ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-08-04 12:10:21

ᠵᠣᠬᠢᠶᠠᠭ᠍ᠴᠢ᠄ ᠸ·ᠬᠡᠷᠡᠯᠳᠤ ᠣᠩᠱᠢᠭ᠍ᠰᠠᠨ ᠣᠳᠠᠭ᠎ᠠ᠄ 3

ᠣᠢᠷ᠎ᠠ᠎ᠳᠤ᠂ ᠠᠷᠠᠳ᠎ᠤᠨ ᠡᠷᠡᠭᠦᠯ ᠬᠠᠮᠠᠭᠠᠯᠠᠯ᠎ᠤᠨ ᠬᠡᠪᠯᠡᠯ᠎ᠦᠨ ᠬᠣᠷᠢᠶ᠎ᠠ᠎ᠡᠴᠡ ᠬᠡᠪᠯᠡᠭᠦᠯᠦᠭ᠌ᠰᠡᠨ ᠳᠡᠭᠡᠳᠦ ᠵᠡᠷᠭᠡ᠎ᠶ᠋ᠢᠨ ᠰᠤᠷᠭᠠᠭᠤᠯᠢ᠎ᠶ᠋ᠢᠨ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠱᠢᠨ᠎ᠡ᠎ᠡᠭᠦᠳᠦᠯᠲᠡ᠎ᠵᠢᠨ ᠵᠢᠭᠠᠬᠤ ᠮᠠᠲ᠋ᠧᠷᠢᠶᠠᠯ 《ᠮᠣᠩᠭᠣᠯ ᠠᠨᠠᠭᠠᠬᠤ ᠤᠬᠠᠭᠠᠨ》 ᠢ᠋ ᠵᠢᠩᠬᠢᠨᠢ᠎ᠪᠡᠷ ᠨᠡᠢᠲᠡᠯᠡᠵᠦ᠍᠂ ᠮᠠᠰᠢ ᠣᠯᠠᠨ ᠬᠢᠲᠠᠳ ᠮᠣᠩᠭᠣᠯ ᠡᠮ ᠡᠮᠨᠡᠯᠭᠡ᠎ᠶ᠋ᠢᠨ ᠰᠤᠷᠭᠠᠨ ᠬᠥᠮᠦᠵᠢᠯ᠎ᠦᠨ ᠡᠳᠡᠭᠡᠳ᠎ᠤᠨ ᠬᠢᠨ᠎ᠤ ᠠᠩᠬᠠᠷᠤᠯ᠎ᠢ ᠲᠠᠲᠠᠪᠠ᠃

ᠲᠠᠨᠢᠯᠴᠠᠭᠤᠯᠤᠭ᠍ᠰᠠᠨ᠎ᠢᠶᠠᠷ᠂ ᠲᠣᠰ ᠵᠢᠭᠠᠬᠤ ᠮᠠᠲ᠋ᠧᠷᠢᠶᠠᠯ᠎ᠢ ᠪᠤᠭᠤᠲᠤ᠎ᠶ᠋ᠢᠨ ᠠᠨᠠᠭᠠᠬᠤ ᠤᠬᠠᠭᠠᠨ᠎ᠤ ᠳᠡᠭᠡᠳᠦ ᠰᠤᠷᠭᠠᠭᠤᠯᠢ᠎ᠶ᠋ᠢᠨ ᠠᠭᠤᠯᠠ ᠫᠷᠤᠹᠧᠰᠰᠤᠷ ᠭᠤᠤᠯᠯᠠᠨ ᠨᠠᠢᠷᠠᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠡᠷ ᠨᠠᠢᠷᠠᠭᠤᠯᠤᠨ ᠪᠢᠴᠢᠵᠦ᠍᠂ ᠵᠢᠭᠠᠬᠤ ᠮᠠᠲ᠋ᠧᠷᠢᠶᠠᠯ᠎ᠳᠤ ᠮᠣᠩᠭᠣᠯ ᠠᠨᠠᠭᠠᠬᠤ ᠤᠬᠠᠭᠠᠨ᠎ᠤ ᠰᠣᠶᠣᠯ᠎ᠤᠨ ᠬᠥᠭ᠌ᠵᠢᠯᠲᠡ᠎ᠶ᠋ᠢᠨ ᠰᠤᠳᠠᠰᠤ᠂ ᠮᠣᠩᠭᠣᠯ ᠠᠨᠠᠭᠠᠬᠤ ᠤᠬᠠᠭᠠᠨ᠎ᠤ ᠰᠠᠭᠤᠷᠢ᠂ ᠮᠣᠩᠭᠣᠯ ᠠᠨᠠᠭᠠᠬᠤ ᠤᠬᠠᠭᠠᠨ᠎ᠤ ᠪᠠᠢᠩᠭᠤ ᠬᠡᠷᠡᠭ᠌ᠯᠡᠬᠦ᠌ ᠡᠮᠴᠢᠯᠡᠭᠡᠨ᠎ᠦ ᠮᠡᠷᠭᠡᠵᠢᠯ ᠵᠢᠴᠢ ᠮᠣᠩᠭᠣᠯ ᠠᠨᠠᠭᠠᠬᠤ ᠤᠬᠠᠭᠠᠨ᠎ᠤ ᠡᠮᠴᠢᠯᠡᠭᠡ ᠵᠡᠷᠭᠡ ᠲᠠᠯ᠎ᠠ᠎ᠪᠠᠷ ᠮᠣᠩᠭᠣᠯ ᠠᠨᠠᠭᠠᠬᠤ ᠤᠬᠠᠭᠠᠨ᠎ᠢ ᠱᠢᠰᠲ᠋ᠧᠮ᠎ᠲᠡᠶ ᠡᠮᠬᠢᠳᠭᠡᠨ ᠲᠣᠳᠣᠷᠬᠠᠢᠯᠠᠪᠠ᠃

ᠮᠣᠩᠭᠣᠯ ᠠᠨᠠᠭᠠᠬᠤ ᠤᠬᠠᠭᠠᠨ᠎ᠨᠢ ᠳᠤᠮᠳᠠᠳᠤ ᠤᠯᠤᠰ᠎ᠤᠨ ᠤᠯᠠᠮᠵᠢᠯᠠᠯᠲᠤ ᠠᠨᠠᠭᠠᠬᠤ ᠤᠬᠠᠭᠠᠨ᠎ᠤ ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ᠎ᠤ ᠬᠤᠪᠢ᠎ᠳᠤ᠂ ᠡᠯᠪᠡᠭ ᠪᠠᠶᠠᠯᠢᠭ ᠦᠨᠳᠦᠰᠦᠲᠡᠨ᠎ᠦ ᠰᠣᠶᠣᠯ ᠪᠠ ᠠᠨᠠᠭᠠᠬᠤ ᠤᠬᠠᠭᠠᠨ᠎ᠤ ᠣᠶᠤᠨ ᠤᠬᠠᠭᠠᠨ᠎ᠢ ᠠᠴᠢᠶᠠᠯᠠᠵᠤ ᠪᠠᠢᠳᠠᠭ᠂ ᠲᠡᠭᠦᠨ᠎ᠦ ᠬᠥᠭ᠌ᠵᠢᠯᠲᠡ᠎ᠨᠢ ᠦᠨᠳᠦᠰᠦᠲᠡᠨ᠎ᠦ ᠡᠮ ᠡᠮᠨᠡᠯᠭᠡ᠎ᠶ᠋ᠢᠨ ᠤᠯᠠᠮᠵᠢᠯᠠᠯ᠎ᠳᠤ ᠬᠣᠯᠪᠣᠭ᠍ᠳᠠᠬᠤ ᠪᠠᠷ ᠪᠠᠷᠠᠬᠤ ᠥᠬᠡᠶ᠂ ᠪᠠᠰᠠ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ᠂ ᠰᠣᠶᠣᠯ᠎ᠤᠨ ᠢᠲᠡᠭᠡᠯ᠎ᠢ ᠪᠠᠲᠤᠳᠭᠠᠬᠤ ᠴᠢᠬᠤᠯᠠ ᠠᠷᠭ᠎ᠠ ᠵᠠᠮ ᠪᠣᠯᠤᠨ᠎ᠠ᠃

ᠣᠢᠷ᠎ᠠ᠎ᠶ᠋ᠢᠨ ᠵᠢᠯ ᠡᠴᠡ ᠨᠠᠭᠠᠰᠢ᠂ ᠪᠤᠭᠤᠲᠤ᠎ᠶ᠋ᠢᠨ ᠠᠨᠠᠭᠠᠬᠤ ᠤᠬᠠᠭᠠᠨ᠎ᠤ ᠳᠡᠭᠡᠳᠦ ᠰᠤᠷᠭᠠᠭᠤᠯᠢ ᠬᠢᠲᠠᠳ ᠡᠮ ᠡᠮᠨᠡᠯᠭᠡ᠎ᠶ᠋ᠢᠨ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶ᠋ᠢᠨ ᠬᠦᠷᠢᠶᠡᠨ᠎ᠳᠦ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠲᠠᠳ ᠡᠮ ᠡᠮᠨᠡᠯᠭᠡ᠎ᠶ᠋ᠢᠨ ᠬᠠᠤᠯᠢ》 ᠶ᠋ᠢᠨ ᠱᠠᠭᠠᠷᠳᠠᠯᠭ᠎ᠠ᠎ᠶ᠋ᠢ ᠢᠳᠡᠪᠬᠢᠲᠡᠶ ᠲᠤᠭᠤᠱᠢᠯᠠᠭᠤᠯᠵᠤ᠂ ᠬᠢᠲᠠᠳ ᠮᠣᠩᠭᠣᠯ ᠡᠮᠨᠡᠯᠭᠡ᠎ᠶ᠋ᠢ ᠬᠠᠮᠵᠢᠯᠴᠠᠭᠤᠯᠤᠨ ᠵᠢᠭᠠᠨ ᠰᠤᠷᠭᠠᠵᠤ᠂ ᠮᠣᠩᠭᠣᠯ ᠠᠨᠠᠭᠠᠬᠤ ᠤᠬᠠᠭᠠᠨ᠎ᠤ ᠬᠢᠴᠢᠶᠡᠯ᠎ᠦᠨ ᠱᠢᠰᠲ᠋ᠧᠮ᠎ᠤᠨ ᠪᠠᠢᠭᠤᠯᠤᠯᠲᠠ᠎ᠶ᠋ᠢ ᠥᠷᠨᠢᠭᠦᠯᠵᠦ᠂ ᠵᠢᠭᠠᠬᠤ ᠮᠠᠲ᠋ᠧᠷᠢᠶᠠᠯ᠂ ᠪᠠᠭ᠍ᠰᠢ᠎ᠶ᠋ᠢᠨ ᠡᠩᠨᠡᠭᠡ ᠪᠠ ᠦᠶ᠋ᠯᠡᠳᠦᠯᠭᠡ᠎ᠶ᠋ᠢᠨ ᠰᠠᠭᠤᠷᠢᠨ ᠵᠡᠷᠭᠡ ᠲᠠᠯ᠎ᠠ᠎ᠶ᠋ᠢᠨ ᠪᠠᠢᠭᠤᠯᠤᠯᠲᠠ᠎ᠶ᠋ᠢ ᠲᠠᠰᠤᠷᠠᠯᠲᠠ ᠥᠬᠡᠶ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠬᠢᠲᠠᠳ ᠡᠮ ᠡᠮᠨᠡᠯᠭᠡ᠎ᠶ᠋ᠢᠨ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶ᠋ᠢᠨ ᠪᠥᠬᠥ᠌ ᠶᠠᠪᠤᠴᠠ᠎ᠳᠤ ᠠᠭᠤᠰᠭᠠᠨ ᠣᠷᠣᠭᠤᠯᠪᠠ᠃

2020 ᠣᠨ᠎ᠳᠤ᠂ ᠪᠤᠭᠤᠲᠤ᠎ᠶ᠋ᠢᠨ ᠠᠨᠠᠭᠠᠬᠤ ᠤᠬᠠᠭᠠᠨ᠎ᠤ ᠳᠡᠭᠡᠳᠦ ᠰᠤᠷᠭᠠᠭᠤᠯᠢ ᠬᠢᠲᠠᠳ ᠡᠮᠨᠡᠯᠭᠡ᠎ᠶ᠋ᠢᠨ ᠲᠤᠰᠭᠠᠶ ᠮᠡᠷᠭᠡᠵᠢᠯ᠎ᠦᠨ ᠵᠢᠩᠬᠢᠨᠢ ᠠᠩᠭᠢ᠎ᠶ᠋ᠢᠨ ᠰᠣᠷᠣᠭ᠍ᠴᠢ᠎ᠳᠤ ᠲᠤᠰᠭᠠᠶ ᠮᠡᠷᠭᠡᠵᠢᠯ᠎ᠦᠨ 《ᠮᠣᠩᠭᠣᠯ ᠠᠨᠠᠭᠠᠬᠤ ᠤᠬᠠᠭᠠᠨ》 ᠤ᠋ ᠰᠣᠩᠭᠣᠨ ᠰᠤᠷᠬᠤ ᠬᠢᠴᠢᠶᠡᠯ᠎ᠢ ᠨᠡᠭᠡᠭᠡᠬᠦ᠌᠎ᠶ᠋ᠢᠨ ᠬᠠᠮᠲᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠡᠷ ᠨᠠᠢᠷᠠᠭᠤᠯᠤᠨ ᠪᠢᠴᠢᠭ᠌ᠰᠡᠨ 《ᠮᠣᠩᠭᠣᠯ ᠠᠨᠠᠭᠠᠬᠤ ᠤᠬᠠᠭᠠᠨ》 ᠤ᠋ ᠰᠤᠷᠭᠠᠭᠤᠯᠢ᠎ᠶ᠋ᠢᠨ ᠳᠣᠲᠣᠷ᠎ᠠ ᠥᠪᠡᠰᠦᠪᠡᠨ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠪᠡ; 2021 ᠣᠨ᠎ᠳᠤ᠂ ᠬᠢᠲᠠᠳ ᠠᠨᠠᠭᠠᠬᠤ ᠤᠬᠠᠭᠠᠨ᠎ᠤ ᠵᠢᠩᠬᠢᠨᠢ ᠠᠩᠭᠢ᠎ᠶ᠋ᠢᠨ ᠲᠤᠰᠭᠠᠶ ᠮᠡᠷᠭᠡᠵᠢᠯ᠎ᠦᠨ ᠬᠥᠮᠦᠵᠢᠭᠦᠯᠬᠦ᠌ ᠲᠥᠰᠦᠯ᠎ᠳᠦ᠂ 《ᠮᠣᠩᠭᠣᠯ ᠠᠨᠠᠭᠠᠬᠤ ᠤᠬᠠᠭᠠᠨ》 ᠢ᠋ ᠲᠤᠰᠭᠠᠶ ᠮᠡᠷᠭᠡᠵᠢᠯ᠎ᠦᠨ ᠵᠠᠪᠠᠯ ᠰᠤᠷᠬᠤ ᠬᠢᠴᠢᠶᠡᠯ ᠪᠣᠯᠭᠠᠨ ᠲᠣᠬᠢᠷᠠᠭᠤᠯᠵᠤ᠂ ᠬᠣᠶᠠᠳᠤᠭᠠᠷ ᠬᠡᠪᠯᠡᠯ᠎ᠦᠨ 《ᠮᠣᠩᠭᠣᠯ ᠠᠨᠠᠭᠠᠬᠤ ᠤᠬᠠᠭᠠᠨ》 ᠤ᠋ ᠰᠤᠷᠭᠠᠭᠤᠯᠢ᠎ᠶ᠋ᠢᠨ ᠳᠣᠲᠣᠷ᠎ᠠ ᠥᠪᠡᠰᠦᠪᠡᠨ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠡᠬᠢᠯᠡᠨ ᠬᠡᠷᠡᠭ᠌ᠯᠡᠪᠡ᠃ ᠬᠡᠳᠦᠨ ᠵᠢᠯ᠎ᠦᠨ ᠲᠤᠷᠰᠢ᠂ ᠰᠤᠷᠭᠠᠭᠤᠯᠢ᠎ᠶ᠋ᠢᠨ ᠳᠣᠲᠣᠨ᠎ᠠ ᠭᠠᠳᠠᠨᠠᠬᠢ ᠬᠢᠲᠠᠳ ᠮᠣᠩᠭᠣᠯ ᠠᠨᠠᠭᠠᠬᠤ ᠤᠬᠠᠭᠠᠨ᠎ᠤ ᠬᠦᠷᠢᠶᠡᠨ᠎ᠳᠡᠬᠢ ᠤᠯᠠᠨ ᠲᠤᠰᠭᠠᠢ ᠮᠡᠷᠭᠡᠵᠢᠯᠲᠡᠨ ᠡᠷᠳᠡᠮᠲᠡᠳ᠎ᠦᠨ ᠱᠢᠷᠭᠠᠭᠤ ᠴᠢᠷᠮᠠᠢᠯᠭ᠎ᠠ᠎ᠪᠠᠷ ᠳᠠᠮᠵᠢᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠪᠯᠡᠯ᠎ᠦᠨ 《ᠮᠣᠩᠭᠣᠯ ᠠᠨᠠᠭᠠᠬᠤ ᠤᠬᠠᠭᠠᠨ》 ᠤ᠋ ᠵᠢᠭᠠᠬᠤ ᠮᠠᠲ᠋ᠧᠷᠢᠶᠠᠯ ᠡᠳᠦᠷ ᠢᠷᠡᠬᠦᠶ᠎ᠡ ᠲᠡᠭᠦᠯᠳᠡᠷᠵᠢᠪᠡ᠃ ᠵᠢᠭᠠᠬᠤ ᠮᠠᠲ᠋ᠧᠷᠢᠶᠠᠯ᠎ᠨᠢ ᠮᠣᠩᠭᠣᠯ ᠡᠮᠨᠡᠯᠭᠡ᠎ᠶ᠋ᠢᠨ ᠣᠨᠣᠯ ᠬᠢᠭᠡᠳ ᠡᠮᠴᠢᠯᠡᠭᠡᠨ᠎ᠦ ᠦᠶ᠋ᠯᠡᠳᠦᠯᠭᠡ᠎ᠶ᠋ᠢ ᠣᠷᠭᠠᠨᠢᠭ᠎ᠢᠶᠠᠷ ᠤᠶᠠᠯᠳᠤᠭᠤᠯᠬᠤ᠎ᠶ᠋ᠢ ᠴᠢᠬᠤᠯᠠᠴᠢᠯᠠᠵᠤ᠂ ᠬᠢᠲᠠᠳ ᠡᠮᠨᠡᠯᠭᠡ᠎ᠶ᠋ᠢᠨ ᠰᠣᠶᠣᠯ᠎ᠤᠨ ᠠᠶ᠂ ᠡᠮᠴᠢᠯᠡᠭᠡᠨ᠎ᠦ ᠤᠷ᠎ᠠ ᠴᠢᠳᠠᠪᠤᠷᠢ ᠪᠠ ᠡᠮᠴᠢᠯᠡᠭᠡᠨ᠎ᠦ ᠠᠷᠭ᠎ᠠ ᠪᠠᠷᠢᠯ᠎ᠢ ᠶᠡᠬᠡ ᠪᠡᠷ ᠥᠷᠭᠡᠳᠭᠡᠭ᠌ᠰᠡᠨ ᠪᠥᠭᠡᠳ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠦᠶ᠋ᠯᠡᠳᠦᠯᠭᠡ᠎ᠪᠡᠷ ᠳᠠᠮᠵᠢᠭᠤᠯᠤᠨ 《ᠮᠣᠩᠭᠣᠯ ᠠᠨᠠᠭᠠᠬᠤ ᠤᠬᠠᠭᠠᠨ》 ᠢ᠋ ᠦᠨᠡᠨ ᠬᠦ᠌ ᠬᠢᠲᠠᠳ ᠡᠮᠨᠡᠯᠭᠡ᠎ᠶ᠋ᠢᠨ ᠬᠢᠴᠢᠶᠡᠯ᠎ᠦᠨ ᠱᠢᠰᠲ᠋ᠧᠮ᠎ᠳᠦ ᠣᠷᠣᠭᠤᠯᠵᠤ᠂ ᠦᠨᠳᠦᠰᠦᠲᠡᠨ᠎ᠦ ᠡᠮ ᠡᠮᠨᠡᠯᠭᠡ᠎ᠶ᠋ᠢ ᠬᠢᠲᠠᠳ ᠡᠮᠨᠡᠯᠭᠡ ᠶ᠋ᠢᠨ ᠲᠤᠰᠭᠠᠶ ᠮᠡᠷᠭᠡᠵᠢᠯ᠎ᠦᠨ ᠮᠡᠳᠡᠯᠭᠡ᠎ᠶ᠋ᠢᠨ ᠪᠦᠲᠦᠴᠡ᠎ᠶ᠋ᠢᠨ ᠰᠠᠯᠵᠤ ᠪᠣᠯᠤᠰᠢ ᠥᠬᠡᠶ ᠨᠢᠭᠡ ᠬᠡᠰᠡᠭ ᠪᠣᠯᠭᠠᠭ᠍ᠰᠠᠨ ᠪᠠᠢᠨ᠎ᠠ᠃

ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠪᠯᠡᠯ᠎ᠤᠨ 《ᠮᠣᠩᠭᠣᠯ ᠠᠨᠠᠭᠠᠬᠤ ᠤᠬᠠᠭᠠᠨ》 ᠤ᠋ ᠵᠢᠭᠠᠬᠤ ᠮᠠᠲ᠋ᠧᠷᠢᠶᠠᠯ᠎ᠢ ᠬᠡᠪᠯᠡᠨ ᠨᠡᠢᠲᠡᠯᠡᠭ᠌ᠰᠡᠨ᠎ᠨᠢ ᠮᠣᠩᠭᠣᠯ ᠠᠨᠠᠭᠠᠬᠤ ᠤᠬᠠᠭᠠᠨ᠎ᠤ ᠱᠢᠨᠵᠢᠯᠡᠭᠡᠨ᠎ᠦ ᠰᠠᠯᠠᠭ᠎ᠠ᠎ᠶ᠋ᠢᠨ ᠪᠠᠢᠭᠤᠯᠤᠯᠲᠠ ᠪᠠ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠬᠦᠴᠦᠲᠡᠶ ᠠᠬᠢᠭᠤᠯᠵᠤ᠂ ᠱᠢᠨ᠎ᠡ ᠴᠠᠭ ᠦᠶ᠎ᠡ᠎ᠶ᠋ᠢᠨ ᠮᠣᠩᠭᠣᠯ ᠡᠮ ᠡᠮᠨᠡᠯᠭᠡ᠎ᠶ᠋ᠢᠨ ᠤᠯᠠᠮᠵᠢᠯᠠᠭᠳᠠᠬᠤ ᠪᠠ ᠱᠢᠨ᠎ᠡ᠎ᠶ᠋ᠢ ᠡᠭᠦᠳᠦᠨ ᠬᠥᠭ᠌ᠵᠢᠬᠦ᠌᠎ᠳᠦ ᠣᠶᠤᠨ᠎ᠤ ᠳᠡᠮᠵᠢᠯᠭᠡ ᠬᠠᠩᠭᠠᠵᠤ᠂ ᠱᠢᠨ᠎ᠡ ᠨᠢᠭᠡ ᠦᠶ᠎ᠡ᠎ᠶ᠋ᠢᠨ ᠮᠣᠩᠭᠣᠯ ᠠᠨᠠᠭᠠᠬᠤ ᠤᠬᠠᠭᠠᠨ᠎ᠤ ᠴᠢᠳᠠᠪᠤᠷᠢᠲᠠᠨ᠎ᠢ ᠬᠥᠮᠦᠵᠢᠭᠦᠯᠬᠦ᠌᠎ᠳᠦ ᠴᠢᠬᠤᠯᠠ ᠲᠤᠯᠭᠠᠭᠤᠷᠢᠯᠠᠯ ᠬᠠᠩᠭᠠᠵᠤ᠂ ᠮᠣᠩᠭᠣᠯ ᠠᠨᠠᠭᠠᠬᠤ ᠤᠬᠠᠭᠠᠨ᠎ᠤ ᠣᠳᠣᠬᠢᠴᠢᠯᠠᠯᠲᠠ᠎ᠶ᠋ᠢᠨ ᠠᠬᠢᠴᠠ᠂ ᠠᠷᠠᠳ ᠲᠦᠮᠡᠨ᠎ᠦ ᠡᠷᠡᠭᠦᠯ ᠮᠡᠨᠳᠦ᠍᠎ᠶ᠋ᠢᠨ ᠦᠶ᠋ᠯᠡᠰ᠎ᠲᠦ ᠦᠶ᠋ᠯᠡᠴᠢᠯᠡᠬᠦ᠌᠎ᠳᠦ ᠴᠢᠬᠤᠯᠠ ᠠᠴᠢ ᠬᠣᠯᠪᠣᠭ᠍ᠳᠠᠯ ᠪᠠ ᠠᠯᠤᠰ ᠬᠡᠲᠦ᠍᠎ᠶ᠋ᠢᠨ ᠨᠥᠯᠥᠭᠡ ᠦᠵᠡᠭᠦᠯᠬᠦ᠌ ᠪᠣᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面