ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2025-02-22 11:52:54

ᠵᠣᠬᠢᠶᠠᠭ᠍ᠴᠢ᠄ ᠸᠠᠩ ᠶᠠ ᠵᠢᠩ ᠣᠩᠱᠢᠭ᠍ᠰᠠᠨ ᠣᠳᠠᠭ᠎ᠠ᠄ 3

《AI ᠰᠤᠨᠤᠰᠴᠤ ᠶᠠᠷᠢᠬᠤ ᠬᠢᠴᠢᠶᠡᠯ᠎ᠦᠨ ᠲᠠᠩᠬᠢᠮ ᠨᠢ ᠡᠩ᠎ᠦᠨ ᠬᠢᠴᠢᠶᠡᠯ᠎ᠦᠨ ᠲᠠᠩᠬᠢᠮ᠎ᠢ ᠰᠣᠷᠣᠭ᠍ᠴᠢ ᠬᠢᠭᠡᠳ ᠪᠠᠭ᠍ᠰᠢ᠎ᠶ᠋ᠢᠨ ᠬᠠᠷᠢᠯᠴᠠᠨ ᠦᠶ᠋ᠯᠡᠳᠦᠯᠴᠡᠬᠦ᠌ ᠬᠢᠴᠢᠶᠡᠯ᠎ᠦᠨ ᠲᠠᠩᠬᠢᠮ ᠪᠣᠯᠭᠠᠵᠠᠶ᠂ ᠥᠷᠯᠥᠭᠡ᠎ᠶ᠋ᠢᠨ ᠤᠩᠱᠢᠯᠭ᠎ᠠ᠎ᠳᠤ ᠰᠤᠷᠤᠭ᠍ᠴᠢᠳ ᠵᠡᠷᠭᠡ᠎ᠪᠡᠷ ᠬᠢᠴᠢᠶᠡᠯ᠎ᠢᠶᠡᠨ ᠤᠩᠱᠢᠬᠤ ᠪᠡᠷ ᠵᠢᠱ᠌ᠢᠶᠡᠯᠡᠪᠡᠯ᠂ ᠡᠩ᠎ᠦᠨ ᠵᠢᠭᠠᠨ ᠰᠤᠷᠭᠠᠯᠲᠠ᠎ᠳᠤ ᠠᠯᠢ ᠬᠡᠦᠬᠡᠳ᠎ᠨᠢ ᠰᠠᠢᠨ ᠤᠩᠱᠢᠵᠤ ᠪᠠᠢᠬᠤ᠂ ᠠᠯᠢ ᠬᠡᠦᠬᠡᠳ᠎ᠢ ᠭᠤᠤᠯᠳᠠᠯᠭ᠎ᠠ ᠲᠠᠶ ᠠᠩᠬᠠᠷᠬᠤ ᠴᠢᠬᠤᠯᠠᠲᠠᠶ ᠪᠠᠢᠬᠤ᠎ᠵᠡᠷᠬᠡ᠎ᠶᠢ ᠪᠠᠭ᠍ᠰᠢ ᠪᠦᠷᠢᠮᠦᠰᠦᠨ ᠡᠵᠡᠮᠱᠢᠵᠤ ᠳᠡᠢᠯᠬᠦ᠌ ᠥᠬᠡᠶ᠃ ᠭᠡᠳᠡᠯ᠎ᠡ AI ᠰᠤᠨᠤᠰᠴᠤ ᠶᠠᠷᠢᠬᠤ ᠬᠢᠴᠢᠶᠡᠯ᠎ᠦᠨ ᠲᠠᠩᠬᠢᠮ ᠳᠡᠭᠡᠷ᠎ᠡ᠂ ᠰᠤᠷᠤᠭ᠍ᠴᠢᠳ ᠲᠣᠨᠣᠭ ᠲᠥᠬᠥᠭᠡᠷᠦᠮᠵᠢ᠎ᠵᠢ ᠠᠱᠢᠭ᠍ᠯᠠᠨ ᠤᠩᠱᠢᠵᠤ ᠳᠠᠭᠤᠰᠭᠠᠭᠠᠳ ᠡᠭᠦᠷᠭᠡ ᠪᠠᠨ ᠲᠤᠱᠢᠶᠠᠪᠠᠯ ᠱᠢᠰᠲ᠋ᠧᠮ᠎ᠨᠢ ᠠᠶᠠᠨᠳᠠᠭᠠᠨ ᠨᠢᠭᠡ ᠮᠡᠳᠡᠭᠦᠯᠦᠯᠲᠡ ᠪᠣᠯᠵᠣ ᠪᠦᠷᠢᠯᠳᠦᠳᠡᠭ᠃ ᠮᠡᠳᠡᠭᠦᠯᠦᠯᠲᠡ᠎ᠶ᠋ᠢᠨ ᠠᠭᠤᠯᠭ᠎ᠠ᠎ᠳᠤ ᠠᠩᠭᠢ᠎ᠶ᠋ᠢᠨ ᠤᠩᠱᠢᠯᠭ᠎ᠠ ᠵᠢᠨ ᠳᠤᠮᠳᠠᠴᠢ ᠬᠤᠪᠢ᠂ ᠪᠡᠶᠡᠯᠡᠭᠦᠯᠦᠭ᠌ᠰᠡᠨ ᠬᠥᠮᠦᠨ᠎ᠦ ᠲᠣᠭ᠎ᠠ᠂ ᠱᠢᠯᠢᠳᠡᠭ᠎ᠦᠨ ᠨᠣᠷᠮ᠎ᠠ᠂ ᠳᠤᠤᠷ᠎ᠠ ᠬᠤᠪᠢ᠎ᠶ᠋ᠢᠨ ᠨᠣᠷᠮ᠎ᠠ ᠵᠢ ᠳᠡᠮᠳᠡᠭᠯᠡᠵᠦ᠂ ᠪᠠᠭ᠍ᠰᠢ ᠡᠴᠡ ᠮᠡᠳᠡᠭᠦᠯᠦᠯᠲᠡ᠎ᠶ᠋ᠢ ᠦᠨᠳᠦᠰᠦᠯᠡᠨ ᠬᠠᠨᠳᠤᠯᠭᠠᠲᠤ ᠴᠢᠨᠠᠷᠲᠠᠶ᠎ᠪᠠᠷ ᠵᠢᠭᠠᠨ ᠰᠤᠷᠭᠠᠯᠲᠠ ᠬᠢᠵᠦ᠍ ᠪᠣᠯᠤᠨ᠎ᠠ》 ᠬᠡᠵᠤ ᠲᠦᠷᠦᠭᠦᠬᠡᠨ ᠺᠸ ᠳᠠ ᠱᠢᠶᠦ᠋ᠨ ᠹᠸᠢ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠎ᠶ᠋ᠢᠨ ᠥᠪᠥᠷ ᠮᠣᠩᠭᠣᠯ ᠎ᠳᠡᠬᠢ ᠬᠤᠪᠢᠶᠠᠷᠢ ᠺᠣᠮᠫᠠᠨᠢ᠎ᠶ᠋ᠢᠨ ᠰᠤᠷᠭᠠᠨ ᠬᠥᠮᠦᠵᠢᠯ᠎ᠦᠨ ᠠᠵᠢᠯ ᠲᠥᠷᠥᠯ᠎ᠦᠨ ᠶᠡᠷᠦᠩᠬᠡᠶ ᠬᠢᠨᠠᠭᠴᠢ ᠬᠥᠩ ᠶᠠ ᠴᠢ ᠲᠠᠨᠢᠯᠴᠠᠭᠤᠯᠪᠠ᠃ ᠣᠢᠯᠠᠭᠠᠭ᠍ᠰᠠᠨ᠎ᠢᠶᠠᠷ᠂ ᠺᠸ ᠳᠠ ᠱᠢᠶᠦ᠋ᠨ ᠹᠸᠢ ᠵᠡᠷᠭᠡ ᠣᠶᠤᠨᠴᠢ ᠰᠤᠷᠭᠠᠨ ᠬᠥᠮᠦᠵᠢᠯ᠎ᠦᠨ ᠲᠠᠪᠴᠠᠩ᠎ᠨᠢ ᠨᠢᠭᠡᠨᠲᠡ ᠤᠯᠠᠮ᠎ᠠᠴᠠ ᠤᠯᠠᠮ ᠣᠷᠣᠨ᠎ᠤ ᠲᠥᠪ᠎ᠦᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠡᠳᠦᠷ ᠲᠤᠲᠤᠮ᠎ᠤᠨ ᠵᠢᠭᠠᠨ ᠰᠤᠷᠭᠠᠯᠲᠠ᠎ᠳᠤ ᠬᠡᠷᠡᠭ᠌ᠯᠡᠭ᠌ᠳᠡᠬᠦ᠌ ᠪᠣᠯᠵᠠᠶ᠃

2025 ᠣᠨ᠎ᠤ ᠬᠥᠬᠡᠬᠣᠲᠠ᠎ᠶ᠋ᠢᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ》 ᠳ᠋ᠤ᠂ ᠺᠸ ᠳᠠ ᠱᠢᠶᠦ᠋ᠨ ᠹᠸᠢ ᠵᠡᠷᠭᠡ ᠣᠶᠤᠨᠴᠢ ᠰᠤᠷᠭᠠᠨ ᠬᠥᠮᠦᠵᠢᠯ᠎ᠦᠨ ᠲᠠᠪᠴᠠᠩ᠎ᠳᠤ ᠲᠦᠱᠢᠭ᠌ᠯᠡᠨ᠂ ᠬᠠᠷᠢᠯᠴᠠᠨ ᠦᠶ᠋ᠯᠡᠳᠦᠯᠴᠡᠬᠦ᠌ ᠣᠶᠤᠨᠴᠢ ᠬᠢᠴᠢᠶᠡᠯ᠎ᠦᠨ ᠲᠠᠩᠬᠢᠮ᠂ AI ᠰᠣᠨᠣᠰᠴᠤ᠌ ᠶᠠᠷᠢᠬᠤ ᠬᠢᠴᠢᠶᠡᠯ᠎ᠦᠨ ᠲᠠᠩᠬᠢᠮ᠂ ᠣᠶᠤᠨᠴᠢ ᠬᠢᠨᠠᠨ ᠦᠵᠡᠬᠦ᠌ ᠵᠡᠷᠭᠡ ᠬᠡᠷᠡᠭ᠌ᠯᠡᠭᠡᠨ᠎ᠦ ᠪᠠᠢᠳᠠᠯ᠎ᠢ ᠳᠡᠯᠭᠡᠷᠡᠭᠦᠯᠦᠨ᠎ᠡ ᠭᠡᠵᠦ᠍ ᠲᠣᠳᠣᠷᠬᠠᠶ ᠳᠤᠷᠠᠳᠴᠠᠶ᠃

ᠬᠥᠬᠡᠬᠣᠲᠠ ᠨᠢ ᠡᠳᠦᠷ ᠲᠤᠲᠤᠮ᠎ᠤᠨ ᠵᠢᠭᠠᠨ ᠰᠤᠷᠭᠠᠯᠲᠠ᠎ᠶ᠋ᠢᠨ ᠳᠤᠮᠳᠠᠬᠢ ᠣᠶᠤᠨᠴᠢ ᠰᠤᠷᠭᠠᠨ ᠬᠥᠮᠦᠵᠢᠯ᠎ᠦᠨ ᠲᠠᠪᠴᠠᠩ᠎ᠤᠨ ᠬᠡᠷᠡᠭ᠌ᠯᠡᠯᠲᠡ᠎ᠶ᠋ᠢ ᠢᠮᠠᠬᠳᠠ ᠶᠡᠬᠡ ᠪᠡᠷ ᠠᠬᠢᠭᠤᠯᠤᠭ᠍ᠰᠠᠭᠠᠷ ᠢᠷᠡᠵᠡᠶ᠃

2024 ᠣᠨ᠎ᠤ 6 ᠰᠠᠷ᠎ᠠ᠎ᠳᠤ᠂ ᠬᠥᠬᠡᠬᠣᠲᠠ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠰᠤᠳᠤᠯᠭᠠᠨ᠎ᠤ ᠲᠥᠪ ᠨᠠᠨᠵᠢᠩ ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠪᠠᠭ᠍ᠰᠢ᠎ᠶ᠋ᠢᠨ ᠰᠤᠷᠭᠠᠨ ᠬᠥᠮᠦᠵᠢᠯ᠎ᠦᠨ ᠳᠡᠭᠡᠳᠦ ᠰᠤᠷᠭᠠᠭᠤᠯᠢ᠂ ᠵᠢᠶᠠᠩᠰᠦ᠎ᠶ᠋ᠢᠨ ᠰᠢᠨ ᠴᠤᠸᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠲᠠᠶ ᠬᠠᠮᠲᠤᠷᠠᠨ ᠣᠷᠣᠨ᠎ᠤ ᠲᠥᠪ᠎ᠲᠦ AI + ᠪᠠᠭ᠍ᠰᠢ᠎ᠶ᠋ᠢᠨ ᠵᠢᠭᠠᠨ ᠰᠤᠷᠭᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠳᠦ ᠬᠦᠴᠦᠨ ᠨᠡᠮᠡᠷᠢᠯᠡᠬᠦ᠌ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠵᠤ᠂ ᠮᠡᠳᠡᠭᠡ ᠵᠠᠩᠭᠢ᠎ᠶ᠋ᠢᠨ ᠮᠡᠷᠭᠡᠵᠢᠯ ᠬᠢᠭᠡᠳ ᠪᠠᠭ᠍ᠰᠢ᠎ᠶ᠋ᠢᠨ ᠰᠤᠷᠭᠠᠨ ᠬᠥᠮᠦᠵᠢᠯ᠎ᠦᠨ ᠭᠦᠨᠵᠡᠭᠡᠶ ᠠᠭᠤᠰᠤᠯᠴᠠᠯ᠎ᠢ ᠤᠯᠠᠮ ᠨᠢᠭᠡ ᠠᠯᠬᠤᠮ ᠠᠬᠢᠭᠤᠯᠤᠨ᠂ ᠬᠤᠷᠠᠯ᠎ᠠᠴᠠ ᠪᠠᠰᠠ ᠵᠣᠬᠢᠶᠠᠮᠠᠯ ᠣᠶᠤᠨ ᠴᠢᠳᠠᠪᠤᠷᠢ᠎ᠶ᠋ᠢᠨ ᠪᠠᠭ᠍ᠰᠢ᠎ᠶ᠋ᠢᠨ ᠵᠢᠭᠠᠨ ᠰᠤᠷᠭᠠᠯᠲᠠ ᠬᠢᠭᠡᠳ ᠦᠨᠡᠯᠡᠯᠲᠡ᠎ᠶ᠋ᠢᠨ ᠥᠭᠡᠷᠡᠴᠢᠯᠡᠯᠲᠡ ᠳᠤᠮᠳᠠᠬᠢ ᠱᠢᠨ᠎ᠡ᠎ᠶ᠋ᠢ ᠡᠭᠦᠳᠬᠦ᠌ ᠬᠡᠷᠡᠭ᠌ᠯᠡᠯᠲᠡ᠎ᠶ᠋ᠢ ᠰᠤᠳᠤᠯᠤᠨ ᠶᠠᠷᠢᠯᠴᠠᠭ᠍ᠰᠠᠨ᠎ᠤ ᠬᠠᠮᠲᠤ ᠡᠮᠦᠨᠡᠬᠢ ᠬᠤᠭᠤᠴᠠᠭᠠᠨ᠎ᠤ ᠪᠠᠭ᠍ᠰᠢ᠎ᠶ᠋ᠢᠨ ᠬᠢᠴᠢᠶᠡᠯ ᠣᠷᠣᠬᠤ ᠵᠠᠳᠠᠯᠤᠯᠲᠠ᠎ᠶ᠋ᠢᠨ ᠦᠷ᠎ᠡ ᠪᠦᠲᠦᠭᠡᠯ᠎ᠢ ᠬᠤᠪᠢᠶᠠᠯᠴᠠᠪᠠ᠃

ᠲᠣᠰ ᠡᠳᠦᠷ ᠬᠤᠷᠠᠯ᠎ᠳᠤ ᠣᠷᠣᠯᠴᠠᠭ᠍ᠰᠠᠨ ᠲᠦᠩ ᠽᠠᠢ ᠫᠢᠩ᠂ ᠬᠤᠤ ᠴᠧᠨ ᠷᠦ ᠪᠣᠯᠤᠨ ᠹᠸᠩ ᠬᠣᠶ ᠮᠢᠨ ᠵᠡᠷᠬᠡ 3 ᠪᠠᠭ᠍ᠰᠢ AI ᠱᠢᠰᠲ᠋ᠧᠮ᠎ᠤᠨ ᠬᠡᠷᠡᠭ᠌ᠯᠡᠯᠳᠡ ᠵᠢᠨ ᠶᠠᠪᠤᠴᠠ᠎ᠳᠠᠬᠢ ᠲᠥᠷᠥᠭ᠌ᠳᠡᠯ᠎ᠢᠶᠡᠨ ᠬᠤᠪᠢᠶᠠᠯᠴᠠᠭ᠍ᠰᠠᠨ᠎ᠤ ᠳᠠᠷᠠᠭ᠎ᠠ᠂ AI ᠱᠢᠰᠲ᠋ᠧᠮ᠎ᠦᠨ ᠬᠠᠪᠰᠤᠷᠤᠯᠭ᠎ᠠ᠎ᠪᠠᠷ ᠳᠠᠮᠵᠢᠨ᠂ ᠪᠠᠭ᠍ᠰᠢ ᠨᠠᠷ ᠥᠪᠡᠷ᠎ᠦᠨ ᠵᠢᠭᠠᠨ ᠰᠤᠷᠭᠠᠯᠲᠠ᠎ᠶ᠋ᠢᠨ ᠢᠯᠡᠷᠡᠯ᠎ᠢᠶᠡᠨ ᠨᠠᠩ ᠪᠤᠰᠤᠳᠴᠢ᠎ᠪᠠᠷ ᠣᠢᠯᠠᠭᠠᠵᠤ᠂ ᠵᠢᠭᠠᠨ ᠰᠤᠷᠭᠠᠯᠲᠠ᠎ᠶ᠋ᠢᠨ ᠠᠷᠭ᠎ᠠ ᠪᠣᠳᠣᠯᠭ᠎ᠠ᠎ᠪᠠᠨ ᠴᠠᠭ ᠲᠤᠬᠠᠶ᠎ᠳᠤᠨᠢ ᠲᠣᠬᠢᠷᠠᠭᠤᠯᠵᠤ᠂ ᠵᠢᠭᠠᠨ ᠰᠤᠷᠭᠠᠯᠲᠠ᠎ᠶ᠋ᠢᠨ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠵᠦ᠍ ᠴᠢᠳᠠᠨ᠎ᠠ ᠭᠡᠵᠦ ᠢᠯᠡᠷᠬᠡᠢᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面