2025-06-17 11:32:24
6 ᠰᠠᠷ᠎ᠠ᠎ᠶ᠋ᠢᠨ 9 ᠤ᠋ ᠥᠷᠯᠥᠭᠡ᠂ ᠠᠯᠠᠱᠠ ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠨᠢᠭᠡᠳᠦᠭᠡᠷ ᠬᠡᠦᠬᠡᠳ᠎ᠦᠨ ᠴᠡᠴᠡᠷᠯᠢᠭ ᠦᠨ《ᠬᠥᠪᠳᠥ ᠴᠡᠴᠡᠭ ᠦᠨ ᠨᠡᠪᠲᠡᠷᠡᠭᠦᠯᠭᠡ᠎ᠶ᠋ᠢᠨ ᠦᠷᠳᠡᠭᠡ》᠎ᠡᠴᠡ ᠢᠷᠠᠭᠤ ᠰᠠᠢᠬᠠᠨ ᠤᠩᠰᠢᠯᠭ᠎ᠠ ᠵᠢᠨ ᠲᠠᠭᠤᠨ ᠰᠣᠨᠣᠰᠳᠠᠨ᠎ᠠ᠃ ᠪᠠᠭ᠎ᠠ ᠠᠩᠬᠢ᠎ᠶ᠋ᠢᠨ ᠪᠠᠭ᠍ᠰᠢ ᠮᠠ ᠴᠢᠨ ᠬᠡᠦᠬᠡᠳ᠎ᠦᠳ᠎ᠢᠶᠡᠨ ᠳᠠᠭᠠᠭᠤᠯᠤᠨ ᠡᠷᠲᠡᠨ᠎ᠦ ᠱᠢᠯᠦᠭ 《ᠰᠡᠯᠡᠬᠦᠨ ᠰᠥᠨᠢ᠎ᠶ᠋ᠢᠨ ᠪᠤᠳᠤᠯ》 ᠢ᠋ ᠤᠩᠱᠢᠵᠤ ᠪᠠᠢᠯ᠎ᠠ᠃ 《ᠪᠢᠳᠡ ᠡᠳᠦᠷ ᠪᠦᠷᠢ ᠵᠢᠨ ᠥᠷᠯᠥᠭᠡ᠎ᠶ᠋ᠢᠨ ᠨᠡᠪᠳᠡᠷᠡᠬᠦᠯᠭᠡ ᠵᠢᠨ ᠠᠵᠢᠯᠯᠠᠭ᠎ᠠ ᠳᠤᠮᠳᠠ ᠰᠣᠩᠭᠣᠳᠠᠭ ᠱᠢᠯᠦᠭ ᠳᠠᠭᠤᠯᠠᠯ ᠪᠣᠯᠤᠨ ᠶᠣᠰᠣᠯᠠᠯ᠎ᠤᠨ ᠮᠡᠳᠡᠯᠭᠡ᠎ᠶ᠋ᠢ ᠠᠭᠤᠰᠤᠯᠴᠠᠭᠤᠯᠵᠤ᠂ ᠬᠡᠦᠬᠡᠳ᠎ᠦᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠬᠤ᠎ᠳᠤ ᠰᠠᠭᠤᠷᠢ ᠲᠠᠯᠪᠢᠵᠤ ᠪᠠᠢᠨ᠎ᠠ》 ᠬᠡᠵᠤ ᠮᠠ ᠴᠢᠨ ᠬᠡᠯᠡᠪᠠ᠃
ᠲᠤᠰ ᠬᠡᠦᠬᠡᠳ᠎ᠦᠨ ᠴᠡᠴᠡᠷᠯᠢᠭ᠎ᠦᠨ ᠲᠤᠮᠳᠠ ᠠᠩᠭᠢ᠎ᠶ᠋ᠢᠨ《ᠬᠥᠪᠳᠥ ᠴᠡᠴᠡᠭ᠎ᠦᠨ ᠦᠯᠢᠭᠡᠷ᠎ᠦᠨ ᠴᠢᠭᠤᠯᠭᠠᠨ》 ᠳᠡᠭᠡᠷ᠎ᠡ ᠬᠡᠦᠬᠡᠳ᠎ᠦᠳ ᠪᠠᠭ᠍ᠰᠢ᠎ᠶ᠋ᠢᠨ᠎ᠢᠶᠠᠨ ᠳᠡᠷᠭᠡᠳᠡ ᠲᠣᠭᠣᠷᠢᠨ ᠰᠠᠭᠤᠭᠠᠳ《ᠰᠧ ᠮᠠ ᠭᠤᠸᠠᠩ ᠭᠠᠩ ᠢ ᠪᠠᠯᠪᠠᠴᠢᠭ᠍ᠰᠠᠨ ᠨᠢ》 ᠭᠡᠬᠦ᠌ ᠦᠯᠢᠭᠡᠷ᠎ᠢ ᠠᠮᠲᠠᠷᠬᠠᠨ ᠰᠣᠨᠣᠰᠴᠤ᠌ ᠪᠠᠢᠯ᠎ᠠ᠃ ᠪᠠᠭ᠍ᠰᠢ ᠨᠠᠷ ᠦᠵᠡᠭ᠌ᠳᠡᠯ᠎ᠢ ᠳᠠᠭᠤᠷᠢᠶᠠᠬᠤ᠂ ᠳᠦᠷᠢ ᠲᠥᠷᠬᠦ᠌᠎ᠶ᠋ᠢ ᠲᠦᠷᠭᠡᠨ ᠴᠡᠭᠡᠵᠢᠯᠡᠬᠦ ᠵᠡᠷᠭᠡ ᠬᠠᠷᠢᠯᠴᠠᠨ ᠦᠶ᠋ᠯᠡᠳᠦᠯᠴᠡᠬᠦ᠌ ᠭᠣᠭ᠍ᠴᠣᠭ᠎ᠠ᠎ᠪᠠᠷ ᠳᠠᠮᠵᠢᠭᠤᠯᠤᠨ᠂ ᠬᠡᠦᠬᠡᠳ᠎ᠦᠳ᠎ᠢ ᠬᠥᠲᠥᠯᠥᠨ ᠵᠢᠯᠣᠭᠣᠳᠴᠤ᠌ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠪᠡᠷ ᠥᠯᠢᠭᠡᠷ᠎ᠦᠨ ᠠᠭᠤᠯᠭ᠎ᠠ᠎ᠶ᠋ᠢ ᠳᠠᠪᠲᠠᠨ ᠶᠠᠷᠢᠭᠤᠯᠤᠨ᠎ᠠ᠃ 《ᠡᠢᠮᠦᠷᠬᠦᠦ ᠬᠦᠨ ᠰᠠᠭᠤᠭᠳᠠᠯ ᠲᠠᠢ ᠤᠩᠱᠢᠯᠭ᠎ᠠ᠎ᠶ᠋ᠢᠨ ᠣᠷᠴᠢᠨ ᠨᠥᠬᠥᠴᠡᠯ ᠨᠢ ᠬᠡᠦᠬᠡᠳ᠎ᠦᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠢᠯᠡᠳᠭᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠪᠡ᠃ ᠤᠳᠤ ᠪᠠᠭ᠎ᠠ ᠠᠩᠭᠢ᠎ᠶ᠋ᠢᠨ ᠬᠡᠦᠬᠡᠳ ᠴᠡᠴᠡᠷᠯᠢᠭ᠎ᠲᠦ ᠣᠷᠣᠭᠠᠳ 3 ᠰᠠᠷ᠎ᠠ ᠪᠣᠯᠤᠮᠠᠭ᠍ᠴᠠ ᠤᠯᠤᠰ᠎ᠦᠨ ᠨᠡᠢᠳᠡᠮ ᠬᠡᠷᠡᠭ᠌ᠯᠡᠬᠦ᠌ ᠦᠭᠡ ᠬᠡᠯᠡ᠎ᠪᠡᠷ ᠬᠡᠷᠡᠭ᠌ᠴᠡᠭᠡ᠎ᠪᠡᠨ ᠲᠣᠳᠣᠷᠬᠠᠢ ᠢᠯᠡᠳᠭᠡᠵᠦ᠍᠂ ᠳᠤᠮᠳᠠ ᠠᠩᠭᠢ᠎ᠶ᠋ᠢᠨ ᠬᠡᠦᠬᠡᠳ ᠨᠢᠭᠡᠨᠲᠡ ᠨᠢᠭᠡᠨ ᠦᠯᠢᠭᠡᠷ ᠵᠤᠬᠢᠶᠠᠯ᠎ᠢ ᠪᠦᠷᠢᠨ ᠭᠦᠢᠴᠡᠳ ᠶᠠᠷᠢᠵᠤ ᠴᠢᠳᠠᠬᠤ ᠪᠣᠯᠵᠠᠢ》 ᠬᠡᠵᠤ ᠬᠡᠦᠬᠡᠳ᠎ᠦᠨ ᠴᠡᠴᠡᠷᠯᠢᠭ᠎ᠦᠨ ᠨᠠᠮ᠎ᠤᠨ ᠡᠭᠦᠷ᠎ᠦᠨ ᠱᠦᠵᠢ᠂ ᠴᠡᠴᠡᠷᠯᠢᠭ᠎ᠦᠨ ᠳᠠᠷᠤᠭ᠎ᠠ ᠴᠢᠨ ᠮᠢᠨ ᠰᠤᠷᠪᠤᠯᠵᠢᠯᠠᠭ᠍ᠴᠢ᠎ᠳᠤ ᠲᠠᠨᠢᠯᠴᠠᠭᠤᠯᠵᠤ ᠪᠠᠢᠯ᠎ᠠ᠃
ᠲᠡᠬᠦᠨ᠎ᠤ ᠲᠠᠨᠢᠯᠴᠠᠭᠤᠯᠤᠭ᠍ᠰᠠᠨ᠎ᠢᠶᠠᠷ᠂ ᠣᠢᠷ᠎ᠠ᠎ᠶ᠋ᠢᠨ ᠵᠢᠯ ᠳ᠋ᠤ ᠲᠣᠰ ᠬᠡᠦᠬᠡᠳ᠎ᠦᠨ ᠴᠡᠴᠡᠷᠯᠢᠭ 《ᠶᠣᠰᠣ ᠮᠣᠷᠠᠯ·ᠣᠶᠤᠨᠳᠤ ᠤᠩᠱᠢᠯᠭ᠎ᠠ》 ᠬᠢᠴᠢᠶᠡᠯ ᠦᠨ ᠱᠢᠰᠲ᠋ᠧᠮ᠎ᠢ ᠪᠠᠢᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠦᠨ ᠰᠤᠷᠤᠯᠴᠠᠯᠭ᠎ᠠ ᠬᠥᠮᠦᠵᠢᠯ᠎ᠢ ᠬᠠᠪᠤᠷ᠎ᠤᠨ ᠬᠤᠷ᠎ᠠ ᠮᠡᠲᠦ᠍ ᠪᠡᠷ ᠬᠡᠦᠬᠡᠳ᠎ᠦᠨ ᠰᠤᠷᠤᠯᠭ᠎ᠠ ᠠᠮᠢᠳᠤᠷᠠᠯ᠎ᠳᠤ ᠨᠡᠪᠴᠢᠭᠦᠯᠪᠡ᠃ ᠥᠷᠯᠥᠭᠡ᠎ᠶ᠋ᠢᠨ《ᠬᠥᠪᠳᠥ ᠴᠡᠴᠡᠭ᠎ᠤᠨ ᠨᠡᠪᠲᠡᠷᠡᠭᠦᠯᠬᠡ ᠵᠢᠨ ᠥᠷᠲᠡᠭᠡ》 ᠪᠣᠯ ᠬᠡᠦᠬᠡᠳ᠎ᠦᠨ《ᠬᠡᠯᠡ ᠶᠠᠷᠢᠶᠠᠨ᠎ᠦ ᠵᠢᠵᠢᠭ ᠲᠠᠢᠰᠠ》 ᠪᠠᠢᠵᠤ᠂ ᠴᠠᠭ ᠠᠭᠤᠷ᠎ᠤᠨ ᠤᠷᠢᠳᠴᠢᠯᠠᠭ᠍ᠰᠠᠨ ᠮᠡᠳᠡᠭᠡ᠂ ᠶᠣᠰᠣᠯᠠᠯ᠎ᠤᠨ ᠥᠯᠢᠭᠡᠷ ᠵᠡᠷᠭᠡ᠎ᠶ᠋ᠢ ᠬᠤᠪᠢᠶᠠᠯᠴᠠᠬᠤ᠎ᠪᠠᠷ ᠳᠡᠮᠵᠢᠨ᠂ ᠲᠡᠳᠡᠨ᠎ᠦ ᠢᠯᠡᠳᠭᠡᠬᠦ᠌ ᠴᠢᠳᠠᠪᠤᠷᠢ᠎ᠶ᠋ᠢ ᠨᠢ ᠳᠡᠭᠡᠭ᠌ᠰᠢᠯᠡᠭᠦᠯᠳᠡᠭ; ᠦᠳᠡ ᠶ᠋ᠢᠨ ᠦᠶ᠎ᠡ ᠵᠢᠨ《ᠬᠥᠪᠳᠥ ᠴᠡᠴᠡᠭ᠎ᠦᠨ ᠥᠯᠢᠭᠡᠷ᠎ᠦᠨ ᠴᠢᠭᠤᠯᠭᠠᠨ》 ᠨᠢ ᠵᠢᠷᠤᠭᠳᠤ ᠳᠡᠪᠲᠡᠷ ᠦᠨ ᠨᠠᠷᠢᠨ ᠤᠩᠱᠢᠯᠭ᠎ᠠ᠎ᠪᠠᠷ ᠳᠠᠮᠵᠢᠭᠤᠯᠤᠨ ᠬᠡᠦᠬᠡᠳ᠎ᠦᠨ ᠬᠡᠯᠡᠨ᠎ᠦ ᠮᠡᠳᠡᠷᠡᠮᠵᠢ᠎ᠶ᠋ᠢ ᠬᠥᠮᠦᠵᠢᠭᠦᠯᠵᠦ᠍᠂ ᠲᠡᠳᠡᠨ᠎ᠳᠦ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠷᠢᠳᠢ ᠱᠢᠳᠢ᠎ᠶ᠋ᠢ ᠮᠡᠳᠡᠷᠡᠭᠦᠯᠪᠡ;ᠦᠳᠡᠰᠢ᠎ᠶ᠋ᠢᠨ ᠡᠴᠢᠭᠡ ᠡᠬᠡ ᠦᠷ᠎ᠡ ᠬᠡᠦᠬᠡ᠎ᠦᠨ ᠬᠠᠮᠳᠤ ᠪᠠᠢᠯᠴᠠᠬᠤ ᠴᠠᠭ ᠮᠥᠴᠡ᠎ᠳᠦ᠂ ᠬᠡᠷ᠎ᠦᠨ ᠠᠬᠠᠮᠠᠳ ᠪᠠ ᠬᠡᠦᠬᠡᠳ᠎ᠤᠳ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠪᠡᠷ ᠦᠵᠡᠵᠦ᠍ ᠰᠣᠨᠣᠰᠤᠭ᠍ᠰᠠᠨ ᠤᠢᠯᠠᠭᠠᠯᠳᠠ ᠲᠥᠷᠥᠭ᠌ᠳᠡᠯ ᠵᠢᠡᠨ ᠬᠤᠪᠢᠶᠠᠯᠴᠠᠬᠤ ᠵᠢ ᠬᠥᠲᠥᠯᠥᠨ ᠵᠢᠯᠣᠭᠣᠳᠴᠤ᠌᠂ ᠤᠯᠤᠰ ᠤᠨ ᠨᠡᠢᠳᠡᠮ᠎ᠬᠡᠷᠡᠭᠯᠡᠬᠦ ᠦᠭᠡ ᠬᠡᠯᠡᠨ ᠦ ᠰᠤᠷᠤᠯᠴᠠᠯᠭ᠎ᠠ᠎ᠶ᠋ᠢ ᠬᠡᠦᠬᠡᠳ᠎ᠦᠨ ᠴᠡᠴᠡᠷᠯᠢᠭ᠎ᠡᠴᠡ ᠬᠡᠷ ᠪᠦᠯᠢ ᠬᠦᠷᠲᠡᠯ᠎ᠡ ᠦᠷᠭᠦᠯᠵᠢᠯᠡᠭᠦᠯᠵᠦ ᠪᠤᠢ᠃
《ᠵᠢᠭᠠᠨ ᠰᠤᠷᠭᠠᠯᠲᠠ᠎ᠶ᠋ᠢᠨ ᠳᠤᠮᠳᠠ᠂ ᠪᠢᠳᠡ ᠬᠡᠯᠡᠨ᠎ᠦ ᠰᠤᠷᠭᠠᠨ ᠬᠥᠮᠦᠵᠢᠯ᠎ᠢ ᠬᠠᠢᠷ᠎ᠠ ᠰᠡᠳᠭᠢᠯᠭᠡ ᠶ᠋ᠢᠨ ᠬᠥᠮᠦᠵᠢᠯᠯᠤᠭᠡ ᠤᠶᠠᠯᠳᠤᠭᠤᠯᠬᠤ ᠶ᠋ᠢ ᠣᠨᠴᠠᠭᠠᠢᠯᠠᠨ ᠴᠢᠬᠤᠯᠠᠴᠢᠯᠠᠵᠤ᠂ 〈ᠬᠡᠦᠬᠡᠳ᠎ᠦᠨ ᠬᠡᠯᠡ᠎ᠪᠡᠷ ᠰᠣᠩᠭᠣᠳᠠᠭ ᠵᠣᠬᠢᠶᠠᠯ ᠤᠩᠱᠢᠬᠤ〉᠂ 〈ᠮᠢᠨᠦ᠍ ᠨᠤᠲᠤᠭ ᠰᠠᠢᠬᠠᠨ〉ᠵᠡᠷᠭᠡ ᠭᠤᠤᠯ ᠰᠡᠳᠦᠪᠲᠦ ᠠᠵᠢᠯᠯᠠᠭ᠎ᠠ ᠦᠷᠨᠢᠬᠦᠯᠬᠦ᠎ᠪᠠᠷ ᠳᠠᠮᠵᠢᠭᠤᠯᠤᠨ᠂ ᠬᠡᠦᠬᠡᠳ᠎ᠦᠳ᠎ᠲᠦ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠣᠢᠯᠠᠭᠠᠭᠤᠯᠪᠠ᠃ ᠡᠭᠦᠨ᠎ᠦ ᠬᠠᠮᠲᠤ᠂ ᠬᠡᠦᠬᠡᠳ᠎ᠦᠨ ᠴᠡᠴᠡᠷᠯᠢᠭ ᠲᠦ 〈ᠪᠠᠭ᠍ᠰᠢ ᠶ᠋ᠢᠨ ᠵᠢᠯᠣᠭᠣᠳᠣᠯᠭ᠎ᠠ — ᠬᠡᠦᠬᠡᠳ᠎ᠦᠨ ᠦᠶ᠋ᠯᠡᠳᠦᠯᠭᠡ — ᠬᠡᠷ ᠪᠦᠯᠢ᠎ᠶ᠋ᠢᠨ ᠦᠶ᠋ᠯᠡᠳᠦᠯᠴᠡᠯ〉 ᠤ᠋ᠨ ᠭᠤᠷᠪᠠᠨ ᠬᠡᠮᠵᠢᠯᠳᠦ ᠵᠠᠭ᠍ᠪᠤᠷ᠎ᠢ ᠪᠠᠢᠭᠤᠯᠪᠠ᠂ ᠵᠢᠱ᠌ᠢᠶᠡᠯᠡᠪᠡᠯ 〈ᠬᠡᠷ ᠪᠦᠯᠢ᠎ᠶ᠋ᠢᠨ ᠤᠩᠱᠢᠯᠭ᠎ᠠ᠎ᠶ᠋ᠢᠨ ᠤᠷᠤᠯᠳᠤᠭᠠᠨ〉᠂ 〈ᠬᠡᠷ ᠪᠦᠯᠢ᠎ᠶ᠋ᠢᠨ ᠥᠯᠢᠭᠡᠷ᠎ᠵᠢᠡᠨ ᠬᠤᠪᠢᠶᠠᠯᠴᠠᠬᠤ〉 ᠵᠡᠷᠭᠡ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ᠂ ᠬᠡᠦᠬᠡᠳ᠎ᠦᠳ ᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠤᠬᠠᠭᠤᠯᠤᠨ ᠳᠡᠯᠭᠡᠷᠡᠭᠦᠯᠬᠦ᠌ ᠪᠢᠴᠢᠬᠠᠨ ᠡᠯᠴᠢ ᠪᠣᠯᠭᠠᠵᠤ ᠂ ᠬᠡᠷ᠎ᠦᠨ ᠠᠬᠠᠮᠠᠳ ᠢ ᠳᠠᠢᠴᠢᠯᠠᠨ ᠦᠭᠡ ᠬᠡᠯᠡ ᠰᠣᠶᠣᠯ᠎ᠤᠨ ᠪᠠᠢᠭᠤᠯᠤᠯᠲᠠ᠎ᠳᠤ ᠬᠠᠮᠲᠤ᠎ᠪᠠᠷ ᠣᠷᠣᠯᠴᠠᠭᠤᠯᠵᠦ ᠪᠤᠢ》 ᠭᠡᠵᠦ᠍ ᠳᠡᠳ᠋ ᠴᠡᠴᠡᠷᠯᠢᠭ᠎ᠦᠨ ᠳᠠᠷᠤᠭ᠎ᠠ ᠵᠧᠸ᠋ ᠸᠧᠶ ᠬᠡᠯᠡᠪᠡ᠃
ᠲᠣᠰ ᠬᠡᠦᠬᠡᠳ᠎ᠦᠨ ᠴᠡᠴᠡᠷᠯᠢᠭ᠎ᠨᠢ ᠪᠠᠭ᠍ᠰᠢ ᠨᠠᠷ ᠤᠯᠤᠰ᠎ᠤᠨ ᠨᠡᠢᠳᠡᠮ ᠬᠡᠷᠡᠭᠯᠡᠬᠦ ᠬᠡᠯᠡᠨ᠎ᠤ ᠦᠨᠡᠮᠯᠡᠯ᠎ᠲᠡᠶ᠎ᠪᠡᠷ ᠠᠵᠢᠯ ᠤᠨ ᠪᠠᠢᠷᠢ ᠳ᠋ᠤ ᠭᠠᠷᠬᠤ ᠲᠦᠷᠢᠮ ᠢ ᠴᠢᠩᠭ᠎ᠠ ᠨᠠᠢᠳᠠᠪᠤᠷᠢᠵᠢᠭᠤᠯᠵᠤ ᠂ 《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠵᠢᠭᠠᠨ ᠰᠤᠷᠭᠠᠯᠲᠠ ᠶ᠋ᠢᠨ ᠬᠢᠴᠢᠶᠡᠯ ᠦᠨ ᠵᠢᠱ᠌ᠢᠶ᠎ᠡ᠎ᠶ᠋ᠢ ᠰᠤᠳᠤᠯᠤᠨ ᠶᠠᠷᠢᠯᠴᠠᠬᠤ 》᠂ 《ᠪᠠᠭ᠍ᠰᠢ᠎ᠨᠠᠷ᠎ᠤᠨ ᠤᠩᠱᠢᠯᠭ᠎ᠠ᠎ᠶ᠋ᠢᠨ ᠤᠷᠤᠯᠳᠤᠭᠠᠨ》 ᠵᠡᠷᠭᠡ ᠠᠵᠢᠯᠯᠠᠭ᠎ᠠ᠎ᠶ᠋ᠢ ᠥᠷᠨᠢᠭᠦᠯᠬᠦ᠌᠎ᠪᠡᠷ ᠳᠠᠮᠵᠢᠭᠤᠯᠤᠨ ᠪᠠᠭ᠍ᠰᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠦᠨ ᠵᠢᠭᠠᠨ ᠰᠤᠷᠭᠠᠯᠲᠠ᠎ᠶ᠋ᠢᠨ ᠴᠢᠳᠠᠪᠤᠷᠢ ᠶ᠋ᠢ ᠦᠷᠭᠦᠯᠵᠢᠯᠡᠨ ᠳᠡᠭᠡᠭ᠌ᠰᠢᠯᠡᠭᠦᠯᠪᠡ᠃ ᠣᠳᠣᠬᠠᠨ᠎ᠳᠤ᠂ ᠲᠣᠰ ᠬᠡᠦᠬᠡᠳ᠎ᠦᠨ ᠴᠡᠴᠡᠷᠯᠢᠭ᠎ᠦᠨ ᠪᠥᠬᠥ᠌ ᠬᠢᠴᠢᠶᠡᠯ᠎ᠦᠨ ᠪᠠᠭ᠍ᠰᠢ ᠨᠠᠷ᠎ᠤᠨ ᠤᠯᠤᠰ᠎ᠤᠨ ᠨᠡᠢᠳᠡᠮ ᠬᠡᠷᠡᠭᠯᠡᠬᠦ ᠬᠡᠯᠡᠨ᠎ᠦ ᠬᠢᠷᠢ ᠬᠡᠮᠵᠢᠶ᠎ᠡ ᠨᠢ ᠳᠤᠮᠳᠠᠴᠢ᠎ᠪᠠᠷ ᠬᠣᠶᠠᠳᠤᠭᠠᠷ ᠳᠡᠰ᠎ᠤᠨ ᠬᠥᠬᠡᠭ᠌ᠴᠢᠨ ᠲᠠᠰ᠎ᠠᠴᠠ ᠳᠡᠭᠡᠭ᠌ᠰᠢ᠎ᠳᠦ ᠭᠦᠷᠦᠭ᠌ᠰᠡᠨ ᠪᠠᠢᠨ᠎ᠠ᠃ ᠡᠭᠦᠨ᠎ᠦ ᠬᠠᠮᠲᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ᠎ᠢ ᠣᠷᠣᠨ ᠪᠦᠰᠡ᠎ᠶ᠋ᠢᠨ ᠠᠵᠢᠯᠯᠠᠭ᠎ᠠ᠂ ᠠᠮᠢᠳᠤᠷᠠᠯ᠎ᠤᠨ ᠭᠣᠭ᠍ᠴᠣᠭ᠎ᠠ᠎ᠳᠤ ᠠᠭᠤᠰᠤᠯᠴᠠᠭᠤᠯᠵᠤ᠂ ᠬᠡᠦᠬᠡᠳ᠎ᠦᠳ᠎ᠢ ᠲᠣᠭ᠍ᠯᠠᠭᠠᠮ ᠨᠠᠭᠠᠳᠭᠤ᠂ ᠬᠣᠭᠣᠯᠠᠯᠠᠬᠤ ᠦᠶ᠎ᠡ᠎ᠳᠦ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠪᠡᠷ ᠰᠣᠯᠢᠯᠴᠠᠭᠤᠯᠵᠤ《ᠴᠠᠭ ᠢᠮᠠᠭ᠍ᠲᠠ ᠰᠤᠷᠤᠯᠴᠠᠵᠤ᠂ ᠭᠠᠵᠠᠷ ᠪᠣᠯᠭᠠᠨ᠎ᠳᠤ ᠬᠡᠷᠡᠭ᠌ᠯᠡᠬᠦ᠌ 》 ᠦᠭᠡ ᠬᠡᠯᠡᠨ᠎ᠦ ᠣᠷᠴᠢᠨ ᠲᠣᠭᠣᠷᠢᠨ᠎ᠢ ᠪᠦᠷᠢᠯᠳᠦᠭᠦᠯᠦᠨ᠎ᠡ᠃
《ᠪᠢᠳᠡ ᠭᠡᠷ ᠪᠦᠯᠢ᠎ᠶ᠋ᠢᠨ ᠦᠭᠡ ᠬᠡᠯᠡᠨ᠎ᠦ ᠣᠷᠴᠢᠨ ᠲᠣᠭᠣᠷᠢᠨ ᠤ ᠪᠠᠢᠭᠤᠯᠤᠯᠲᠠ᠎ᠶ᠋ᠢ ᠮᠠᠰᠢ ᠴᠢᠬᠤᠯᠠᠴᠢᠯᠠᠵᠤ᠂ ᠭᠡᠷ᠎ᠦᠨ ᠠᠬᠠᠮᠠᠳ᠎ᠲᠤ ᠡᠴᠢᠭᠡ ᠡᠬᠡ ᠦᠷ᠎ᠡ ᠬᠡᠦᠬᠡᠳ ᠦᠨ ᠬᠠᠮᠲᠤ᠎ᠶ᠋ᠢᠨ ᠤᠩᠱᠢᠯᠭ᠎ᠠ᠂ ᠡᠴᠢᠭᠡ ᠡᠬᠡ ᠦᠷ᠎ᠡ ᠬᠡᠦᠬᠡᠳ᠎ᠦᠨ ᠬᠠᠮᠳᠤ ᠵᠢᠨ ᠲᠣᠭ᠍ᠯᠠᠭᠠᠮ ᠵᠡᠷᠭᠡ ᠠᠭᠤᠯᠭ᠎ᠠ᠎ᠶ᠋ᠢ ᠲᠠᠨᠢᠯᠴᠠᠭᠤᠯᠵᠤ᠂ ᠭᠡᠷ᠎ᠦᠨ ᠠᠬᠠᠮᠠᠳ᠎ᠢ ᠬᠥᠲᠥᠯᠥᠨ ᠵᠢᠯᠣᠭᠣᠳᠴᠤ᠌ ᠬᠡᠦᠬᠡᠳ᠎ᠦᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠢᠳᠡᠪᠬᠢᠲᠡᠶ ᠰᠤᠷᠤᠯᠴᠠᠬᠤ ᠵᠢ ᠲᠠᠢᠴᠢᠯᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠦᠨ ᠭᠡᠷ ᠪᠦᠯᠢ ᠪᠠ ᠰᠤᠷᠭᠠᠭᠤᠯᠢ᠎ᠶ᠋ᠢᠨ ᠬᠠᠮᠵᠢᠯᠴᠠᠭ᠎ᠠ᠎ᠶ᠋ᠢ ᠪᠡᠶᠡᠯᠡᠭᠦᠯᠵᠦ ᠪᠠᠢᠨ᠎ᠠ》 ᠭᠡᠵᠦ᠍ ᠴᠢᠨ ᠮᠢᠨ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃