2024-08-05 09:54:33
ᠲᠦᠷᠦᠭᠦᠬᠡᠨ᠂ ᠲᠦᠩᠯᠢᠶᠣᠤ ᠬᠣᠲᠠ᠎ᠶ᠋ᠢᠨ ᠮᠣᠩᠭᠣᠯ ᠦᠨᠳᠦᠰᠦᠲᠡᠨ᠎ᠦ ᠰᠤᠷᠭᠠᠭᠤᠯᠢ᠎ᠶ᠋ᠢᠨ ᠭᠤᠷᠪᠠᠳᠤᠭᠠᠷ ᠣᠨ᠎ᠤ ᠬᠡᠯᠡ ᠪᠢᠴᠢᠭ᠎ᠦᠨ ᠬᠢᠴᠢᠶᠡᠯ᠎ᠦᠨ ᠲᠠᠩᠬᠢᠮ ᠳᠤ᠂ ᠱᠢᠩ ᠴᠦᠨ ᠪᠠᠭ᠍ᠰᠢ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠦᠨ ᠨᠢᠭᠡᠳᠦᠯᠲᠡᠶ ᠨᠠᠢᠷᠠᠭᠤᠯᠤᠭ᠍ᠰᠠᠨ ᠬᠢᠴᠢᠶᠡᠯ ᠪᠡᠯᠡᠳᠭᠡᠵᠦ ᠬᠢᠴᠢᠶᠡᠯ ᠵᠢᠭᠠᠬᠤ ᠱᠢᠰᠲ᠋ᠧᠮ᠎ᠳᠦ ᠲᠦᠱᠢᠭ᠌ᠯᠡᠨ᠂ ᠮᠡᠳᠡᠭᠡ ᠵᠠᠩᠭᠢ᠎ᠶ᠋ᠢᠨ ᠮᠡᠷᠭᠡᠵᠢᠯ ᠬᠢᠭᠡᠳ 《ᠲᠡᠯᠡᠶ᠎ᠶ᠋ᠢᠨ ᠢᠷᠣᠭᠠᠷ᠎ᠤᠨ ᠶᠢᠷᠲᠢᠨᠴᠦ᠍》 ᠵᠢᠨ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶ᠋ᠢ ᠭᠦᠨᠵᠡᠭᠡᠶ ᠠᠭᠤᠰᠤᠯᠴᠠᠭᠤᠯᠵᠤ᠂ ᠡᠬᠢ ᠪᠠᠶᠠᠯᠢᠭ᠎ᠢ ᠣᠷᠣᠭᠤᠯᠬᠤ᠂ ᠦᠭᠡ ᠥᠰᠥᠭ᠎ᠢ ᠡᠵᠡᠮᠱᠢᠬᠦ᠌᠂ ᠪᠥᠬᠥ᠌ ᠵᠣᠬᠢᠶᠠᠯ᠎ᠢ ᠤᠷᠠᠨ ᠲᠣᠳᠣ ᠤᠩᠱᠢᠬᠤ᠂ ᠬᠠᠮᠲᠤᠷᠠᠯᠴᠠᠨ ᠬᠠᠢᠨ ᠰᠦᠪᠡᠭ᠌ᠴᠢᠯᠡᠬᠦ᠌ ᠵᠡᠷᠭᠡ ᠣᠯᠠᠨ ᠵᠦᠶ᠋ᠯ᠎ᠦᠨ ᠵᠢᠭᠠᠨ ᠰᠤᠷᠭᠠᠯᠲᠠ᠎ᠶ᠋ᠢᠨ ᠠᠵᠢᠯᠯᠠᠭ᠎ᠠ᠎ᠶ᠋ᠢ ᠵᠢᠷᠤᠵᠤ ᠲᠥᠯᠥᠪᠯᠡᠵᠦ᠍᠂ ᠡᠯᠧᠺᠲ᠋ᠷᠣᠨ ᠬᠢᠴᠢᠶᠡᠯ᠎ᠦᠨ ᠪᠢᠴᠢᠭ᠂ ᠭᠤᠤᠯᠳᠠᠯᠭ᠎ᠠ᠎ᠲᠠᠶ ᠦᠭᠡ ᠬᠡᠯᠡᠯᠭᠡ᠎ᠶ᠋ᠢ ᠬᠢᠨᠠᠨ ᠰᠢᠯᠭᠠᠬᠤ᠂ ᠲᠠᠭᠤ ᠳᠦᠷᠰᠦ ᠱᠢᠩᠭᠡᠭᠡᠯᠲᠡ᠎ᠶ᠋ᠢ ᠰᠣᠨᠢᠷᠬᠠᠨ ᠵᠠᠳᠠᠯᠬᠤ ᠵᠡᠷᠭᠡ ᠬᠠᠷᠢᠯᠴᠠᠨ ᠦᠶ᠋ᠯᠡᠳᠦᠯᠴᠡᠬᠦ᠌ ᠭᠣᠭ᠍ᠴᠣᠭᠠᠨᠳᠤ ᠮᠡᠳᠡᠭᠡ ᠵᠠᠩᠭᠢᠵᠢᠯᠲᠠ᠎ᠶ᠋ᠢᠨ ᠮᠡᠷᠭᠡᠵᠢᠯ᠎ᠢ ᠲᠥᠪᠯᠡᠷᠡᠭᠦᠯᠦᠨ ᠢᠯᠡᠷᠡᠭᠦᠯᠵᠦ᠍᠂ ᠬᠢᠴᠢᠶᠡᠯ᠎ᠦᠨ ᠲᠠᠩᠬᠢᠮ᠎ᠤᠨ ᠰᠣᠨᠢᠷᠬᠠᠯᠲᠠᠶ ᠠᠮᠢᠳᠤᠯᠢᠭ ᠰᠠᠢᠬᠠᠨ ᠵᠢᠭᠠᠨ ᠰᠤᠷᠭᠠᠯᠲᠠ᠎ᠶ᠋ᠢᠨ ᠠᠭᠤᠷ ᠠᠮᠢᠰᠭᠤᠯ᠎ᠢ ᠪᠣᠶ ᠪᠣᠯᠭᠠᠪᠠ᠃
ᠲᠤᠭᠠᠴᠢᠯᠠᠭᠰᠠᠨ ᠵᠢᠭᠠᠨ ᠰᠤᠷᠭᠠᠯᠲᠠ᠎ᠶ᠋ᠢᠨ ᠠᠷᠭ᠎ᠠ ᠬᠡᠯᠪᠡᠷᠢ᠎ᠨᠢ ᠬᠢᠴᠢᠶᠡᠯ᠎ᠦᠨ ᠲᠠᠩᠬᠢᠮ᠎ᠤᠨ ᠠᠭᠤᠷ ᠠᠮᠢᠰᠭᠤᠯ᠎ᠢ ᠪᠦᠲᠦᠮᠵᠢᠲᠡᠶ ᠬᠥᠭ᠌ᠵᠢᠭᠡᠬᠦ᠌᠎ᠶ᠋ᠢᠨ ᠬᠠᠮᠲᠤ᠂ ᠰᠤᠷᠤᠭᠴᠢᠳ ᠲᠸ᠋ ᠬᠢᠴᠢᠶᠡᠯ᠎ᠦᠨ ᠲᠠᠩᠬᠢᠮ᠎ᠤᠨ ᠦᠶ᠋ᠯᠡᠳᠦᠯᠴᠡᠯ᠎ᠳᠦ ᠣᠷᠣᠯᠴᠠᠬᠤ ᠨᠠᠩ ᠣᠯᠠᠨ ᠵᠠᠪᠱᠢᠶᠠᠨ ᠡᠬᠦᠳᠴᠦ᠂ ᠲᠡᠳᠡᠨ᠎ᠢ ᠬᠠᠪᠰᠤᠷᠤᠨ ᠲᠡᠯᠡᠶ᠎ᠶ᠋ᠢᠨ ᠢᠷᠣᠭᠠᠷ᠎ᠤᠨ ᠶᠢᠷᠲᠢᠨᠴᠦ᠍᠎ᠶ᠋ᠢᠨ ᠨᠢᠭᠤᠴᠠ᠎ᠶ᠋ᠢ ᠠᠭᠤᠳᠠᠯᠵᠤ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠦᠷ᠎ᠡ ᠪᠦᠲᠦᠮᠵᠢᠲᠦ ᠴᠢᠨᠠᠷ᠎ᠢ ᠳᠡᠭᠡᠭ᠌ᠰᠢᠯᠡᠭᠦᠯᠪᠡ》 ᠭᠡᠵᠦ᠍ ᠱᠢᠩ ᠴᠦᠨ ᠪᠠᠭ᠍ᠰᠢ ᠬᠡᠯᠡᠵᠦ ᠪᠠᠢᠯ᠎ᠠ᠃
ᠣᠢᠷ᠎ᠠ᠎ᠶ᠋ᠢᠨ ᠵᠢᠯ᠎ᠦᠳ᠎ᠲᠦ᠂ ᠲᠦᠩᠯᠢᠶᠣᠤ ᠬᠣᠲᠠ᠎ᠶ᠋ᠢᠨ ᠬᠣᠷᠴᠢᠨ ᠲᠣᠭᠣᠷᠢᠭ ᠲᠤᠭᠠᠴᠢᠯᠠᠭᠰᠠᠨ ᠵᠢᠭᠠᠨ ᠰᠤᠷᠭᠠᠯᠲᠠ᠎ᠶ᠋ᠢᠨ ᠡᠬᠢ ᠪᠠᠶᠠᠯᠢᠭ᠎ᠤᠨ ᠪᠠᠢᠭᠤᠯᠤᠯᠲᠠ᠎ᠶ᠋ᠢ ᠲᠠᠰᠤᠷᠠᠯᠲᠠ ᠥᠬᠡᠶ ᠲᠦᠷᠭᠡᠳᠭᠡᠵᠦ᠍᠂ ᠵᠢᠭᠠᠨ ᠰᠤᠷᠭᠠᠯᠲᠠ᠎ᠶ᠋ᠢᠨ ᠲᠥᠬᠥᠭᠡᠷᠦᠮᠵᠢ ᠪᠠ ᠵᠢᠭᠠᠬᠤ ᠮᠠᠲ᠋ᠧᠷᠢᠶᠠᠯ᠎ᠢ ᠱᠢᠨᠡᠳᠭᠡᠬᠦ᠌ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠵᠢᠭᠠᠨ ᠰᠤᠷᠭᠠᠯᠲᠠ᠎ᠶ᠋ᠢᠨ ᠰᠣᠯᠢᠯᠴᠠᠭ᠎ᠠ ᠪᠠ ᠬᠡᠷᠡᠭ᠌ᠯᠡᠭᠡᠨ᠎ᠦ ᠴᠢᠨᠠᠷ ᠰᠠᠢᠲᠠᠶ ᠲᠠᠪᠴᠠᠩ᠎ᠢ ᠪᠠᠢᠭᠤᠯᠵᠤ᠂ ᠰᠤᠷᠤᠭ᠍ᠴᠢᠳ᠎ᠲᠤ ᠨᠠᠩ ᠰᠠᠢᠨ ᠰᠤᠷᠤᠯᠴᠠᠬᠤ ᠣᠷᠴᠢᠨ ᠨᠥᠬᠥᠴᠡᠯ᠎ᠢ ᠬᠠᠩᠭᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠬᠡᠷᠡᠭ᠌ᠯᠡᠬᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯ᠎ᠢ ᠪᠥᠬᠥ᠌ ᠲᠠᠯ᠎ᠠ᠎ᠪᠠᠷ ᠠᠬᠢᠭᠤᠯᠪᠠ᠃ ᠨᠢᠳᠤᠨᠤᠨ᠎ᠤ 12 ᠰᠠᠷ᠎ᠠ᠎ᠳᠤ᠂ ᠣᠷᠣᠨ᠎ᠤ ᠳᠣᠲᠣᠷᠠᠬᠢ ᠡᠯ᠎ᠡ ᠰᠤᠷᠭᠠᠭᠤᠯᠢ ᠬᠢᠴᠢᠶᠡᠯ᠎ᠦᠨ ᠬᠡᠷ᠎ᠢ ᠱᠢᠨᠡᠳᠭᠡᠬᠦ᠌ ᠪᠠ ᠮᠠᠱᠢᠨ᠎ᠤ ᠦᠷᠦᠭᠡ ᠵᠢᠨ ᠲᠤᠨᠤᠭ ᠲᠥᠬᠥᠭᠡᠷᠦᠮᠵᠢ᠎ᠶ᠋ᠢ ᠤᠭ᠍ᠰᠠᠷᠠᠵᠤ ᠲᠠᠰ ᠳᠡᠪᠱᠢᠭᠦᠯᠬᠦ᠌ ᠠᠵᠢᠯ᠎ᠢ ᠪᠡᠶᠡᠯᠡᠭᠦᠯᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠲᠦᠪᠱᠢᠨ᠎ᠢ ᠬᠢᠨᠠᠨ ᠬᠡᠮᠵᠢᠬᠦ᠌᠎ᠶ᠋ᠢ ᠪᠠᠢᠩᠭᠤᠵᠢᠭᠤᠯᠬᠤ᠂ ᠪᠣᠳᠠᠲᠠᠢᠵᠢᠭᠤᠯᠬᠤ᠎ᠳᠤ ᠰᠠᠭᠤᠷᠢ ᠲᠠᠯᠪᠢᠵᠤ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠴᠢᠳᠠᠪᠤᠷᠢ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠬᠦ᠌᠎ᠳᠦ ᠴᠢᠩᠭ᠎ᠠ ᠬᠦᠴᠦᠳᠡᠢ ᠳᠡᠮᠵᠢᠯᠭᠡ ᠬᠠᠩᠭᠠᠪᠠ᠃ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠬᠢᠴᠢᠶᠡᠯ ᠪᠡᠯᠡᠳᠭᠡᠵᠦ ᠬᠢᠴᠢᠶᠡᠯ ᠵᠢᠭᠠᠬᠤ ᠱᠢᠰᠲ᠋ᠧᠮ᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠵᠢᠭᠠᠨ ᠰᠤᠷᠭᠠᠯᠳᠠ ᠵᠢᠨ ᠣᠶᠤᠨᠴᠢ ᠲᠤᠰᠠᠯᠠᠬᠤ ᠱᠢᠰᠲ᠋ᠧᠮ᠂ ᠬᠡᠯᠡ ᠪᠢᠴᠢᠭ᠎ᠦᠨ ᠲᠤᠰᠭᠠᠢ ᠰᠡᠳᠦᠪᠲᠦ ᠬᠢᠴᠢᠶᠡᠯ᠎ᠦᠨ ᠭᠡᠷ ᠵᠡᠷᠭᠡ ᠡᠯ᠎ᠡ ᠲᠦᠷᠦᠯ᠎ᠦᠨ ᠵᠢᠭᠠᠨ ᠰᠤᠷᠭᠠᠯᠲᠠ᠎ᠶ᠋ᠢᠨ ᠡᠬᠢ ᠪᠠᠶᠠᠯᠢᠭ᠎ᠤᠨ ᠬᠡᠷᠡᠭ᠌ᠯᠡᠯᠲᠡ ᠨᠢ ᠵᠣᠬᠢᠶᠠᠮᠠᠯ ᠤᠶᠤᠨ ᠴᠢᠳᠠᠪᠤᠷᠢ᠂ ᠲᠤᠮᠤ ᠳ᠋ᠠᠢᠲ᠋ᠠ ᠵᠡᠷᠭᠡ ᠮᠡᠷᠭᠡᠵᠢᠯ᠎ᠦᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠳᠠᠬᠢ ᠢᠳᠡᠪᠬᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠤᠭᠠᠴᠢᠯᠠᠭᠰᠠᠨ ᠵᠢᠭᠠᠨ ᠰᠤᠷᠭᠠᠯᠲᠠ᠎ᠶ᠋ᠢᠨ ᠠᠷᠭ᠎ᠠ ᠬᠡᠯᠪᠡᠷᠢ ᠪᠣᠯᠤᠨ ᠥᠪᠡᠷᠮᠢᠴᠡ ᠣᠨᠴᠠᠯᠢᠭ᠎ᠲᠠᠶ ᠵᠢᠭᠠᠨ ᠰᠤᠷᠭᠠᠯᠲᠠ᠎ᠶ᠋ᠢᠨ ᠬᠠᠷᠠᠯᠲᠠ᠎ᠶ᠋ᠢ ᠪᠦᠲᠦᠮᠵᠢᠲᠡᠢ ᠠᠭᠤᠰᠤᠯᠴᠠᠭᠤᠯᠵᠤ᠂ ᠨᠢᠭᠡᠳᠦᠯᠲᠡᠢ ᠨᠠᠢᠷᠠᠭᠤᠯᠤᠭ᠍ᠰᠠᠨ ᠬᠢᠴᠢᠶᠡᠯ ᠲᠦᠷᠦᠯ᠎ᠦᠨ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠤᠯᠠᠮ ᠳᠡᠭᠡᠭ᠌ᠰᠢᠯᠡᠭᠦᠯᠪᠡ᠃
ᠡᠭᠦᠨ᠎ᠦ ᠬᠠᠮᠲᠤ᠂ ᠪᠠᠭ᠍ᠰᠢ ᠨᠠᠷ ᠲᠸ᠋ ᠪᠣᠯᠪᠠᠰᠤᠷᠠᠯᠬᠦᠷᠳᠡᠭᠡᠬᠦ ᠡᠷᠴᠢᠮ᠎ᠢ ᠲᠠᠰᠤᠷᠠᠯᠲᠠ ᠥᠬᠡᠶ ᠴᠢᠩᠭᠠᠳᠭᠠᠵᠤ᠂ ᠬᠢᠴᠢᠶᠡᠯ᠎ᠦᠨ ᠪᠠᠭ᠍ᠰᠢ᠎ᠶ᠋ᠢᠨ ᠵᠢᠭᠠᠨ ᠰᠤᠷᠭᠠᠬᠤ ᠲᠦᠪᠰᠢᠨ ᠪᠠ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠳᠦ ᠬᠦᠴᠦᠨ ᠨᠡᠮᠡᠷᠢᠯᠡᠵᠦ᠍᠂ ᠪᠠᠭ᠍ᠰᠢ᠎ᠨᠠᠷ᠎ᠤᠨ ᠲᠤᠰᠭᠠᠶ ᠮᠡᠷᠭᠡᠵᠢᠯ᠎ᠦᠨ ᠬᠥᠭ᠌ᠵᠢᠯᠲᠡ᠎ᠶ᠋ᠢ ᠠᠬᠢᠭᠤᠯᠵᠠᠢ᠃ ᠰᠦᠯᠵᠢᠶᠡᠨ ᠳᠡᠭᠡᠷ᠎ᠡ ᠴᠢᠳᠠᠮᠵᠢ ᠣᠯᠭᠣᠬᠤ᠂ ᠪᠤᠲᠠᠲᠤ ᠴᠤᠭᠴᠠ ᠵᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠵᠢ ᠤᠶᠠᠯᠳᠤᠭᠤᠯᠤᠨ ᠪᠤᠯᠪᠠᠰᠤᠷᠠᠯ ᠬᠦᠷᠳᠡᠭᠡᠬᠦ ᠠᠷᠭ᠎ᠠ ᠮᠠᠶᠢᠭ᠎ᠢᠶᠠᠷ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠣᠲᠠ᠎ᠶ᠋ᠢᠨ ᠪᠣᠯᠪᠠᠰᠤᠷᠠᠯ᠎ᠳᠤ ᠢᠳᠡᠪᠬᠢᠲᠡᠶ ᠣᠷᠣᠯᠴᠠᠭᠤᠯᠬᠤ᠎ᠶ᠋ᠢᠨ ᠬᠠᠮᠲᠤ᠂ ᠬᠣᠷᠴᠢᠨ ᠲᠣᠭᠣᠷᠢᠭ᠎ᠤᠨ ᠱᠠᠲᠤᠨ᠎ᠤ ᠪᠣᠯᠪᠠᠰᠤᠷᠠᠯ᠎ᠢ ᠥᠷᠨᠢᠭᠦᠯᠵᠦ᠍᠂ ᠭᠤᠷᠪᠠᠨ ᠱᠠᠲᠤᠨ᠎ᠤ ᠪᠣᠯᠪᠠᠰᠤᠷᠡᠯ᠎ᠤᠨ ᠬᠠᠮᠳᠤᠷᠠᠯᠴᠠᠭ᠎ᠠ ᠬᠤᠷᠰᠢᠯᠴᠠᠭ᠎ᠠ ᠶ᠋ᠢ ᠪᠡᠶᠡᠯᠡᠭᠦᠯᠪᠠ᠃ ᠲᠤᠰᠭᠠᠢ ᠮᠡᠷᠭᠡᠵᠢᠯᠲᠡᠨ᠎ᠦ ᠵᠢᠯᠤᠭᠤᠳᠤᠯᠭ᠎ᠠ᠂ ᠬᠢᠴᠢᠶᠡᠯ ᠰᠣᠨᠣᠰᠴᠤ ᠰᠣᠯᠢᠯᠴᠠᠬᠤ᠂ ᠰᠤᠳᠤᠯᠤᠨ ᠶᠠᠷᠢᠯᠴᠠᠵᠤ ᠲᠣᠭᠣᠷᠢᠨ ᠦᠵᠡᠬᠦ᠌᠂ ᠠᠵᠢᠯ᠎ᠤᠨ ᠪᠠᠢᠷᠢ ᠳ᠋ᠠᠭᠠᠨ ᠪᠤᠯᠪᠠᠰᠤᠷᠠᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠪᠠᠭ᠍ᠰᠢ᠎ᠨᠠᠷ᠎ᠤᠨ ᠵᠢᠭᠠᠨ ᠰᠤᠷᠭᠠᠬᠤ ᠲᠦᠪᠱᠢᠨ ᠪᠠ ᠬᠢᠴᠢᠶᠡᠯ ᠲᠦᠷᠦᠯ᠎ᠦᠨ ᠬᠡᠪ ᠪᠣᠯᠪᠠᠰᠤᠷᠠᠯ᠎ᠢ ᠶᠡᠬᠡᠪᠡᠷ ᠳᠡᠭᠡᠭ᠌ᠰᠢᠯᠡᠬᠦᠯᠵᠦ᠍᠂ ᠪᠠᠭ᠍ᠰᠢ᠎ᠶ᠋ᠢᠨ ᠡᠩᠨᠡᠭᠡᠨ᠎ᠦ ᠲᠤᠰᠭᠠᠢᠵᠢᠯᠳᠠᠶ᠋ᠢ ᠪᠦᠲᠦᠮᠵᠢᠲᠡᠢ ᠠᠬᠢᠭᠤᠯᠵᠠᠢ᠃ ᠪᠠᠭ᠍ᠰᠢ᠎ᠨᠠᠷ᠎ᠢ ᠵᠣᠬᠢᠶᠠᠨ ᠪᠠᠢᠭᠤᠯᠵᠤ ᠪᠦᠬᠦ᠌ ᠬᠤᠳᠠ᠎ᠶ᠋ᠢᠨ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢᠶᠠᠷ ᠬᠢᠴᠢᠶᠡᠯᠯᠡᠬᠦ᠌ ᠪᠠᠭ᠍ᠰᠢ ᠨᠠᠷ᠎ᠤᠨ ᠵᠢᠭᠠᠨ ᠰᠤᠷᠭᠠᠯᠲᠠ᠎ᠶ᠋ᠢᠨ ᠦᠨᠳᠦᠰᠦᠨ ᠪᠣᠯᠪᠠᠰᠤᠷᠠᠯ ᠪᠣᠯᠤᠨ ᠦᠵᠡᠭᠦᠯᠭᠡ᠎ᠶ᠋ᠢᠨ ᠠᠵᠢᠯᠯᠠᠭ᠎ᠠ᠎ᠳᠤ ᠣᠷᠣᠯᠴᠠᠭᠤᠯᠵᠤ᠂ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ ᠪᠣᠯᠤᠨ ᠠᠩᠬ᠎ᠠ ᠳᠤᠮᠳᠠᠳᠤ᠎ᠶ᠋ᠢᠨ ᠬᠡᠯᠡ ᠪᠢᠴᠢᠭ᠎ᠦᠨ ᠢᠯᠡ ᠬᠢᠴᠢᠶᠡᠯ ᠵᠡᠷᠭᠡ ᠵᠢᠭᠠᠨ ᠰᠤᠷᠭᠠᠯᠲᠠ᠎ᠶ᠋ᠢᠨ ᠡᠭᠦᠷᠭᠡ᠎ᠶ᠋ᠢ ᠡᠭᠦᠷᠭᠡᠯᠡᠵᠦ᠍᠂ ᠪᠦᠬᠦ᠌ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠵᠢᠷᠤᠮᠵᠢᠭᠤᠨ ᠬᠡᠷᠡᠭ᠌ᠯᠡᠬᠦ᠌ ᠤᠬᠠᠮᠰᠠᠷ ᠪᠣᠯᠤᠨ ᠢᠳᠡᠪᠬᠢᠵᠢᠯ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠤᠨ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠪᠦᠬᠦ᠌ ᠲᠠᠯ᠎ᠠ᠎ᠪᠠᠷ ᠳᠡᠭᠡᠭ᠌ᠰᠢᠯᠡᠬᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃