2025-07-07 10:26:06
6 ᠰᠠᠷ᠎ᠠ᠎ᠶ᠋ᠢᠨ 26 ᠤ᠋ ᠡᠳᠦᠷ᠂ ᠱᠢᠯᠢ᠎ᠶ᠋ᠢᠨ ᠭᠤᠤᠯ ᠠᠢᠮᠠᠭ᠎ᠤᠨ ᠰᠥᠨᠢᠳ ᠪᠠᠷᠠᠭᠤᠨ ᠬᠣᠱᠢᠭᠤᠨ᠎ᠤ ᠭᠤᠷᠪᠠᠳᠤᠭᠠᠷ ᠳᠤᠮᠳᠠᠳᠤ ᠰᠤᠷᠭᠠᠭᠤᠯᠢ᠎ᠶ᠋ᠢᠨ ᠶᠠᠰᠤᠨ ᠰᠡᠢᠯᠦᠮᠡᠯ᠎ᠦᠨ ᠣᠨᠴᠠᠯᠢᠭ᠍ᠲᠤ ᠬᠢᠴᠢᠶᠡᠯ ᠳᠡᠭᠡᠷ᠎ᠡ᠂ ᠠᠢᠮᠠᠭ᠎ᠤᠨ ᠱᠠᠲᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ᠌ ᠴᠢᠨᠠᠷᠲᠠᠶ ᠤᠯᠠᠮᠵᠢᠯᠠᠭ᠍ᠴᠢ ᠮᠠᠨᠳᠤᠬᠤ ᠶᠠᠭ ᠰᠤᠷᠤᠭ᠍ᠴᠢᠳ᠎ᠲᠤ ᠶᠠᠰᠤᠨ ᠳᠡᠭᠡᠷ᠎ᠡ ᠬᠡᠷᠬᠢᠨ ᠵᠢᠷᠤᠭ ᠰᠡᠢᠯᠬᠦ ᠵᠢ ᠵᠢᠭᠠᠨ ᠦᠭᠴᠦ ᠪᠠᠢᠯ᠎ᠠ᠃
ᠭᠤᠷᠪᠠᠳᠤᠭᠠᠷ ᠳᠤᠮᠳᠠᠳᠤ ᠰᠤᠷᠭᠠᠭᠤᠯᠢ᠎ᠶ᠋ᠢᠨ ᠭᠠᠷᠠᠭ ᠪᠦᠷᠢ᠎ᠶ᠋ᠢᠨ ᠨᠢᠭᠡ ᠴᠠᠭ᠎ᠤᠨ ᠤᠨᠴᠠᠯᠢᠭ᠍ᠳᠤ ᠬᠢᠴᠢᠶᠡᠯ ᠪᠣᠯᠤᠭ᠍ᠰᠠᠨ᠎ᠤ ᠬᠤᠪᠢ᠎ᠳᠤ ᠲᠤᠰ ᠤᠳᠠᠭ᠎ᠠ ᠵᠢᠨ ᠬᠢᠴᠢᠶᠡᠯ᠎ᠳᠦ ᠱᠢᠨ᠎ᠡ ᠬᠤᠪᠢᠷᠠᠯᠲᠠ ᠲᠠᠢ ᠪᠤᠯᠤᠭᠰᠠᠨ ᠪᠠᠢᠯ᠎ᠠ᠃ ᠡᠨᠡ ᠨᠢ ᠮᠦᠨ ᠴᠸ᠋ ᠮᠠᠨᠳᠤᠬᠤ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠢ ᠰᠤᠷᠭᠠᠭᠤᠯᠢ ᠵᠢᠨ ᠬᠦᠷᠢᠶᠡᠨ᠎ᠳᠦ ᠣᠷᠣᠭᠤᠯᠬᠤᠰᠦᠪᠡᠭᠴᠢᠯᠡᠯᠤ᠋ᠨ᠌ ᠨᠢᠭᠡ ᠵᠦᠶ᠋ᠯ᠎ᠦᠨ ᠲᠤᠷᠱᠢᠯᠲᠠ ᠪᠣᠯᠤᠭ᠍ᠰᠠᠨ ᠪᠠᠢᠨ᠎ᠠ᠃ ᠡᠨᠡ ᠬᠦ᠌ ᠤᠨᠴᠠᠯᠢᠭ᠍ᠳᠤ ᠬᠢᠴᠢᠶᠡᠯᠲᠡᠭᠡᠷᠡ ᠮᠠᠨᠳᠤᠬᠤ ᠠᠩᠬ᠎ᠠ ᠤᠳᠠᠭ᠎ᠠ ᠰᠥᠨᠢᠳ ᠪᠠᠷᠠᠭᠤᠨ ᠬᠣᠱᠢᠭᠤᠨ᠎ᠤ ᠶᠡᠷᠦᠩᠬᠡᠢᠯᠡᠭ᠌ᠰᠡᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢᠳ ᠪᠣᠯᠤᠨ ᠭᠤᠷᠪᠠᠳᠤᠭᠠᠷ ᠳᠤᠮᠳᠠᠳᠤ ᠰᠤᠷᠭᠠᠭᠤᠯᠢ᠎ᠶ᠋ᠢᠨ ᠶᠠᠰᠤᠨ ᠰᠡᠢᠯᠦᠮᠡᠯ᠎ᠦᠨ ᠤᠨᠴᠠᠯᠢᠭ᠍ᠳᠤ ᠠᠩᠭᠢ᠎ᠶ᠋ᠢᠨ ᠰᠤᠷᠤᠭ᠍ᠴᠢᠳ᠎ᠲᠠᠶ ᠬᠠᠮᠲᠤ ᠰᠤᠷᠤᠯᠴᠠᠬᠤ ᠪᠠ ᠰᠣᠯᠢᠯᠴᠠᠬᠤ ᠠᠵᠢᠯᠯᠠᠭ᠎ᠠ ᠥᠷᠨᠢᠭᠦᠯᠵᠦ᠍ ᠂ ᠨᠠᠩ ᠣᠯᠠᠨ ᠰᠤᠷᠤᠭ᠍ᠴᠢᠳ᠎ᠲᠤ ᠪᠣᠳᠠᠰ᠎ᠤᠨ ᠪᠤᠰᠤ ᠰᠣᠶᠣᠯ᠎ᠤᠨ ᠥᠪ᠎ᠢ ᠲᠠᠨᠢᠭᠤᠯᠪᠠ᠃ ᠶᠠᠰᠤᠨ ᠰᠡᠢᠯᠦᠮᠡᠯ ᠲᠠᠢ ᠠᠩᠬ᠎ᠠ ᠤᠢᠷᠠᠳᠤᠵᠤ ᠪᠦᠬᠦᠢ ᠰᠤᠷᠤᠭ᠍ᠴᠢᠳ ᠮᠠᠨᠳᠤᠬᠤ᠎ᠶ᠋ᠢᠨ ᠲᠠᠢᠯᠪᠤᠷᠢᠯᠠᠯᠲᠠ᠎ᠵᠢ ᠰᠡᠳᠬᠢᠯ ᠲᠠᠯᠪᠢᠨ ᠰᠤᠨᠤᠰᠴᠦ ᠦᠵᠡᠭᠦᠯᠭᠡ᠎ᠵᠢ ᠬᠠᠴᠢᠷᠬᠠᠨ ᠰᠤᠨᠢᠷᠬᠠᠨ᠎ᠠ᠃
ᠮᠠᠨᠳᠤᠬᠤ ᠤᠷᠠᠨ ᠰᠡᠢᠯᠪᠦᠷᠢ᠎ᠶ᠋ᠢᠨ ᠠᠵᠢᠯ᠎ᠤᠨ ᠭᠠᠷᠤᠭ᠎ᠠ ᠪᠠᠨ ᠡᠬᠢᠯᠡᠭᠦᠯᠦᠭᠡᠳ ᠨᠢᠭᠡᠨᠲᠡ 25 ᠵᠢᠯ ᠪᠣᠯᠵᠤ ᠪᠤᠢ᠃ ᠶᠠᠰᠤᠨ ᠰᠡᠢᠯᠦᠮᠡᠯ᠎ᠦᠨ ᠰᠣᠶᠣᠯ᠎ᠤᠨ ᠤᠯᠠᠮᠵᠢᠯᠠᠭᠴᠢ ᠪᠠ ᠬᠠᠮᠠᠭᠠᠯᠠᠭ᠍ᠴᠢ ᠪᠣᠯᠤᠭ᠍ᠰᠠᠨ᠎ᠤ ᠬᠤᠪᠢ᠎ᠳᠤ ᠮᠠᠨᠳᠤᠬᠤ ᠪᠠᠷᠤᠭ ᠯᠠ ᠠᠯᠢᠪᠠ ᠪᠠᠨ ᠶᠠᠰᠤᠨ ᠰᠡᠢᠯᠦᠮᠡᠯ᠎ᠦᠨ ᠤᠷ᠎ᠠ ᠮᠡᠷᠭᠡᠵᠢᠯ᠎ᠤᠨ ᠦᠢᠯᠡᠰ᠎ᠲᠤ ᠵᠣᠷᠢᠭᠤᠯᠪᠠ᠃ 2013 ᠣᠨ᠎ᠳᠤ ᠂ ᠮᠠᠨᠳᠤᠬᠤ ᠰᠠᠨᠠᠭᠠᠴᠢᠯᠠᠭ᠎ᠠ᠎ᠠᠴᠠ᠎ᠪᠠᠨ ᠰᠤᠷᠭᠠᠭᠤᠯᠢ᠎ᠲᠠᠶ ᠬᠠᠷᠢᠯᠴᠠᠵᠤ ᠂ ᠪᠣᠳᠠᠰ᠎ᠤᠨ ᠪᠤᠰᠤ ᠰᠣᠶᠣᠯ᠎ᠤᠨ ᠥᠪ᠎ᠢ ᠰᠤᠷᠭᠠᠭᠤᠯᠢ ᠵᠢᠨ ᠬᠦᠷᠢᠶᠡᠨ᠎ᠳᠦ ᠤᠷᠤᠭᠤᠯᠤᠭᠰᠠᠨ ᠪᠥᠭᠡᠳ ᠤᠷᠢᠳ ᠬᠣᠵᠢᠳ 1 ᠲᠦᠮᠡ ᠭᠠᠷᠤᠢ ᠲᠥᠭᠥᠷᠢᠭ ᠵᠠᠷᠤᠴᠠᠭᠤᠯᠵᠤ ᠰᠡᠢᠯᠦᠮᠡᠯ᠎ᠦᠨ ᠲᠥᠬᠥᠭᠡᠷᠦᠮᠵᠢ᠂ ᠪᠠᠭᠠᠵᠢ ᠬᠡᠷᠡᠭ᠌ᠰᠡᠯ ᠬᠤᠳᠠᠯᠳᠤᠨ ᠠᠪᠬᠤ᠎ᠳᠤ ᠬᠡᠷᠡᠭ᠌ᠯᠡᠵᠡᠢ᠃ ᠮᠠᠨᠳᠤᠬᠤ᠄ 《ᠨᠠᠩ ᠣᠯᠠᠨ ᠵᠠᠯᠠᠭᠤᠴᠤᠳ ᠡᠨᠡ ᠬᠦ᠌ ᠤᠷ᠎ᠠ ᠮᠡᠷᠭᠡᠵᠢᠯ᠎ᠢ ᠣᠢᠯᠠᠭᠠᠵᠤ ᠤᠯᠠᠮᠵᠢᠯᠠᠨ ᠲᠡᠯᠭᠡᠷᠡᠭᠦᠯᠬᠦ᠎ᠵᠢ ᠬᠦᠰᠡᠨ᠎ᠡ》 ᠬᠡᠯᠡ᠃
ᠥᠩᠭᠡᠷᠡᠭ᠌ᠰᠡᠨ᠎ᠦ ᠬᠢ᠎ᠲᠡᠶ ᠠᠳᠠᠯᠢ ᠥᠬᠡᠶ ᠨᠢ ᠭᠡᠪᠡᠯ ᠂ ᠲᠣᠰ ᠡᠳᠦᠷ᠎ᠦᠨ ᠬᠢᠴᠢᠶᠡᠯ ᠲᠡᠭᠡᠷ᠎ᠡ ᠮᠠᠨᠳᠤᠬᠤ ᠠᠩᠬ᠎ᠠ ᠤᠳᠠᠭ᠎ᠠ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ᠎ᠪᠡᠷ ᠬᠢᠴᠢᠶᠡᠯ ᠤᠷᠤᠪᠠ᠃ 《ᠨᠡᠩ ᠤᠯᠠᠨ ᠬᠥᠮᠦᠰ᠎ᠢ ᠪᠣᠳᠠᠰ᠎ᠤᠨ ᠪᠤᠰᠤ ᠰᠣᠶᠣᠯ᠎ᠤᠨ ᠥᠪ᠎ᠲᠦ ᠰᠣᠨᠢᠷᠬᠠᠯᠲᠠᠶ ᠪᠣᠯᠭᠠᠵᠤ᠂ ᠶᠠᠰᠤᠨ ᠰᠡᠢᠯᠦᠮᠡᠯ᠎ᠦᠨ ᠡᠨᠡ ᠬᠦ᠌ ᠤᠷ᠎ᠠ ᠮᠡᠷᠭᠡᠵᠢᠯ᠎ᠢ ᠡᠵᠡᠮᠱᠢᠭᠦᠯᠬᠦ᠌ᠭᠡᠪᠡᠯ ᠵᠠᠪᠠᠯ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ᠎ᠪᠡᠷ ᠵᠢᠭᠠᠨ ᠰᠤᠷᠭᠠᠬᠤ ᠪᠠ ᠲᠠᠨᠢᠯᠴᠠᠭᠤᠯᠬᠤ ᠭᠡᠷᠡᠭᠲᠠᠢ》 ᠭᠡᠵᠦ᠍ ᠮᠠᠨᠳᠤᠬᠤ ᠶᠠᠷᠢᠨ᠎ᠠ᠃
ᠮᠠᠨᠳᠤᠬᠤ᠄ 《ᠪᠠᠭ᠍ᠰᠢ᠎ᠶ᠋ᠢᠨ ᠶᠠᠷᠢᠭ᠍ᠰᠠᠨᠢ ᠪᠦᠷ ᠣᠢᠯᠠᠭᠠᠭ᠍ᠰᠠᠨ ᠪᠢᠵᠡ? ᠶᠠᠰᠤᠨ ᠰᠡᠢᠯᠦᠮᠡᠯ ᠭᠤᠶᠤ ᠪᠠᠢᠨ᠎ᠠ ᠤᠤ?》 ᠬᠡᠬᠦ᠎ᠳᠦ ᠰᠥᠨᠢᠳ ᠪᠠᠷᠠᠭᠤᠨ ᠬᠣᠱᠢᠭᠤᠨ᠎ᠤ ᠶᠡᠷᠦᠩᠬᠡᠢᠯᠡᠭ᠌ᠰᠡᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠣᠷᠣᠭ᠍ᠴᠢ ᠵᠠᠩ ᠢ ᡁᠢ ᠄ 《ᠣᠢᠯᠠᠭᠠᠭ᠍ᠰᠠᠨ! ᠪᠢ ᠠᠩᠬ᠎ᠠ ᠤᠳᠠᠭ᠎ᠠ ᠶᠠᠰᠤᠨ ᠰᠡᠢᠯᠦᠮᠡᠯ᠎ᠢ ᠬᠠᠷᠠᠵᠠᠢ᠃ ᠶᠠᠰᠤᠨ ᠰᠡᠢᠯᠦᠮᠡᠯ᠎ᠦᠨ ᠮᠡᠷᠭᠡᠵᠢᠯ ᠪᠣᠯ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ᠌ ᠴᠢᠨᠠᠷᠲᠠᠶ ᠲᠦᠷᠦᠯ ᠵᠦᠢᠯ ᠪᠤᠯᠤᠨ᠎ᠠ ᠂ ᠪᠢ ᠬᠣᠵᠢᠮ ᠪᠠᠰᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠯ ᠪᠠ ᠬᠠᠮᠠᠭᠠᠯᠠᠯᠲᠠ᠎ᠶᠢᠨ ᠠᠵᠢᠯ᠎ᠳᠦ ᠤᠷᠤᠯᠴᠠᠨ᠎ᠠ ᠭᠡᠵᠦ ᠪᠤᠳᠦᠵᠦ ᠪᠠᠢᠨ᠎ᠠ》 ᠭᠡᠯᠡ᠃
《ᠭᠠᠷ᠎ᠢᠶᠠᠨ ᠲᠣᠭ᠍ᠲᠠᠭᠤᠨ ᠪᠠᠢᠯᠭᠠᠬᠤ ᠬᠡᠷᠡᠭ᠌ᠲᠡᠶ᠂ ᠬᠡᠳᠦ ᠬᠦᠴᠦᠯᠡᠵᠦ ᠪᠤᠯᠬᠤ ᠦᠭᠡᠢ᠃ ᠳᠤᠷᠠᠲᠠᠶ ᠵᠢᠷᠤᠭ ᠳᠦᠷᠰᠦ᠎ᠪᠡᠨ ᠵᠢᠷᠤᠪᠡᠯ ᠪᠤᠯᠴᠢᠬᠠᠨ᠎ᠠ᠂ ᠰᠡᠢᠯᠦᠮᠡᠯ ᠮᠠᠱᠢᠨ ᠲᠠᠷᠤᠢᠬᠠᠨ ᠶᠠᠰᠤᠨ ᠳᠡᠭᠡᠷ᠎ᠡ ᠰᠡᠢᠯᠦᠭᠡᠳ ᠭᠠᠷᠭᠠᠴᠢᠬᠠᠨ᠎ᠠ ᠰᠢᠦ》 ᠭᠡᠵᠦ᠍ ᠮᠠᠨᠳᠦᠬᠤ ᠨᠠᠷᠢᠨ ᠨᠢᠮᠪᠠᠶ ᠵᠢᠭᠠᠨ ᠵᠢᠯᠣᠭᠣᠳᠴᠤ᠌᠂ ᠶᠠᠰᠤᠨ ᠰᠡᠢᠯᠦᠮᠡᠯ᠎ᠦᠨ ᠤᠷ᠎ᠠ ᠮᠡᠷᠭᠡᠵᠢᠯ ᠵᠢᠡᠨ ᠬᠠᠷᠠᠮᠨᠠᠯ ᠦᠭᠡᠢ ᠵᠢᠭᠠᠨ᠎ᠠ᠃
《ᠪᠢ ᠶᠠᠰᠤᠨ ᠰᠡᠢᠯᠦᠮᠡᠯ᠎ᠦᠨ ᠤᠷᠠᠯᠢᠭ᠎ᠤᠨ ᠢᠷᠡᠭᠡᠳᠦᠢ᠎ᠳᠦ ᠢᠲᠡᠭᠡᠯ ᠳᠦᠭᠦᠷᠡᠩ ᠪᠠᠢᠨ᠎ᠠ》 ᠭᠡᠵᠦ ᠮᠠᠨᠳᠤᠬᠤ ᠶᠠᠷᠢᠨ᠎ᠠ᠃ ᠲᠠᠷᠠᠭᠠᠴᠢ᠎ᠶ᠋ᠢᠨ ᠠᠯᠬᠤᠮ᠎ᠳᠤ᠂ ᠲᠡᠷᠡ ᠪᠡᠷ ᠬᠣᠱᠢᠭᠤᠨ᠎ᠤ ᠪᠤᠰᠤᠳ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ᠎ᠦᠨ ᠴᠡᠴᠡᠷᠯᠢᠭ᠎ᠲᠡᠶ ᠬᠠᠷᠢᠯᠴᠠᠵᠤ᠂ ᠤᠯᠤᠰ᠎ᠤᠨ ᠨᠡᠢᠲᠡᠯᠢᠭ ᠬᠡᠯᠡ ᠪᠡᠷ ᠶᠠᠰᠤᠨ ᠰᠡᠢᠯᠦᠮᠡᠯ᠎ᠦᠨ ᠬᠢᠴᠢᠶᠡᠯ ᠥᠷᠨᠢᠭᠦᠯᠵᠦ᠍᠂ ᠨᠠᠩ ᠣᠯᠠᠨ ᠬᠡᠦᠬᠡᠳ᠎ᠲᠦ ᠶᠠᠰᠤᠨ ᠰᠡᠢᠯᠦᠮᠡᠯ᠎ᠦᠨ ᠤᠷ᠎ᠠ ᠮᠡᠷᠭᠡᠵᠢᠯ᠎ᠢ ᠪᠠᠭ᠎ᠠ᠎ᠠᠴᠠ᠎ᠨᠢ ᠣᠢᠯᠠᠭᠠᠭᠤᠯᠵᠤ᠂ ᠲᠠᠰᠤᠷᠠᠯᠲᠠ ᠥᠬᠡᠶ ᠪᠠᠳᠠᠷᠠᠭᠤᠯᠤᠨ ᠳᠡᠯᠭᠡᠷᠡᠭᠦᠯᠬᠦ᠌ ᠰᠠᠨᠠᠭ᠎ᠠ᠎ᠲᠠᠶ ᠪᠠᠢᠨ᠎ᠠ ᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃