ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-07-21 12:27:08

ᠵᠣᠬᠢᠶᠠᠭ᠍ᠴᠢ᠄ ᠯᠢ ᠱᠢᠤᠸᠠᠢ ᠶᠣᠣ ᠣᠩᠱᠢᠭ᠍ᠰᠠᠨ ᠣᠳᠠᠭ᠎ᠠ᠄ 3

《ᠲᠤᠭᠤᠷ᠎ᠤᠨ ᠬᠦᠷᠢᠶᠡᠯᠡᠩ᠎ᠦᠨ 〈ᠬᠠᠴᠢᠨ ᠭᠠᠢᠬᠠᠯᠳᠠᠢ〉 ᠨᠢ ᠬᠠᠮᠢᠭ᠎ᠠ ᠢᠯᠡᠷᠡᠵᠦ ᠪᠠᠢᠬᠤ ᠪᠤᠢ? ᠨᠦᠬᠦᠳ ᠨᠠᠷ 〈ᠬᠠᠴᠢᠨ ᠭᠠᠢᠬᠠᠯᠳᠠᠢ ᠨᠢ ᠴᠤᠬᠤᠮ ᠶᠠᠭᠤᠨ ᠡᠴᠡ ᠪᠤᠯᠤᠭᠰᠠᠨ〉 ᠭᠡᠬᠦ ᠦᠬᠦᠯᠡᠪᠦᠷᠢ᠎ᠪᠡᠷ ᠲᠠᠢᠯᠪᠤᠷᠢᠯᠠᠭᠠᠷᠠᠢ》᠃

《ᠠᠭᠤᠯᠠᠨ ᠠᠭᠤᠶ ᠵᠢᠨ ᠬᠠᠴᠢᠨ ᠭᠠᠢᠬᠠᠯᠳᠠᠢ ᠨᠢ ᠭᠡᠷᠡᠯ ᠭᠡᠭᠡ ᠲᠠᠢ ᠪᠠᠢᠬᠤ ᠡᠴᠡ ᠪᠤᠯᠤᠭᠰᠠᠨ ᠤᠴᠢᠷᠳᠠᠢ 》 ᠁

ᠳᠡᠯᠭᠡᠷ ᠵᠤᠨ᠎ᠤ ᠡᠬᠢ᠎ᠪᠡᠷ᠂ ᠤᠯᠠᠭᠠᠨᠬᠠᠳᠠ ᠬᠤᠳᠠ᠎ᠶ᠋ᠢᠨ ᠬᠡᠱᠢᠭ᠌ᠲᠡᠨ ᠬᠣᠱᠢᠭᠤᠨ᠎ᠤ ᠪᠢᠷᠠᠭᠤ ᠳ᠋ᠡᠬᠢ ᠮᠣᠩᠭᠣᠯ ᠦᠨᠳᠦᠰᠦᠲᠡᠨ᠎ᠦ ᠳᠤᠮᠳᠠᠳᠤ ᠰᠤᠷᠭᠠᠭᠤᠯᠢ᠎ᠳᠤ ᠬᠡᠯᠡ ᠪᠢᠴᠢᠭ᠎ᠦᠨ ᠪᠠᠭ᠍ᠰᠢ ᠰᠣᠳᠣ 《ᠲᠤᠭᠤᠷ᠎ᠤᠨ ᠬᠦᠷᠢᠶᠡᠯᠡᠩ᠎ᠦᠨ ᠲᠡᠮᠳᠡᠭ᠌ᠯᠡᠯ》 ᠭᠡᠬᠦ ᠬᠢᠴᠢᠶᠡᠯ᠎ᠤᠨ ᠠᠭᠤᠯᠭ᠎ᠠ᠎ᠶ᠋ᠢ ᠠᠮᠢᠳᠤᠯᠢᠭ᠎ᠰᠠᠢᠬᠠᠨ ᠵᠢᠭᠠᠵᠤ᠂ ᠬᠢᠴᠢᠶᠡᠯ᠎ᠤᠨ ᠭᠤᠶᠤ ᠰᠠᠢᠬᠠᠨ ᠵᠢᠷᠤᠭ ᠳᠦᠷᠰᠦ ᠪᠠ ᠠᠮᠢᠳᠤ ᠪᠤᠳᠠᠳᠠᠢ ᠦᠯᠢᠭᠡᠷ ᠨᠢ ᠰᠤᠷᠤᠭ᠍ᠴᠢᠳ᠎ᠤᠨ ᠠᠩᠬᠠᠷᠤᠯ᠎ᠢ ᠭᠦᠨ ᠲᠠᠲᠠᠵᠦ ᠪᠠᠢᠯ᠎ᠠ᠃ ᠠᠰᠠᠭᠤᠯᠲᠠ ᠬᠠᠷᠢᠭᠤᠯᠳᠠ ᠵᠢᠨ ᠭᠣᠭ᠍ᠴᠣᠭ᠎ᠠ᠎ᠳᠤ ᠰᠤᠷᠤᠭ᠍ᠴᠢᠳ᠎ᠤᠨ ᠪᠤᠯᠢᠶᠠᠯᠳᠤᠨ ᠬᠠᠷᠢᠭᠤᠯᠬᠤ᠎ᠶ᠋ᠢ ᠬᠠᠷᠠᠭᠠᠳ᠂ ᠰᠣᠳᠣ ᠪᠠᠭᠰᠢ ᠶ᠋ᠢᠨ ᠴᠢᠷᠠᠶ᠎ᠳᠤ ᠢᠨᠢᠶᠡᠮᠰᠦᠭ᠌ᠯᠡᠯ ᠳᠤᠳᠤᠷᠠᠨ᠎ᠠ᠃ 《ᠡᠨᠡ ᠬᠢᠴᠢᠶᠡᠯ᠎ᠢ᠋ ᠪᠢ ᠬᠤᠯᠪᠤᠭ᠎ᠠ ᠪᠠᠢᠭᠤᠯᠤᠭᠰᠠᠨ ᠰᠤᠷᠭᠠᠭᠤᠯᠢ᠎ᠶ᠋ᠢᠨ ᠬᠡᠯᠡ ᠪᠢᠴᠢᠭ᠎ᠦᠨ ᠪᠠᠭ᠍ᠰᠢ᠎ᠶ᠋ᠢᠨ ᠬᠢᠴᠢᠶᠡᠯ ᠣᠷᠣᠬᠤ ᠸᠢᠳᠢᠣ᠋᠎ᠠᠴᠠ ᠰᠤᠷᠤᠭᠰᠠᠨ ᠶᠤᠮ᠂ ᠡᠢᠮᠦᠷᠬᠦᠦ ᠲᠣᠭ᠍ᠲᠠᠭ᠍ᠰᠠᠨ ᠥᠭᠦᠯᠡᠪᠦᠷᠢ᠎ᠶ᠋ᠢᠨ ᠬᠡᠯᠪᠡᠷᠢ᠎ᠪᠡᠷ ᠠᠰᠠᠭᠤᠯᠳᠠ ᠬᠠᠷᠢᠭᠤᠯᠳᠠ ᠬᠢᠬᠦ ᠨᠢ ᠰᠤᠷᠤᠭ᠍ᠴᠢᠳ᠎ᠤᠨ ᠦᠭᠡ ᠬᠡᠯᠡᠨ᠎ᠦ ᠢᠯᠡᠳᠭᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠰᠤᠷᠤᠯᠴᠠᠬᠤ ᠢᠳᠡᠪᠬᠢᠵᠢᠯ᠎ᠢ ᠨᠢ ᠳᠡᠭᠡᠭ᠌ᠰᠢᠯᠡᠭᠦᠯᠵᠦ᠍ ᠴᠢᠳᠠᠨ᠎ᠠ》 ᠭᠡᠵᠦ᠍ ᠰᠣᠳᠣ ᠬᠡᠯᠡᠨ᠎ᠡ᠃

ᠣᠢᠷ᠎ᠠ᠎ᠶ᠋ᠢᠨ ᠵᠢᠯ᠎ᠳᠦ᠂ ᠬᠡᠱᠢᠭ᠌ᠲᠡᠨ ᠬᠣᠱᠢᠭᠤ ᠣᠶᠤᠨᠳᠤ ᠰᠤᠷᠭᠠᠨ ᠬᠥᠮᠦᠵᠢᠯ᠎ᠦᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠢ ᠪᠥᠬᠥ᠌ ᠬᠦᠴᠦᠨ᠎ᠢᠶᠡᠷ᠎ᠢᠶᠡᠨ ᠴᠣᠭ᠍ᠴᠠᠯᠠᠨ ᠪᠠᠢᠭᠤᠯᠵᠤ᠂ ᠣᠶᠤᠨᠳᠤ ᠲᠥᠬᠥᠭᠡᠷᠦᠮᠵᠢ᠎ᠶ᠋ᠢ 7321 ᠢᠵᠢ ᠬᠤᠳᠠᠯᠳᠤᠨ ᠠᠪᠴᠤ᠌᠂ ᠣᠶᠤᠨᠳᠤ ᠬᠢᠴᠢᠶᠡᠯ᠎ᠦᠨ ᠦᠷᠦᠭᠡ ᠵᠢ 170 ᠲᠠᠰᠤᠯᠭ᠎ᠠ ᠪᠠᠢᠭᠤᠯᠵᠤ᠂ ᠪᠠᠰᠠ ᠡᠭᠦᠯᠡᠨ ᠡᠷᠦᠬᠡ᠎ᠶ᠋ᠢᠨ ᠬᠠᠮᠢᠶᠠᠷᠤᠯᠲᠠ᠎ᠶ᠋ᠢᠨ ᠱᠢᠰᠲ᠋ᠧᠮ᠂ ᠮᠢᠩᠭᠠᠨ ᠲᠦᠮᠡᠨ ᠲᠠᠰ᠎ᠤᠨ ᠪᠠᠭ᠍ᠲᠠᠭᠠᠮᠵᠢᠲᠤ ᠡᠬᠢ ᠪᠠᠶᠠᠯᠢᠭ᠎ᠤᠨ ᠬᠥᠮᠥᠷᠭᠡ ᠵᠡᠷᠭᠡ᠎ᠶ᠋ᠢ ᠳᠣᠭᠢᠷᠠᠭᠤᠯᠵᠤ᠂ ᠰᠦᠯᠵᠢᠶᠡᠨ ᠳᠡᠭᠡᠷ᠎ᠡ ᠸᠢᠳᠢᠣ᠋᠎ᠪᠠᠷ ᠬᠠᠷᠢᠯᠴᠠᠬᠤ᠂ ᠮᠠᠲ᠋ᠧᠷᠢᠶᠠᠯ᠎ᠢ ᠪᠠᠢᠴᠠᠭᠠᠨ ᠯᠠᠪᠯᠠᠬᠤ ᠵᠡᠷᠭᠡ᠎ᠪᠡᠷ ᠳᠠᠮᠵᠢᠭᠤᠯᠤᠨ᠂ ᠰᠤᠷᠭᠠᠨ ᠬᠥᠮᠦᠵᠢᠯ᠎ᠦᠨ ᠬᠠᠮᠢᠶᠠᠷᠤᠯᠲᠠ᠂ ᠵᠢᠭᠠᠨ ᠰᠤᠷᠭᠠᠯᠲᠠ᠎ᠶ᠋ᠢᠨ ᠲᠣᠭᠠᠴᠢᠯᠠᠯᠳᠠ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠪᠡᠶᠡᠯᠡᠭᠦᠯᠪᠡ᠃ ᠲᠣᠰ ᠲᠥᠷᠥᠯ ᠵᠦᠶ᠋ᠯ᠎ᠳᠦ ᠲᠦᠱᠢᠭ᠌ᠯᠡᠨ᠂ ᠬᠡᠱᠢᠭ᠌ᠲᠡᠨ ᠬᠣᠱᠢᠭᠤᠨ᠎ᠤ ᠪᠠᠭ᠍ᠰᠢ᠎ᠨᠠᠷ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠰᠤᠷᠭᠠᠨ ᠬᠥᠮᠦᠵᠢᠯ᠎ᠤᠨ ᠵᠢᠭᠠᠨ ᠰᠤᠷᠭᠠᠯᠲᠠ᠎ᠶ᠋ᠢᠨ ᠴᠢᠳᠠᠪᠤᠷᠢ ᠤᠯᠠᠮ ᠴᠢᠨᠠᠭᠰᠢᠳᠠ ᠳᠡᠭᠡᠭ᠌ᠰᠢᠯᠡᠭᠰᠡᠨ ᠪᠠᠢᠨ᠎ᠠ᠃ 《ᠣᠳᠣᠬᠠᠨ᠎ᠳᠤ ᠬᠡᠱᠢᠭ᠌ᠲᠡᠨ ᠬᠣᠱᠢᠭᠤ ᠨᠢᠭᠡᠨᠲᠡ ᠥᠪᠡᠷᠲᠡᠭᠡᠨ ᠵᠠᠰᠠᠬᠤ ᠣᠷᠣᠨ᠎ᠤ 〈ᠢᠨᠲ᠋ᠧᠷ ᠰᠦᠯᠵᠢᠶ᠎ᠡ + ᠰᠤᠷᠭᠠᠨ ᠬᠥᠮᠦᠵᠢᠯ〉 ᠎ᠤ᠋ᠨ ᠵᠢᠱ᠌ᠢᠶ᠎ᠡ ᠦᠵᠡᠭᠦᠯᠬᠦ᠌ ᠤᠷᠤᠨ᠎ᠢᠶᠠᠷ ᠦᠨᠡᠯᠡᠭ᠌ᠳᠡᠵᠦ᠍᠂ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ᠎ᠳᠤ 47 ᠤᠳᠠᠭ᠎ᠠ ᠰᠦᠯᠵᠢᠶᠡᠨ ᠳᠡᠭᠡᠷᠡᠬᠢ ᠪᠣᠯᠪᠠᠰᠤᠷᠠᠯ᠂ 8 ᠤᠳᠠᠭ᠎ᠠ ᠶᠠᠰᠤ ᠴᠢᠨᠠᠷ᠎ᠤᠨ ᠵᠠᠳᠠᠯᠤᠯᠲᠠ᠂ 4 ᠤᠳᠠᠭ᠎ᠠ ᠨᠣᠮ ᠤᠩᠱᠢᠬᠤ ᠰᠣᠯᠢᠯᠴᠠᠭᠠᠨ᠎ᠤ ᠬᠤᠷᠠᠯ ᠥᠷᠨᠢᠭᠦᠯᠬᠦ᠌᠎ᠳᠦ ᠦᠶ᠋ᠯᠡᠴᠢᠯᠡᠪᠡ》ᠭᠡᠵᠦ ᠬᠡᠱᠢᠭ᠌ᠲᠡᠨ ᠬᠣᠱᠢᠭᠤᠨ᠎ᠤ ᠰᠤᠷᠭᠠᠨ ᠬᠥᠮᠦᠵᠢᠯ᠎ᠦᠨ ᠲᠣᠪᠴᠢᠶ᠎ᠠ ᠵᠢᠨ ᠳᠠᠷᠤᠭ᠎ᠠ ᠰᠦᠨ ᠱᠢᠶᠤᠤ ᠹᠸᠢ ᠬᠡᠯᠡᠪᠡ᠃

ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ᠎ᠤᠨ ᠵᠢᠭᠠᠨ ᠰᠤᠷᠭᠠᠯᠲᠠ᠎ᠶ᠋ᠢ ᠠᠬᠢᠭᠤᠯᠬᠤ ᠠᠵᠢᠯ᠎ᠤᠨ ᠳᠤᠮᠳᠠ᠂ ᠬᠡᠱᠢᠭ᠌ᠲᠡᠨ ᠬᠣᠱᠢᠭᠤ 《ᠨᠠᠮ᠎ᠤᠨ ᠤᠳᠤᠷᠢᠳᠭᠤ ᠳᠤᠭᠤᠢᠯᠠᠩ (ᠨᠠᠮ᠎ᠤᠨ ᠬᠣᠷᠢᠶ᠎ᠠ) — ᠰᠤᠷᠭᠠᠭᠤᠯᠢ — ᠣᠨ᠎ᠦ ᠳᠤᠭᠤᠢᠯᠠᠩ — ᠰᠤᠷᠤᠭ᠍ᠴᠢ》 ᠳᠥᠷᠪᠡᠨ ᠱᠠᠲᠤᠨ᠎ᠤ ᠳᠠᠭᠠᠭᠠᠴᠢᠯᠠᠨ ᠬᠣᠯᠪᠣᠭᠠᠯᠠᠬᠤ ᠱᠢᠰᠲ᠋ᠧᠮ᠎ᠢ ᠪᠠᠢᠭᠤᠯᠤᠭᠰᠠᠨ᠎ᠦ ᠬᠠᠮᠲᠤ᠂ 14 ᠺᠠᠳ᠋ᠷ᠎ᠢ ᠰᠣᠩᠭᠣᠨ ᠲᠣᠮᠢᠯᠠᠵᠤ ᠤᠤᠯ᠎ᠤᠨ ᠦᠨᠳᠦᠰᠦᠲᠡᠨ᠎ᠦ ᠦᠭᠡ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ 7 ᠰᠤᠷᠭᠠᠭᠤᠯᠢ᠎ᠳᠤ 《ᠨᠢᠭᠤᠷᠳᠠᠨ》 ᠠᠵᠢᠯ ᠵᠢᠯᠣᠭᠣᠳᠤᠭᠤᠯᠪᠠ;14 ᠱᠢᠯᠢᠳᠡᠭ ᠰᠠᠢᠨ ᠰᠤᠷᠭᠠᠭᠤᠯᠢ ᠵᠢ ᠰᠤᠩᠭᠤᠨ ᠤᠤᠯ᠎ᠤᠨ ᠦᠨᠳᠦᠰᠦᠲᠡᠨ᠎ᠦ ᠦᠭᠡ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ 7 ᠰᠤᠷᠭᠠᠭᠤᠯᠢ ᠯᠤᠭ᠎ᠠ 《ᠬᠤᠯᠪᠤᠭ᠎ᠠ ᠪᠠᠢᠭᠤᠯᠤᠨ ᠬᠠᠮᠲᠤ᠎ᠪᠠᠷ ᠴᠤᠭᠴᠠᠯᠠᠬᠤ》 ᠠᠵᠢᠯᠯᠠᠭ᠎ᠠ ᠦᠷᠨᠢᠬᠦᠯᠵᠦ᠂ 《ᠬᠡᠱᠢᠭ᠌ᠲᠡᠨ ᠬᠣᠱᠢᠭᠤᠨ᠎ᠤ 〈ᠨᠠᠢ᠍ᠮᠠᠨ ᠨᠢᠭᠡ〉 ᠵᠢᠨ ᠠᠵᠢᠯ᠎ᠤᠨ ᠲᠥᠰᠦᠯ》 ᠎ᠢ᠋ ᠴᠢᠩᠭ᠎ᠠ ᠨᠠᠢᠳᠠᠪᠤᠷᠢᠵᠢᠭᠤᠯᠪᠠ᠃

《〈ᠬᠤᠯᠪᠤᠭ᠎ᠠ ᠪᠠᠢᠭᠤᠯᠤᠨ ᠬᠠᠮᠲᠤ᠎ᠪᠠᠷ ᠴᠤᠭᠴᠠᠯᠠᠬᠤ〉ᠪᠡᠷ ᠳᠠᠮᠵᠢᠭᠤᠯᠤᠨ᠂ ᠪᠠᠭ᠍ᠰᠢ᠎ᠨᠠᠷ᠎ᠤᠨ ᠰᠢᠯᠢᠳᠡᠭ ᠲᠠᠯ᠎ᠠ᠎ᠶ᠋ᠢ ᠨᠢ ᠪᠠᠳᠠᠷᠠᠭᠤᠯᠵᠦ ᠳᠤᠲᠠᠭ᠍ᠳᠠᠯ᠎ᠲᠠᠶ ᠲᠠᠯ᠎ᠠ᠎ᠶ᠋ᠢ ᠨᠢ ᠨᠥᠬᠥᠪᠥᠷᠢᠯᠡᠵᠦ᠍᠂ ᠬᠠᠮᠲᠤ᠎ᠪᠠᠷ ᠳᠠᠪᠱᠢᠬᠤ ᠪᠤᠯᠭᠠᠪᠠ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ᠎ᠤᠨ ᠵᠢᠭᠠᠨ ᠰᠤᠷᠭᠠᠯᠲᠠ᠎ᠶ᠋ᠢᠨ ᠶᠠᠪᠤᠴᠠ᠎ᠳᠤ᠂ ᠬᠡᠯᠡ ᠪᠢᠴᠢᠭ᠎ᠦᠨ ᠪᠠᠭ᠍ᠰᠢ ᠨᠠᠷ᠎ᠤᠨ ᠵᠢᠭᠠᠨ ᠰᠤᠷᠭᠠᠯᠲᠠ᠎ᠶ᠋ᠢᠨ ᠲᠥᠯᠥᠪᠯᠡᠭᠡ ᠵᠢ ᠨᠡᠩ ᠳᠦᠷᠢᠮᠵᠢᠬᠦᠯᠪᠡ》 ᠭᠡᠵᠦ ᠰᠦᠨ ᠱᠢᠶᠤᠤ ᠹᠸᠢ ᠬᠡᠯᠡᠪᠡ᠃ ᠲᠡᠷᠡ᠂ 2024 ᠣᠨ᠎ᠠᠴᠠ ᠨᠠᠭᠠᠰᠢ ᠬᠡᠱᠢᠭ᠌ᠲᠡᠨ ᠬᠣᠱᠢᠭᠤ ᠨᠢᠭᠡᠨᠲᠡ ᠡᠯ᠎ᠡ ᠲᠥᠷᠥᠯ᠎ᠦᠨ ᠬᠠᠮᠳᠤ ᠪᠡᠷ ᠴᠤᠭᠴᠠᠯᠠᠬᠤ ᠠᠵᠢᠯᠯᠠᠭ᠎ᠠ᠎ᠶ᠋ᠢ 30 ᠱᠢᠬᠠᠮ ᠤᠳᠠᠭ᠎ᠠ ᠥᠷᠨᠢᠭᠦᠯᠪᠡ᠃ ᠪᠠᠰᠠ ᠱᠢᠯᠢᠳᠡᠭ ᠵᠢᠭᠠᠨ ᠰᠤᠳᠤᠯᠤᠭ᠍ᠴᠢ᠎ᠶ᠋ᠢᠨ ᠡᠩᠨᠡᠭᠡ᠎ᠶ᠋ᠢ ᠬᠦᠴᠦᠯᠡᠨ ᠪᠠᠢᠭᠤᠯᠵᠤ᠂ ᠵᠢᠭᠠᠨ ᠰᠤᠳᠤᠯᠤᠭ᠍ᠴᠢ᠎ᠶ᠋ᠢᠨ ᠰᠤᠷᠤᠯᠭ᠎ᠠ᠎ᠶ᠋ᠢᠨ ᠤᠨ ᠪᠦᠷᠢ ᠨᠢᠭᠡ ᠤᠳᠠᠭ᠎ᠠ ᠵᠢᠱ᠌ᠢᠶ᠎ᠡ ᠦᠵᠡᠭᠦᠯᠬᠦ᠌ ᠬᠢᠴᠢᠶᠡᠯ ᠣᠷᠣᠬᠤ ᠂ ᠨᠢᠭᠡ ᠤᠳᠠᠭ᠎ᠠ ᠲᠤᠰᠭᠠᠶ ᠰᠡᠳᠦᠪᠲᠦ ᠲᠠᠢᠯᠤᠮᠵᠢ ᠬᠢᠬᠦ᠌ ᠵᠡᠷᠭᠡ 《ᠵᠢᠷᠭᠤᠭᠠᠨ ᠨᠢᠭᠡ》 ᠎ᠶ᠋ᠢᠨ ᠲᠦᠷᠢᠮ ᠵᠢᠴᠢ ᠨᠠᠷᠠᠲᠤ ᠪᠠᠭ᠍ᠰᠢ᠎ᠶ᠋ᠢᠨ ᠠᠵᠢᠯ᠎ᠤᠨ ᠦᠷᠦᠭᠡ᠂ ᠰᠡᠳᠦᠪ᠎ᠦᠨ ᠰᠤᠳᠤᠯᠤᠨ ᠰᠤᠷᠤᠯᠴᠠᠬᠤ ᠵᠡᠷᠭᠡ ᠠᠵᠢᠯ᠎ᠤᠨ ᠲᠣᠭ᠍ᠲᠠᠴᠠ᠎ᠶ᠋ᠢ ᠨᠠᠢᠳᠠᠪᠤᠷᠢᠵᠢᠭᠤᠯᠵᠤ᠂ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ᠎ᠶ᠋ᠢ ᠵᠣᠬᠢᠶᠠᠨ ᠪᠠᠢᠭᠤᠯᠤᠨ ᠲᠤᠰᠭᠠᠶ ᠰᠡᠳᠦᠪᠲᠦ ᠪᠣᠯᠪᠠᠰᠤᠷᠠᠯ᠂ ᠵᠢᠭᠠᠨ ᠰᠤᠳᠤᠯᠬᠤ ᠠᠵᠢᠯᠯᠠᠭ᠎ᠠ ᠵᠡᠷᠭᠡ᠎ᠶ᠋ᠢ 67 ᠤᠳᠠᠭ᠎ᠠ ᠥᠷᠨᠢᠭᠦᠯᠵᠦ᠍᠂ ᠳᠡᠭᠡᠳᠦ ᠳᠤᠤᠷᠠᠳᠤ ᠱᠠᠲᠤ ᠪᠡᠷ᠎ᠶ᠋ᠢᠡᠨ ᠬᠣᠯᠪᠣᠭᠠᠯᠠᠵᠤ᠂ ᠬᠦᠴᠦᠷᠬᠡᠭ᠎ᠨᠢ ᠪᠠᠭᠤᠷᠠᠶ ᠵᠢ ᠳᠠᠭᠠᠭᠤᠯᠬᠤ ᠪᠡᠷ ᠳᠠᠮᠵᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠪᠡ ᠭᠡᠪᠡ᠃

《2023 ᠣᠨ᠎ᠠᠴᠠ ᠨᠠᠭᠠᠰᠢ᠂ ᠪᠢᠳᠡ 100 ᠪᠠᠭ᠍ᠰᠢ᠎ᠶ᠋ᠢ ᠵᠣᠬᠢᠶᠠᠨ ᠪᠠᠢᠭᠤᠯᠵᠤ ᠨᠡᠢᠳᠡᠯᠢᠭ ᠬᠡᠯᠡᠨ᠎ᠤ ᠪᠣᠯᠪᠠᠰᠤᠷᠠᠯ᠎ᠪᠠ ᠱᠢᠯᠭᠠᠯᠲᠠ᠎ᠳᠤ ᠣᠷᠣᠯᠴᠠᠭᠤᠯᠤᠭᠰᠠᠨ ᠪᠦᠭᠡᠳ ᠪᠠᠭᠰᠢ ᠨᠠᠷ᠎ᠤᠨ ᠪᠥᠬᠥ᠌ ᠤᠯᠤᠰ᠎ᠤᠨ ᠨᠡᠢᠳᠡᠯᠢᠭ ᠬᠡᠯᠡ ᠵᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠪᠦᠲᠦᠭᠡᠯ ᠡᠯᠰᠡᠬᠦ᠌ ᠠᠵᠢᠯᠯᠠᠭ᠎ᠠ᠎ᠳᠤ ᠤᠷᠤᠯᠴᠠᠬᠤ ᠵᠢ ᠵᠤᠷᠢᠬᠵᠢᠭᠤᠯᠵᠤ᠂ 4 ᠪᠠᠭ᠍ᠰᠢ ᠥᠪᠡᠷᠲᠡᠭᠡᠨ ᠵᠠᠰᠠᠬᠤ ᠣᠷᠣᠨ᠎ᠤ ᠱᠠᠩᠨᠠᠯ᠎ᠢ ᠭᠥᠷᠳᠡᠪᠡ》 ᠭᠡᠵᠦ ᠰᠦᠨ ᠱᠢᠶᠤᠤ ᠹᠸᠢ ᠲᠠᠨᠢᠯᠴᠠᠭᠤᠯᠪᠠ᠃ ᠲᠠᠬᠦᠨ᠎ᠤ ᠲᠠᠨᠢᠯᠴᠠᠭᠤᠯᠤᠭᠰᠠᠨ ᠵᠢᠡᠷ᠂ ᠣᠲᠣ ᠬᠡᠱᠢᠭ᠌ᠲᠡᠨ ᠬᠣᠱᠢᠭᠤᠨ᠎ᠤ ᠪᠠᠭ᠍ᠰᠢ᠎ᠶ᠋ᠢᠨ ᠡᠩᠨᠡᠭᠡ᠎ᠶ᠋ᠢᠨ ᠨᠡᠢᠲᠡᠯᠢᠭ ᠬᠡᠯᠡᠨ᠎ᠦ ᠬᠢᠷᠢ ᠲᠦᠪᠱᠢᠨ ᠪᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠵᠢᠭᠠᠨ ᠰᠤᠷᠭᠠᠯᠲᠠ᠎ᠶ᠋ᠢᠨ ᠴᠢᠳᠠᠪᠤᠷᠢ ᠡᠳᠦᠷ ᠢᠷᠡᠬᠦᠶ᠎ᠡ ᠴᠢᠩᠭᠠᠷᠠᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面