2025-06-21 10:39:41
《〈ᠬᠠᠮᠳᠦ ᠦᠰᠦᠭᠰᠡᠨ ᠲᠤᠭᠯᠠᠭᠠᠮ〉 ᠭᠡᠬᠦ ᠨᠤᠮ ᠢ᠋ ᠤᠷᠪᠠᠭᠤᠯᠬᠤᠶᠠ᠂ ᠲᠠᠤᠯᠠᠢ᠂ ᠡᠷᠬᠢᠯᠳᠦᠬᠦ ᠳᠤᠭᠤᠷᠠᠭᠤᠯ ᠵᠡᠷᠭᠡ ᠵᠢᠷᠤᠭ ᠬᠠᠷᠠᠭᠠᠨ ᠳ᠋ᠦ ᠳᠤᠳᠤᠷᠠᠵᠦ᠂ ᠪᠠᠭ᠎ᠠ ᠨᠠᠰᠤᠨ ᠤ᠋ ᠬᠡᠨᠡᠨ ᠬᠤᠩᠭᠤᠷ ᠳᠤᠷᠠᠰᠤᠮᠵᠢ ᠤᠭᠤᠷᠠᠭ ᠲᠠᠷᠢᠬᠢᠨᠳᠤ ᠡᠷᠭᠡ ᠦᠭᠡᠢ ᠬᠦᠪᠦᠷᠡᠨ᠎ᠡ ᠁》 6 ᠰᠠᠷ᠎ᠠ ᠵᠢᠨ 11 ᠤ᠋ ᠡᠳᠦᠷ᠂ ᠲᠦᠩᠯᠢᠶᠣᠤ ᠬᠤᠳᠠ ᠵᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠤ᠋ ᠭᠠᠨᠵᠤᠭ᠎ᠠ ᠪᠠᠯᠭᠠᠰᠤ ᠵᠢᠨ ᠭᠤᠷᠪᠠᠳᠤᠭᠠᠷ ᠪᠠᠭ᠎ᠠ ᠰᠤᠷᠭᠠᠭᠤᠯᠢ ᠳ᠋ᠦ᠂ ᠰᠤᠷᠤᠬ᠍ᠴᠢ ᠪᠦᠦ ᠢ ᠱᠠ ᠨᠣᠮ ᠤᠩᠱᠢᠭ᠍ᠰᠠᠨ ᠲᠦᠷᠦᠭ᠌ᠳᠡᠯ ᠵᠢᠡᠨ ᠬᠤᠪᠢᠶᠠᠯᠴᠠᠨ᠎ᠠ᠃ ᠬᠢᠴᠢᠶᠡᠯᠯᠡᠬᠦ ᠡᠴᠡ ᠡᠮᠦᠨᠡᠬᠢ ᠭᠤᠷᠪᠠᠨ ᠮᠢᠨᠦ᠋ᠲ ᠤ᠋ᠨ ᠤᠩᠱᠢᠯᠭ᠎ᠠ ᠵᠢᠨ ᠲᠦᠷᠦᠭᠳᠡᠯ ᠵᠢᠡᠨ ᠬᠤᠪᠢᠶᠠᠯᠴᠠᠬᠤ ᠠᠵᠢᠯᠯᠠᠭ᠎ᠠ ᠨᠢ ᠨᠢᠭᠡᠨᠲᠡ ᠲᠤᠰ ᠰᠤᠷᠭᠠᠭᠤᠯᠢ ᠵᠢᠨ ᠬᠡᠯᠡ ᠪᠢᠴᠢᠭ ᠤ᠋ᠨ ᠬᠢᠴᠢᠶᠡᠯ ᠤ᠋ᠨ ᠦᠪᠡᠷᠮᠢᠴᠡ ᠤᠨᠴᠠᠯᠢᠭᠳᠤ ᠡᠬᠢᠯᠡᠯᠲᠡ ᠪᠣᠯᠤᠭ᠍ᠰᠠᠨ ᠪᠠᠢᠨ᠎ᠠ᠃
ᠣᠢᠷ᠎ᠠ ᠵᠢᠨ ᠵᠢᠯ ᠳ᠋ᠦ᠂ ᠬᠣᠷᠴᠢᠨ ᠵᠡᠭᠦᠨ ᠭᠠᠷᠤᠨ ᠬᠣᠢᠲᠤ ᠬᠣᠱᠢᠭᠤᠵᠢᠨ ᠬᠢᠨ 《ᠡᠷᠳᠡ ᠵᠢᠨ ᠤᠩᠱᠢᠯᠭ᠎ᠠ ᠦᠳᠡ ᠵᠢᠨ ᠤᠷᠠᠨ ᠪᠢᠴᠢᠯᠭᠡ》 ᠵᠡᠷᠭᠡ ᠡᠳᠦᠷ ᠲᠤᠲᠤᠮ ᠤ᠋ᠨ ᠠᠵᠢᠯᠯᠠᠭ᠎ᠠ ᠥᠷᠨᠢᠭᠦᠯᠬᠦ᠌ᠪᠡᠷ ᠳᠠᠮᠵᠢᠭᠤᠯᠤᠨ᠂ ᠰᠤᠷᠤᠭ᠍ᠴᠢᠳ ᠤ᠋ᠨ ᠨᠣᠮ ᠤᠩᠱᠢᠬᠤ ᠳᠠᠳᠭᠠᠯ ᠢ᠋ ᠬᠥᠮᠦᠵᠢᠭᠦᠯᠪᠡ᠃ 《ᠪᠠᠶᠠᠷ ᠬᠥᠷᠲᠡᠶ ᠤᠩᠰᠢᠯᠭ᠎ᠠ ᠵᠢᠨ ᠪᠠᠭᠠᠷ》ᠤ᠋ᠨ ᠤᠩᠱᠢᠯᠭ᠎ᠠ ᠵᠢᠨ ᠢᠨᠵᠧᠨᠧᠷᠢᠩ ᠵᠢᠡᠷ ᠠᠴᠢᠶᠠᠯᠠᠪᠤᠷᠢ ᠪᠣᠯᠭᠠᠵᠤ᠂ ᠪᠢᠴᠢᠯᠭᠡ ᠵᠢᠨ ᠤᠷᠤᠯᠳᠤᠭᠠᠨ ᠡᠷᠬᠢᠯᠡᠬᠦ᠌᠂ ᠤᠩᠱᠢᠯᠭ᠎ᠠ ᠵᠢᠨ ᠨᠡᠢᠭᠡᠮᠯᠢᠭ ᠪᠠ ᠤᠷᠠᠨ ᠪᠢᠴᠢᠯᠭᠡ ᠵᠢᠨ ᠨᠡᠢᠭᠡᠮᠯᠢᠭ ᠪᠠᠢᠭᠤᠯᠬᠤ ᠵᠡᠷᠭᠡ ᠣᠨᠴᠠᠯᠢᠭ᠍ᠲᠤ ᠠᠵᠢᠯᠯᠠᠭ᠎ᠠ ᠪᠡᠷ ᠳᠠᠮᠵᠢᠭᠤᠯᠤᠨ᠂ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠵᠢᠭᠠᠨ ᠰᠤᠷᠭᠠᠯᠳᠠ ᠵᠢ ᠡᠳᠦᠷ ᠲᠤᠲᠤᠮ ᠤ᠋ᠨ ᠰᠤᠷᠤᠯᠴᠠᠯᠭ᠎ᠠ ᠳ᠋ᠦ ᠠᠭᠤᠰᠤᠯᠴᠠᠭᠤᠯᠵᠤ᠂ ᠰᠤᠷᠤᠭ᠍ᠴᠢᠳ ᠤ᠋ᠨ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠬᠡᠷᠡᠭ᠌ᠯᠡᠯᠲᠡ ᠪᠠ ᠢᠯᠡᠳᠭᠡᠬᠦ᠌ ᠴᠢᠳᠠᠪᠤᠷᠢ ᠵᠢ ᠦᠨᠡᠨᠬᠦ᠌ ᠳᠡᠭᠡᠭ᠌ᠰᠢᠯᠡᠭᠦᠯᠪᠠ᠃
ᠥᠷᠯᠥᠭᠡ᠂ ᠭᠠᠨᠵᠤᠭ᠎ᠠ ᠪᠠᠯᠭᠠᠰᠤᠨ ᠤ᠋ ᠭᠤᠷᠪᠠᠳᠤᠭᠠᠷ ᠪᠠᠭ᠎ᠠ ᠰᠤᠷᠭᠠᠭᠤᠯᠢ ᠵᠢᠨ ᠬᠢᠴᠢᠶᠡᠯ ᠤ᠋ᠨ ᠭᠡᠷᠡᠴᠡ ᠨᠣᠮ ᠤᠩᠱᠢᠬᠤ ᠳᠠᠭᠤᠨ ᠬᠠᠩᠬᠢᠨᠠᠨ᠎ᠠ᠃ ᠪᠠᠭ᠍ᠰᠢᠨᠠᠷ ᠠᠳᠠᠯᠢ ᠪᠤᠰᠤ ᠣᠨ ᠤ᠋ ᠰᠤᠷᠤᠭ᠍ᠴᠢᠳ ᠤ᠋ᠨ ᠣᠨᠴᠠᠯᠢᠭ ᠢ᠋ ᠦᠨᠳᠦᠰᠦᠯᠡᠨ᠂ ᠢᠷᠠᠭᠤ ᠰᠠᠢᠬᠠᠨ ᠱᠢᠯᠦᠭ ᠪᠠ ᠵᠣᠬᠢᠶᠠᠯ ᠢ᠋ ᠨᠠᠷᠢᠨ ᠨᠢᠮᠪᠠᠢ ᠰᠣᠩᠭᠣᠵᠤ᠂ ᠰᠤᠷᠤᠭ᠍ᠴᠢᠳ ᠲᠣ᠌ ᠤᠷᠠᠨ ᠤᠩᠱᠢᠯᠭ᠎ᠠ ᠪᠠᠷ ᠲᠠᠮᠵᠢᠨ ᠦᠭᠡ ᠬᠡᠯᠡ ᠦᠰᠦᠭ ᠪᠢᠴᠢᠭ ᠤ᠋ᠨ ᠢᠷᠠᠭᠤ ᠰᠠᠢᠬᠠᠨ ᠢ᠋ ᠮᠡᠳᠡᠷᠡᠭᠦᠯᠦᠨ᠎ᠡ᠃
《ᠪᠢ ᠬᠠᠮᠲᠤ ᠰᠤᠷᠤᠭ᠍ᠴᠢᠳ ᠲᠠᠢᠪᠠᠨ ᠬᠠᠮᠳᠦ ᠤᠷᠠᠨ ᠤᠩᠰᠢᠯᠭ᠎ᠠ ᠳ᠋ᠦ ᠬᠠᠮᠤᠭ ᠡᠴᠡ ᠳᠤᠷᠠᠲᠠᠢ ᠪᠠᠢᠳᠠᠭ᠂ ᠣᠳᠣ ᠪᠢ ᠨᠡᠢᠲᠡᠯᠢᠭ ᠬᠡᠯᠡ ᠵᠢ ᠰᠤᠷᠬᠤ ᠳᠤᠰᠤᠮ ᠤᠷᠤᠰᠳᠠᠯᠠ ᠶᠠᠷᠢᠬᠤ ᠪᠤᠯᠵᠦ᠂ ᠪᠠᠰᠠ ᠮᠠᠰᠢ ᠣᠯᠠᠨ ᠰᠠᠢᠬᠠᠨ ᠦᠬᠡ ᠥᠭᠦᠯᠡᠪᠦᠷᠢᠬᠤᠷᠠᠮᠳᠤᠭᠤᠯᠵᠦ ᠦᠭᠡᠰ ᠤ᠋ᠨ ᠰᠠᠩ ᠵᠢᠡᠨ ᠪᠠᠶᠠᠯᠢᠬᠵᠢᠭᠤᠯᠵᠠᠢ᠂ ᠵᠣᠬᠢᠶᠠᠯ ᠪᠢᠴᠢᠬᠦ᠌ᠳᠡᠭᠡᠨ ᠴᠣ᠌ ᠨᠡᠩ ᠠᠪᠢᠶᠠᠰ ᠲᠡᠶ ᠪᠣᠯᠵᠠᠶ》 ᠭᠡᠵᠦ ᠵᠢᠷᠭᠤᠳᠤᠭᠠᠷ ᠣᠨ ᠤ᠋ ᠰᠤᠷᠤᠭ᠍ᠴᠢ ᠵᠣᠣ ᠽᠢ ᠱᠢᠤᠸᠠᠨ ᠪᠠᠶᠠᠷᠳᠠᠢᠬᠠᠨ ᠭᠡᠯᠡᠨ᠎ᠠ᠃ ᠰᠤᠷᠤᠭ᠍ᠴᠢᠳ ᠤ᠋ᠨ ᠰᠠᠢᠨ ᠰᠠᠢᠬᠠᠨ ᠤᠩᠱᠢᠯᠭ᠎ᠠ ᠵᠢᠨ ᠳᠠᠳᠭᠠᠯ ᠢ᠋ ᠬᠥᠮᠦᠵᠢᠭᠦᠯᠬᠦ᠌ ᠵᠢᠨ ᠲᠥᠯᠥᠭᠡ᠂ ᠲᠣᠰ ᠰᠤᠷᠭᠠᠭᠤᠯᠢ ᠰᠤᠷᠤᠯᠭ᠎ᠠ ᠵᠢᠨ ᠬᠤᠭᠤᠴᠠᠭ᠎ᠠ ᠪᠦᠷᠢ ᠡᠯ᠎ᠡ ᠠᠩᠭᠢ ᠳ᠋ᠦ《ᠪᠠᠶᠠᠷ ᠬᠥᠷᠲᠡᠶ ᠤᠩᠰᠢᠯᠭ᠎ᠠ ᠵᠢᠨ ᠪᠠᠭᠠᠷ》ᠤ᠋ᠨ ᠲᠠᠨᠢᠯᠴᠠᠭᠤᠯᠤᠭ᠍ᠰᠠᠨ ᠨᠣᠮ ᠪᠢᠴᠢᠭᠢ ᠬᠤᠳᠠᠯᠳᠤᠨ ᠠᠪᠴᠤ᠌ ᠦᠭᠬᠦᠭᠰᠡᠨ ᠵᠢᠡᠷ᠂ ᠰᠤᠷᠤᠭ᠍ᠴᠢᠳ ᠥᠪᠡᠷ ᠤ᠋ᠨ ᠨᠠᠰᠤᠨ ᠳ᠋ᠠᠭᠠᠨ ᠳᠣᠭᠢᠷᠬᠠᠰᠠᠨ ᠨᠣᠮ ᠪᠢᠴᠢᠭ ᠣᠯᠵᠤ ᠤᠩᠱᠢᠬᠤ ᠪᠤᠯᠵᠠᠢ᠃
ᠥᠷᠯᠥᠭᠡ ᠨᠣᠮ ᠤᠩᠰᠢᠬᠤ ᠳᠠᠭᠤᠨ ᠬᠠᠩᠭᠢᠨᠠᠵᠤ᠂ ᠦᠳᠡ ᠵᠢᠨ ᠬᠣᠢᠨ᠎ᠠ ᠪᠡᠬᠡ ᠵᠢᠨ ᠦᠨᠦᠷ ᠬᠠᠩᠬᠤᠯᠤᠨ᠎ᠠ᠃ ᠭᠠᠨᠵᠤᠭ᠎ᠠ ᠪᠠᠯᠭᠠᠰᠤᠨ ᠤ᠋ ᠭᠤᠷᠪᠠᠳᠤᠭᠠᠷ ᠪᠠᠭ᠎ᠠ ᠰᠤᠷᠭᠠᠭᠤᠯᠢ ᠵᠢᠨ 《ᠪᠢᠷ ᠪᠡᠬᠡᠪᠡᠷ ᠰᠡᠳᠭᠢᠯ ᠤᠮᠳᠠᠯᠠᠬᠤ》 ᠤᠷᠠᠨ ᠪᠢᠴᠢᠯᠭᠡ ᠵᠢᠨ ᠤᠷᠤᠯᠳᠤᠭᠠᠨ ᠤ᠋ ᠠᠬᠤᠢ ᠲᠠᠯᠠᠪᠠᠶ ᠳ᠋ᠦ᠂ ᠤᠷᠤᠯᠳᠤᠭᠠᠨ ᠳ᠋ᠦ ᠣᠷᠣᠯᠴᠠᠭ᠍ᠰᠠᠨ 80 ᠰᠣᠷᠣᠭ᠍ᠴᠢ ᠰᠡᠳᠬᠢᠯ ᠰᠠᠨᠠᠭ᠎ᠠ ᠪᠡᠨ ᠲᠥᠪᠯᠡᠷᠡᠭᠦᠯᠦᠨ ᠤᠷᠠᠨ ᠪᠢᠴᠢᠯᠭᠡ ᠵᠢᠨ ᠷᠢᠳᠢ ᠰᠢᠳᠢ ᠳ᠋ᠦ ᠰᠤᠭᠳᠤᠭᠤᠷᠠᠨ᠎ᠠ᠃
《ᠪᠢᠳᠡ ᠦᠨᠳᠦᠰᠦᠨ ᠵᠢᠷᠤᠯᠭ᠎ᠠ ᠡᠴᠡ ᠡᠬᠢᠯᠠᠨ ᠵᠢᠭᠠᠵᠦ᠂ ᠰᠤᠷᠤᠭ᠍ᠴᠢᠳ ᠤ᠋ᠨ ᠪᠢᠴᠢᠬᠦ᠌ ᠴᠢᠳᠠᠪᠤᠷᠢ ᠪᠠ ᠬᠤᠷᠳᠤᠴᠠ ᠵᠢ ᠠᠯᠬᠤᠮ ᠠᠯᠬᠤᠮ ᠵᠢᠡᠷ ᠳᠡᠭᠡᠭ᠌ᠰᠢᠯᠡᠭᠦᠯᠦᠭᠰᠡᠨ ᠵᠢᠡᠷ᠂ ᠣᠲᠣ ᠲᠡᠳᠡᠨ ᠤ᠋ ᠳᠠᠰᠭᠠᠯ ᠲᠠᠭᠠᠭᠠᠯᠭᠠᠪᠤᠷᠢ ᠵᠢᠨ ᠬᠠᠭᠤᠳᠠᠰᠤ ᠨᠢ ᠨᠠᠩ ᠴᠡᠪᠡᠷ ᠴᠡᠮᠴᠡᠭᠡᠷ ᠪᠣᠯᠤᠭ᠍ᠰᠠᠨ ᠪᠠᠢᠨ᠎ᠠ》ᠭᠡᠵᠤ ᠰᠤᠷᠭᠠᠭᠤᠯᠢᠵᠢᠨ ᠬᠡᠯᠡ ᠪᠢᠴᠢᠭ ᠤ᠋ᠨ ᠪᠠᠭ᠍ᠰᠢ ᠯᠢᠦ ᠱᠢᠶᠤᠤ ᠱᠦ᠍ ᠭᠡᠯᠡᠨ᠎ᠠ᠃
ᠲᠤᠰ ᠰᠤᠷᠭᠠᠭᠤᠯᠢ 《ᠦᠳᠡ ᠵᠢᠨ ᠦᠰᠦᠭ ᠪᠣᠯᠪᠠᠰᠤᠷᠠᠬᠤ 30 ᠮᠢᠨᠦ᠋ᠲ》 ᠤ᠋ᠨ ᠳᠦᠷᠢᠮ ᠢ᠋ ᠬᠡᠷᠡᠭ᠌ᠵᠢᠭᠦᠯᠬᠦ᠌ᠪᠡᠷ ᠳᠠᠮᠵᠢᠭᠤᠯᠤᠨ᠂ ᠰᠤᠷᠤᠭ᠍ᠴᠢ ᠵᠢᠨ ᠬᠢᠲᠠᠳ ᠦᠰᠦᠭ ᠤ᠋ᠨ ᠪᠢᠴᠢᠯᠭᠡ ᠵᠢ ᠤᠯᠠᠮ ᠨᠢᠭᠡ ᠠᠯᠬᠤᠮ ᠳᠦᠷᠢᠮᠵᠢᠭᠦᠯᠦᠭ᠌ᠰᠡᠨ ᠪᠠᠢᠨ᠎ᠠ᠃ ᠰᠤᠷᠤᠯᠭ᠎ᠠ ᠵᠢᠨ ᠦᠷ᠎ᠡ ᠪᠦᠲᠦᠮᠵᠢᠵᠢ ᠱᠢᠯᠭᠠᠨ ᠪᠠᠢᠴᠠᠭᠠᠬᠤ ᠵᠢᠨ ᠲᠥᠯᠥᠭᠡ᠂ ᠰᠤᠷᠭᠠᠭᠤᠯᠢᠡᠴᠡ ᠰᠤᠷᠤᠯᠭ᠎ᠠ ᠵᠢᠨ ᠬᠤᠭᠤᠴᠠᠭ᠎ᠠ ᠪᠦᠷᠢ ᠬᠢᠲᠠᠳ ᠥᠰᠥᠭ ᠤ᠋ᠨ ᠰᠣᠨᠣᠰᠴᠤ᠌ ᠪᠢᠴᠢᠬᠦ᠌ ᠤᠷᠤᠯᠳᠤᠭᠠᠨ ᠵᠡᠷᠭᠡ ᠠᠵᠢᠯᠯᠠᠭ᠎ᠠ ᠡᠷᠭᠢᠯᠡᠬᠦ᠌ ᠵᠢᠨ ᠬᠠᠮᠲᠤ 《ᠪᠢᠴᠢᠯᠭᠡ ᠵᠢᠨ ᠠᠪᠢᠶᠠᠰᠲᠠᠨ》᠂ 《ᠤᠩᠱᠢᠯᠭ᠎ᠠ ᠵᠢᠨ ᠣᠳᠣᠨ》 ᠵᠡᠷᠭᠡ ᠵᠢ ᠰᠢᠯᠭᠠᠷᠠᠭᠤᠯᠵᠤ᠂ ᠰᠤᠷᠤᠭ᠍ᠴᠢᠳ ᠤ᠋ᠨ ᠲᠠᠰᠤᠷᠠᠯᠲᠠ ᠥᠬᠡᠶ ᠤᠷᠤᠭᠰᠢᠯᠠᠨ ᠳᠠᠪᠱᠢᠬᠤ ᠤᠷᠮ᠎ᠠ ᠵᠤᠷᠢᠭᠢ ᠨᠢ ᠬᠦᠭᠵᠢᠭᠡᠪᠠ ᠃
ᠭᠠᠨᠵᠤᠭ᠎ᠠ ᠪᠠᠯᠭᠠᠰᠤᠨ ᠤ᠋ ᠭᠤᠷᠪᠠᠳᠤᠭᠠᠷ ᠪᠠᠭ᠎ᠠ ᠰᠤᠷᠭᠠᠭᠤᠯᠢ ᠵᠢᠨ ᠨᠠᠮ ᠤ᠋ᠨ ᠡᠭᠦᠷ ᠤ᠋ᠨ ᠱᠦᠵᠢ ᠵᠠᠩ ᠱᠢᠶᠠ᠄ 《ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠳᠡᠯᠭᠡᠷᠡᠭᠦᠯᠦᠨ ᠲᠦᠭᠡᠮᠡᠯᠵᠢᠭᠦᠯᠬᠦ᠌ ᠪᠣᠯ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠴᠢᠬᠤᠯᠠ ᠠᠷᠭ᠎ᠠ ᠵᠠᠮ ᠮᠥᠨ᠃ ᠪᠢᠳᠡ〈ᠡᠷᠳᠡ ᠵᠢᠨ ᠤᠩᠱᠢᠯᠭ᠎ᠠ ᠦᠳᠡ ᠵᠢᠨ ᠤᠷᠠᠨ ᠪᠢᠴᠢᠯᠭᠡ〉᠂ ᠨᠡᠢᠭᠡᠮᠯᠢᠭ ᠤ᠋ᠨ ᠠᠵᠢᠯᠯᠠᠭ᠎ᠠ᠂ ᠤᠷᠤᠯᠳᠤᠭᠠᠨ ᠤ᠋ ᠦᠵᠡᠭᠦᠯᠭᠡ ᠵᠡᠷᠭᠡ ᠥᠪᠡᠷᠮᠢᠴᠡ ᠣᠨᠴᠠᠯᠢᠭᠳᠤ ᠠᠷᠭ᠎ᠠ ᠠᠪᠴᠠᠯᠢ ᠠᠪᠴᠤ᠂ ᠬᠡᠦᠬᠡᠳ ᠨᠢᠭᠡᠪᠦᠷᠢ ᠵᠢ ᠤᠯᠤᠰ ᠤ᠋ᠨ ᠨᠡᠢᠳᠡᠯᠢᠭ ᠬᠡᠯᠡ ᠵᠢ ᠰᠠᠢᠲᠤᠷ ᠶᠠᠷᠢᠭᠤᠯᠵᠤ᠂ ᠳᠦᠷᠢᠮᠵᠢᠭ᠌ᠰᠡᠨ ᠥᠰᠥᠭ ᠢ᠋ ᠰᠠᠢᠲᠤᠷ ᠪᠢᠴᠢᠭᠦᠯᠵᠦ᠍᠂ ᠳᠤᠮᠳᠠᠳᠤ ᠵᠢᠨ ᠱᠢᠯᠢᠳᠡᠭ ᠤᠯᠠᠮᠵᠢᠯᠠᠯᠲᠤ ᠰᠣᠶᠣᠯ ᠵᠢᠡᠷ ᠬᠡᠦᠬᠡᠳ ᠤ᠋ᠨ ᠰᠡᠳᠭᠢᠯ ᠢ᠋ ᠤᠮᠳᠠᠯᠠᠨ᠎ᠠ》 ᠭᠡᠵᠤ ᠲᠠᠨᠢᠯᠴᠠᠭᠤᠯᠵᠤ ᠭᠠᠷᠤᠯ᠎ᠠ᠃
ᠲᠠᠷᠠᠭᠠᠴᠢ ᠪᠡᠷ᠂ ᠲᠣᠰ ᠰᠤᠷᠭᠠᠭᠤᠯᠢᠵᠢᠨ ᠬᠢᠨ ᠬᠡᠷ ᠤ᠋ᠨ ᠠᠬᠠᠮᠠᠳ ᠲᠠᠢ ᠬᠣᠯᠪᠣᠭᠠᠯᠠᠨ ᠬᠥᠳᠡᠯᠦᠯᠴᠡᠬᠦ᠌ᠡᠷᠴᠢᠮᠵᠢᠡᠨ ᠴᠢᠡᠭᠭᠠᠷᠠᠭᠤᠯᠵᠤ᠂ 《ᠡᠴᠢᠭᠡ ᠡᠬᠡ ᠦᠷ᠎ᠡ ᠬᠡᠦᠬᠡᠳ ᠬᠠᠮᠲᠤ ᠪᠡᠷ ᠤᠩᠱᠢᠬᠤ》᠂ 《ᠬᠡᠷ ᠪᠦᠯᠢ ᠵᠢᠨ ᠤᠷᠠᠨ ᠪᠢᠴᠢᠯᠭᠡ ᠵᠢᠨ ᠦᠵᠡᠭᠦᠯᠭᠡ》 ᠵᠡᠷᠭᠡ ᠠᠵᠢᠯᠯᠠᠭ᠎ᠠ ᠵᠢ ᠥᠷᠨᠢᠭᠦᠯᠦᠨ᠂ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠤ᠋ᠨ ᠰᠤᠷᠤᠯᠴᠠᠯᠭ᠎ᠠ ᠵᠢ ᠰᠤᠷᠭᠠᠭᠤᠯᠢ ᠵᠢᠨ ᠬᠦᠷᠢᠶᠡᠨᠡᠴᠡ ᠬᠡᠷ ᠪᠦᠯᠢ ᠬᠦᠷᠲᠡᠯ᠎ᠡ ᠦᠷᠬᠦᠯᠵᠢᠯᠡᠬᠦᠯᠬᠦ ᠵᠢ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠵᠢᠨ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠲᠡᠭᠡᠭᠰᠢᠯᠡᠬᠦᠯᠵᠤ᠂ ᠱᠢᠨ᠎ᠡ ᠴᠠᠭ ᠦᠶ᠎ᠡ ᠵᠢᠨ ᠥᠨᠳᠥᠷ ᠬᠡᠪ ᠪᠤᠯᠪᠠᠰᠤᠷᠠᠯ ᠪᠥᠬᠥᠶ ᠴᠢᠳᠠᠪᠤᠷᠢᠲᠠᠨ ᠢ᠋ ᠬᠥᠮᠦᠵᠢᠭᠦᠯᠬᠦ ᠳ᠋ᠦ ᠯᠠᠪᠳᠠᠭᠤᠨ ᠪᠠᠲᠤᠲᠠᠶ ᠰᠠᠭᠤᠷᠢ ᠵᠢ ᠲᠠᠯᠪᠢᠵᠤ ᠥᠭ᠌ᠭᠦ ᠪᠡᠷ ᠲᠦᠯᠦᠪᠯᠡᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃