᠪᠴᠠᠩ ᠪᠣᠯᠤᠭᠰᠠᠨ ᠪᠠᠢᠨ᠎ᠠ》 ᠭᠡᠵᠦ ᠱᠠᠵᠢᠨᠳᠤᠬᠤᠢ ᠵᠢᠷᠭᠤᠳᠤᠭᠠᠷ ᠪᠠᠭ᠎ᠠ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠪᠦᠯᠦᠭᠯᠡᠯ᠎ᠦᠨ ᠠᠯᠪᠠᠨ ᠭᠡᠷ᠎ᠦᠨ ᠡᠷᠬᠢᠯᠡᠭᠴᠢ ᠰᠦᠩ ᠯᠢ ᠹᠠᠩ ᠬᠡᠯᠡᠪᠡ᠃
ᠤᠯᠠᠭᠠᠨ ᠪᠦᠴᠡᠲᠡᠨᠦ ᠲᠧᠯᠸᠢᠰ ᠬᠣᠷᠢᠶ᠎ᠠ ᠵᠢᠨ ᠫᠷᠣᠭ᠌ᠷᠠᠮ᠎ᠤᠨ ᠵᠣᠬᠢᠶᠠᠨ ᠪᠦᠲᠦᠭᠡᠯᠭᠡ᠎ᠳᠦ᠂ ᠰᠣᠨᠢᠨ ᠮᠡᠳᠡᠭᠡᠨ᠎ᠦ ᠨᠡᠪᠲᠡᠷᠡᠭᠦᠯᠭᠡ᠂ ᠲᠤᠰᠬᠠᠢ ᠰᠡᠳᠦᠪᠲᠦ ᠰᠣᠷᠪᠤᠯᠵᠢᠯᠠᠭ᠎ᠠ᠎ᠠᠴᠠ ᠰᠤᠷᠭᠠᠭᠤᠯᠢ᠎ᠶᠢᠨ ᠬᠦᠷᠢᠶᠡᠨ᠎ᠦ ᠵᠦᠴᠦᠭᠡ᠎ᠶᠢᠨ ᠲᠣᠭᠯᠠᠯᠲᠠ᠂ ᠰᠣᠶᠣᠯ᠎ᠤᠨ ᠫᠷᠣᠭ᠌ᠷᠠᠮ᠎ᠤᠨ ᠬᠥᠲᠥᠯᠥᠭᠴᠢ ᠬᠦᠷᠲᠡᠯ᠎ᠡ᠂ ᠭᠣᠭᠴᠣᠭ᠎ᠠ ᠨᠢᠭᠡᠪᠦᠷᠢ ᠨᠢ ᠴᠥᠮ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠤᠨ ᠬᠡᠷᠡᠭᠯᠡᠬᠡᠨ᠎ᠤ ᠳᠠᠯᠠᠪᠤᠷ ᠦᠵᠡᠭᠳᠡᠯ ᠪᠣᠯᠣᠨ᠎ᠠ᠃ ᠨᠡᠪᠲᠡᠷᠡᠭᠦᠯᠭᠡ ᠪᠠᠨ ᠨᠡᠩ ᠰᠠᠢᠨ ᠦᠷ᠎ᠡ ᠳ᠋ᠦᠩ᠎ᠳᠦ ᠬᠦᠷᠬᠡᠬᠦ ᠶ᠋ᠢᠨ ᠲᠥᠯᠥᠭᠡ᠂ ᠪᠢᠴᠢᠬᠠᠨ ᠨᠡᠪᠲᠡᠷᠡᠭᠦᠯᠦᠭᠴᠢᠳ ᠮᠠᠨᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡᠨ᠎ᠤ ᠠᠪᠢᠶᠠᠯᠠᠭ᠎ᠠ ᠶ᠋ᠢ ᠳᠠᠬᠢᠨ ᠳᠠᠪᠲᠠᠨ ᠪᠣᠯᠪᠠᠰᠤᠷᠠᠵᠤ᠂ ᠨᠤᠲᠤᠭ᠎ᠤᠨ ᠠᠶᠠᠯᠭᠤ ᠶ᠋ᠢ ᠵᠠᠯᠠᠷᠠᠭᠤᠯᠤᠨ᠂ ᠦᠢᠯᠡᠳᠦᠯᠭᠡ ᠶ᠋ᠢᠨ ᠳᠤᠮᠳᠠ ᠶᠠᠷᠢᠶᠠᠨ᠎ᠤ ᠬᠡᠯᠡᠨ᠎ᠦ ᠢᠯᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠪᠠᠢᠭ᠎ᠠ ᠶᠤᠮ᠃ ᠪᠢᠴᠢᠬᠠᠨ ᠨᠡᠪᠲᠡᠷᠡᠭᠦᠯᠦᠭᠴᠢ ᠨᠠᠷ ᠵᠢᠭᠠᠨ ᠵᠢᠯᠤᠭᠣᠳᠬᠤ ᠪᠠᠭ᠍ᠰᠢ᠎ᠶᠢᠨ ᠬᠠᠪᠰᠤᠷᠤᠯᠭ᠎ᠠ᠎ᠪᠠᠷ ᠡᠬᠡ ᠪᠢᠴᠢᠭ᠎ᠢ ᠦᠭᠡ ᠦᠰᠦᠭ ᠳᠠᠷᠠᠭᠠᠯᠠᠨ ᠲᠤᠩᠭᠠᠨ ᠪᠣᠳᠣᠯᠬᠢᠯᠠᠵᠤ᠂ ᠲᠦᠷᠢᠮᠵᠢᠭᠰᠡᠨ᠂ ᠵᠢᠷᠤᠮᠵᠢᠭᠰᠠᠨ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ᠎ᠪᠡᠷ ᠰᠣᠨᠢᠨ ᠮᠡᠳᠡᠭᠡᠨ᠎ᠦ ᠠᠭᠤᠯᠭ᠎ᠠ᠎ᠶᠢ ᠳᠠᠮᠵᠢᠭᠤᠯᠤᠨ᠎ᠠ᠂ ᠡᠨᠡᠬᠦ ᠶᠠᠪᠤᠴᠠ ᠨᠢ ᠡᠯ᠎ᠡ ᠨᠠᠰᠤᠨ᠎ᠤ ᠬᠡᠦᠬᠡᠳ᠎ᠦᠨ ᠦᠭᠡ ᠬᠡᠯᠡᠡᠤ᠋ ᠢᠯᠡᠳᠬᠡᠬᠦ ᠴᠢᠳᠠᠪᠤᠷᠢ᠎ᠶᠢ ᠪᠦᠲᠦᠮᠵᠢᠲᠡᠢ ᠳᠡᠭᠡᠭᠰᠢᠯᠡᠭᠦᠯᠦᠭᠰᠡᠨ ᠪᠠᠢᠨ᠎ᠠ᠃
《ᠰᠤᠷᠭᠠᠭᠤᠯᠢ ᠵᠢᠨ ᠷᠠᠳᠢᠣ᠋ ᠨᠡᠪᠲᠡᠷᠡᠭᠦᠯᠭᠡ ᠶ᠋ᠢᠨ ᠪᠢᠴᠢᠬᠠᠨ ᠬᠥᠲᠥᠯᠥᠭᠴᠢ ᠪᠤᠯᠤᠭᠠᠳ ᠬᠤᠶᠠᠷ ᠵᠢᠯ ᠭᠠᠷᠤᠢ ᠪᠤᠯᠴᠢᠬᠠᠯ᠎ᠠ᠃ ᠬᠦᠳᠦᠯᠦᠭᠴᠢ ᠵᠢᠨ ᠮᠡᠷᠬᠡᠵᠢᠯ ᠳ᠋ᠤ ᠶᠡᠬᠡ ᠰᠣᠨᠢᠷᠬᠠᠯᠲᠠᠢ ᠪᠤᠯᠤᠭᠰᠠᠨ᠂ ᠪᠢ ᠡᠳᠦᠷ ᠪᠦᠷᠢ ᠡᠬᠡ ᠪᠢᠴᠢᠭ ᠢ᠋ ᠨᠠᠷᠢᠨ ᠬᠢᠨᠠᠮᠠᠭᠠᠢ ᠤᠩᠰᠢᠵᠤ᠂ ᠨᠡᠢᠲᠡᠯᠢᠭ ᠬᠡᠯᠡᠨ᠎ᠦ ᠠᠪᠢᠶᠠᠯᠠᠭ᠎ᠠ ᠶ᠋ᠢ ᠪᠣᠯᠪᠠᠰᠤᠷᠠᠵᠤ᠂ ᠤᠷᠠᠨ ᠭᠤᠴᠤ ᠦᠭᠡ ᠥᠭᠦᠯᠡᠪᠦᠷᠢ ᠵᠢ ᠬᠤᠷᠠᠮᠳᠤᠭᠤᠯᠳᠠᠭ᠂ ᠣᠳᠣ᠌ ᠮᠠᠰᠢ ᠣᠯᠠᠨ ᠰᠤᠷᠤᠭ᠍ᠴᠢᠳ ᠢᠳᠡᠪᠬᠢᠲᠡᠢ᠎ᠪᠡᠷ ᠨᠡᠷ᠎ᠡ ᠮᠡᠳᠡᠭᠦᠯᠵᠦ᠂ ᠪᠢᠴᠢᠬᠠᠨ ᠬᠥᠲᠥᠯᠥᠭᠴᠢ ᠪᠣᠯᠬᠤ᠎ᠪᠠᠷ ᠴᠢᠷᠮᠠᠢᠵᠤ ᠪᠠᠢᠨ᠎ᠠ᠂ ᠷᠠᠳᠢᠣ᠋ ᠨᠡᠪᠲᠡᠷᠡᠭᠦᠯᠭᠡ ᠶ᠋ᠢᠨ ᠥᠷᠲᠡᠭᠡ ᠴᠦ᠍ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠲᠤᠬᠠᠢ ᠤᠷᠮ᠎ᠠ ᠪᠠᠬ᠎ᠠ ᠪᠠ ᠳᠤᠷ᠎ᠠ ᠰᠤᠨᠢᠷᠬᠠᠯ ᠢ᠋ ᠬᠥᠭᠵᠢᠭᠡᠵᠦ ᠪᠠᠢᠨ᠎ᠠ》 ᠭᠡᠵᠦ ᠲᠤᠰ ᠰᠤᠷᠭᠠᠭᠤᠯᠢ᠎ᠶᠢᠨ ᠰᠤᠷᠤᠭ᠍ᠴᠢ ᠯᠢ ᠵᠢᠶᠠ ᠯᠦ᠍ ᠬᠡᠯᠡᠪᠡ᠃
《ᠰᠤᠷᠭᠠᠭᠤᠯᠢ᠎ᠶᠢᠨ ᠬᠦᠷᠢᠶᠡᠨ᠎ᠦ ᠷᠠᠳᠢᠣ᠋ ᠨᠡᠪᠲᠡᠷᠡᠭᠦᠯᠭᠡ᠎ᠶᠢᠨ ᠥᠷᠲᠡᠭᠡ ᠨᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠲᠦᠬᠡᠮᠡᠯᠵᠢᠬᠦᠯᠬᠦ ᠴᠢᠬᠤᠯᠠ ᠠᠴᠢᠶᠠᠯᠠᠪᠤᠷᠢ ᠪᠣᠯᠤᠭᠰᠠᠨ᠎ᠤ ᠬᠤᠪᠢ᠎ᠳᠤ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ᠎ᠶᠢ ᠳᠡᠯᠭᠡᠷᠡᠭᠦᠯᠬᠦ 〈ᠪᠡᠶᠡᠳᠡᠨ ᠤᠢᠯᠠᠭᠠᠬᠤ ᠮᠠᠶᠢᠭ᠎ᠤᠨ ᠬᠢᠴᠢᠶᠡᠯ᠎ᠦᠨ ᠲᠠᠩᠬᠢᠮ〉 ᠪᠤᠯ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠬᠠᠢᠷᠠᠯᠠᠬᠤ᠂ ᠳᠤᠮᠳᠠᠳᠤ᠎ᠶᠢᠨ ᠰᠣᠶᠣᠯ᠎ᠢ ᠬᠠᠢᠷᠠᠯᠠᠬᠤ ᠠᠮᠢᠳᠤᠯᠢᠭ᠋ ᠦᠢᠯᠡᠳᠦᠯᠭᠡ ᠮᠥᠨ᠃ ᠡᠳᠦᠷ ᠪᠦᠷᠢ᠎ᠶᠢᠨ ᠰᠣᠨᠢᠨ ᠮᠡᠳᠡᠭᠡ ᠨᠡᠪᠲᠡᠷᠡᠭᠦᠯᠬᠦ᠂ ᠰᠣᠩᠭᠣᠳᠠᠭ ᠵᠣᠬᠢᠶᠠᠯ᠎ᠢ ᠤᠩᠰᠢᠬᠤ᠂ ᠭᠣᠣᠯ ᠰᠡᠳᠦᠪᠲᠦ ᠶᠠᠷᠢᠶ᠎ᠠ ᠲᠠᠯᠪᠢᠬᠤ᠂ ᠰᠤᠷᠭᠠᠭᠤᠯᠢ᠎ᠶᠢᠨ ᠬᠦᠷᠢᠶᠡᠨ᠎ᠦ ᠰᠣᠶᠣᠯ᠎ᠤᠨ ᠫᠷᠣᠭ᠌ᠷᠠᠮ᠎ᠢ ᠡᠷᠬᠢᠯᠡᠬᠦ ᠵᠡᠷᠭᠡ ᠤᠯᠠᠨ ᠡᠰᠢᠲᠦ ᠬᠡᠯᠪᠡᠷᠢ᠎ᠪᠡᠷ ᠳᠠᠮᠵᠢᠭᠤᠯᠵᠤ᠂ 〈ᠴᠠᠭ ᠢᠮᠠᠭᠲᠠ ᠰᠣᠨᠣᠰᠴᠤ᠂ ᠭᠠᠵᠠᠷ ᠪᠣᠯᠭᠠᠨ᠎ᠳᠤ ᠰᠤᠷᠴᠤ᠂ ᠬᠥᠮᠥᠨ ᠪᠣᠯᠭᠠᠨ ᠶᠠᠷᠢᠬᠤ〉 ᠦᠭᠡ ᠬᠡᠯᠡᠨ᠎ᠦ ᠣᠷᠴᠢᠨ ᠲᠣᠭᠣᠷᠢᠨ᠎ᠢ ᠪᠤᠢ ᠪᠣᠯᠭᠠᠵᠤ᠂ ᠰᠤᠷᠤᠭ᠍ᠴᠢᠳ᠎ᠤᠨ ᠰᠣᠨᠣᠰᠬᠤ ᠶᠠᠷᠢᠬᠤ ᠤᠩᠰᠢᠬᠤ ᠪᠢᠴᠢᠬᠦ ᠴᠢᠳᠠᠪᠤᠷᠢ᠎ᠶᠢ ᠠᠶᠠᠨᠳᠠᠭᠠᠨ ᠳᠡᠭᠡᠭᠰᠢᠯᠡᠭᠦᠯᠵᠦ᠂ ᠰᠤᠷᠤᠭ᠍ᠴᠢᠳ᠎ᠤᠨ ᠳᠤᠮᠳᠠᠳᠤ᠎ᠶᠢᠨ ᠰᠣᠶᠣᠯ᠎ᠤᠨ ᠳᠤᠬᠠᠢ ᠳᠠᠨᠢᠯᠳᠠ ᠪᠠ ᠣᠮᠣᠭᠰᠢᠯᠲᠤ ᠲᠦᠷᠦᠭᠳᠡᠯ᠎ᠢ ᠨᠡᠮᠡᠭᠳᠡᠭᠦᠯᠵᠡᠢ》 ᠭᠡᠵᠦ ᠵᠡᠭᠦᠨᠭᠠᠷ ᠬᠣᠰᠢᠭᠤᠨ᠎ᠤ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠵᠥᠪᠯᠡᠯ᠎ᠦᠨ ᠠᠯᠪᠠᠨ ᠭᠡᠷ᠎ᠦᠨ ᠡᠷᠬᠢᠯᠡᠭᠴᠢ ᠵᠤᠤ ᠼᠠᠢ ᠯᠢᠶᠠᠨ ᠬᠡᠯᠡᠪᠡ᠃
ᠣᠳᠣᠬᠠᠨ᠎ᠳᠤ᠂ ᠵᠡᠭᠦᠨᠭᠠᠷ ᠬᠣᠰᠢᠭᠤᠨ᠎ᠤ 80%᠎ᠡᠴᠡ ᠳᠡᠭᠡᠭᠰᠢᠬᠢ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠦᠨ ᠴᠡᠴᠡᠷᠯᠢᠭ᠎ᠲᠦ ᠷᠠᠳᠢᠣ᠋ ᠨᠡᠪᠲᠡᠷᠡᠭᠦᠯᠭᠡ᠎ᠶᠢᠨ ᠥᠷᠲᠡᠭᠡ ᠪᠠᠢᠭᠤᠯᠵᠤ᠂ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠤᠨ ᠬᠡᠷᠡᠭᠯᠡᠭᠡᠨ᠎ᠦ ᠴᠢᠳᠠᠪᠤᠷᠢ᠎ᠶᠢ ᠳᠡᠭᠡᠭᠰᠢᠯᠡᠭᠦᠯᠬᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠳᠤᠮᠳᠠ ᠢᠳᠡᠪᠬᠢᠲᠡᠢ ᠦᠢᠯᠡᠳᠦᠯ ᠦᠵᠡᠭᠦᠯᠪᠡ᠃ ᠵᠡᠭᠦᠨᠭᠠᠷ ᠬᠣᠰᠢᠭᠤᠨ᠎ᠤ ᠬᠢᠨ ᠰᠤᠷᠭᠠᠭᠤᠯᠢ᠎ᠶᠢᠨ ᠬᠦᠷᠢᠶᠡᠨ᠎ᠦ ᠷᠠᠳᠢᠣ᠋ ᠨᠡᠪᠲᠡᠷᠡᠭᠦᠯᠭᠡ᠎ᠶᠢᠨ ᠦᠷᠳᠡᠬᠡ᠎ᠪᠡᠷ ᠲᠤᠯᠭᠠᠭᠤᠷᠢᠯᠠᠯ ᠪᠣᠯᠭᠠᠨ᠂ 《ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ +》 ᠰᠢᠨ᠎ᠡ᠎ᠶᠢ ᠡᠭᠦᠳᠬᠦ ᠦᠢᠯᠡᠳᠦᠯᠭᠡ᠎ᠶᠢ ᠭᠦᠨᠵᠡᠭᠡᠢᠷᠡᠭᠦᠯᠵᠦ᠂ 《ᠦᠭᠡ ᠬᠡᠯᠡᠨ᠎ᠦ ᠨᠡᠪᠲᠡᠷᠡᠯᠴᠡᠭᠡ》 ᠪᠡᠷ 《ᠤᠶᠤᠨ ᠰᠠᠨᠠᠭᠠᠨ᠎ᠤ ᠨᠡᠪᠲᠡᠷᠡᠯᠴᠡᠭᠡ》 ᠶ᠋ᠢ ᠨᠡᠮᠡᠭᠳᠡᠭᠦᠯᠵᠦ ᠪᠠᠢᠭ᠎ᠠ ᠶᠤᠮ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃