ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2025-05-23 10:48:08

ᠵᠣᠬᠢᠶᠠᠭ᠍ᠴᠢ᠄ ᠸᠠᠩ ᠶᠠ ᠵᠢᠩ ᠣᠩᠱᠢᠭ᠍ᠰᠠᠨ ᠣᠳᠠᠭ᠎ᠠ᠄ 3

《ᠡᠨᠡ ᠤᠳᠠᠭ᠎ᠠ᠎ᠶ᠋ᠢᠨ ᠪᠣᠯᠪᠠᠰᠤᠷᠠᠯ᠎ᠳᠤ᠂ ᠨᠢᠭᠡᠨ ᠲᠤᠰᠭᠠᠢ ᠮᠡᠷᠭᠡᠵᠢᠯᠲᠡᠨ᠎ᠦ ᠬᠡᠯᠡᠭᠰᠡᠨ ᠦᠭᠡ ᠨᠠᠳᠠ᠎ᠳᠤ ᠭᠦᠨ ᠰᠠᠭᠤᠭ᠍ᠳᠠᠯ ᠦᠯᠡᠳᠡᠭᠡᠵᠡᠢ — ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠨᠢ ᠰᠣᠯᠢᠯᠴᠠᠭᠠᠨ᠎ᠤ ᠪᠠᠭᠠᠵᠢ ᠪᠣᠯᠬᠤ᠎ᠪᠠᠷ ᠪᠠᠷᠠᠬᠤ ᠦᠬᠡᠢ᠂ ᠨᠡᠩ ᠴᠤ᠌ ᠰᠣᠶᠣᠯ᠎ᠤᠨ ᠬᠣᠯᠪᠣᠭᠠᠰᠤ ᠪᠤᠯᠤᠨ᠎ᠠ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠴᠤ᠌ ᠬᠡᠦᠬᠡᠳ᠎ᠲᠦ ᠰᠣᠶᠣᠯ᠎ᠤᠨ ᠢᠲᠡᠭᠡᠯ᠎ᠤᠨ ᠰᠠᠭᠤᠷᠢ᠎ᠶ᠋ᠢ ᠲᠠᠯᠪᠢᠵᠤ ᠥᠭ᠌ᠬᠦ ᠬᠡᠷᠡᠭ᠌ᠲᠡᠶ᠃ ᠡᠨᠡ ᠨᠢ ᠨᠠᠳᠠ᠎ᠶ᠋ᠢ ᠡᠳᠦᠷ ᠲᠤᠲᠤᠮ᠎ᠤᠨ ᠵᠢᠭᠠᠨ ᠰᠤᠷᠭᠠᠯᠲᠠ ᠳᠤᠮᠳᠠ ᠨᠤᠲᠤᠭ᠎ᠤᠨ ᠠᠶᠠᠯᠭᠤᠨ᠎ᠤ ᠳᠠᠳᠭᠠᠯ᠎ᠡᠴᠡ ᠪᠣᠯᠵᠤ ᠠᠪᠢᠶᠠᠯᠠᠬᠤ ᠨᠠᠷᠢᠨ ᠵᠦᠶ᠋ᠯᠡᠰ᠎ᠢ ᠣᠮᠲᠣᠭᠠᠢᠯᠠᠭᠰᠠᠨ ᠡᠰᠡᠬᠦ᠌᠂ ᠬᠢᠴᠢᠶᠡᠯ᠎ᠦᠨ ᠲᠠᠩᠬᠢᠮ᠎ᠤᠨ ᠭᠠᠳᠠᠨ᠎ᠠ ᠪᠠᠰᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠬᠡᠷᠡᠭ᠌ᠯᠡᠭᠰᠡᠨ ᠡᠰᠡᠬᠦ᠎ᠲᠤᠬᠠᠢ ᠨᠡᠷᠢᠨ ᠰᠡᠳᠬᠢᠬᠦᠯᠪᠡ》 ᠭᠡᠵᠦ᠍ ᠥᠪᠥᠷ ᠮᠣᠩᠭᠣᠯ᠎ᠤᠨ ᠭᠤᠷᠪᠠᠳᠤᠭᠠᠷ ᠪᠠᠷᠢᠯᠭ᠎ᠠ᠎ᠶ᠋ᠢᠨ ᠢᠨᠵᠧᠨᠧᠷᠢᠩ᠎ᠦᠨ ᠬᠢᠵᠠᠭᠠᠷᠲᠤ ᠺᠣᠮᠫᠠᠨᠢ᠎ᠶ᠋ᠢᠨ ᠬᠡᠦᠬᠡᠳ᠎ᠦᠨ ᠴᠡᠴᠡᠷᠯᠢᠭ᠎ᠦᠨ ᠪᠠᠭ᠍ᠰᠢ ᠪᠢᠶᠠᠨ ᠵᠢᠶᠠ ᠨᠢᠩ ᠬᠡᠯᠡᠪᠡ᠃

4 ᠰᠠᠷ᠎ᠠ᠎ᠶ᠋ᠢᠨ ᠡᠬᠢ᠎ᠪᠡᠷ᠂ ᠬᠥᠬᠡᠬᠣᠲᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠰᠤᠷᠭᠠᠨ ᠬᠥᠮᠦᠵᠢᠯ᠎ᠦᠨ ᠲᠣᠪᠴᠢᠶ᠎ᠠ ᠣᠷᠣᠨ᠎ᠤ ᠬᠠᠷᠢᠶ᠎ᠠ 39 ᠬᠡᠦᠬᠡᠳ᠎ᠦᠨ ᠴᠡᠴᠡᠷᠯᠢᠭ᠎ᠦᠨ 450 ᠭᠠᠷᠤᠶ ᠲᠤᠰᠭᠠᠶ ᠪᠠᠭ᠍ᠰᠢ᠎ᠶ᠋ᠢ ᠵᠣᠬᠢᠶᠠᠨ ᠪᠠᠢᠭᠤᠯᠵᠤ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠦᠭᠡ ᠬᠡᠯᠡ ᠥᠰᠥᠭ ᠪᠢᠴᠢᠭ᠎ᠦᠨ ᠠᠵᠢᠯ᠎ᠤᠨ ᠵᠥᠪᠯᠡᠯ᠎ᠦᠨ ᠠᠯᠪᠠᠨ ᠬᠡᠷ᠎ᠦᠨ ᠭᠤᠤᠯᠯᠠᠨ ᠡᠷᠭᠢᠯᠡᠭ᠌ᠰᠡᠨ 《ᠨᠡᠢᠲᠡᠯᠢᠭ ᠬᠡᠯᠡᠨ᠎ᠦ ᠤᠷᠠᠨ ᠤᠩᠱᠢᠯᠭ᠎ᠠ》 ᠶ᠋ᠢᠨ ᠲᠤᠰᠭᠠᠶ ᠰᠡᠳᠦᠪᠲᠦ ᠪᠣᠯᠪᠠᠰᠤᠷᠠᠯ᠎ᠳᠤ ᠣᠷᠣᠯᠴᠠᠭᠤᠯᠪᠠ᠃ ᠪᠣᠯᠪᠠᠰᠤᠷᠠᠯ᠎ᠨᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠠᠪᠢᠶᠠᠨ᠎ᠤ ᠰᠠᠭᠤᠷᠢ ᠪᠠ ᠱᠢᠯᠭᠠᠯᠲᠠ᠎ᠶ᠋ᠢ ᠠᠷᠭᠠᠴᠠᠭᠠᠬᠤ ᠬᠡᠷᠡᠭ᠌ᠯᠡᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠴᠢᠯᠥᠭᠡᠲᠡᠶ ᠶᠠᠷᠢᠯᠴᠠᠬᠤ ᠤᠯᠤᠰ᠎ᠤᠨ ᠨᠡᠢᠳᠡᠮ ᠬᠡᠷᠡᠭ᠌ᠯᠡᠬᠦ᠌ ᠲᠠᠪᠴᠠᠩ᠎ᠳᠤ ᠲᠦᠱᠢᠭ᠌ᠯᠡᠨ᠂ ᠡᠷᠬᠡ ᠰᠦᠷᠲᠦ ᠲᠤᠰᠭᠠᠶ ᠮᠡᠷᠭᠡᠵᠢᠯᠲᠡᠨ᠎ᠦ ᠵᠢᠯᠣᠭᠣᠳᠣᠯᠭ᠎ᠠ ᠪᠠ ᠣᠶᠤᠨᠴᠢ ᠮᠡᠷᠭᠡᠵᠢᠯ᠎ᠦᠨ ᠳᠡᠮᠵᠢᠯᠭᠡ᠎ᠲᠡᠶ ᠤᠶᠠᠯᠳᠤᠭᠤᠯᠵᠤ᠂ ᠬᠡᠦᠬᠡᠳ᠎ᠦᠨ ᠴᠡᠴᠡᠷᠯᠢᠭ᠎ᠦᠨ ᠪᠠᠭ᠍ᠰᠢ᠎ᠳᠤ ᠱᠢᠰᠲ᠋ᠧᠮᠲᠦ ᠴᠢᠨᠠᠷᠲᠠᠶ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠬᠡᠷᠡᠭ᠌ᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠥᠰᠦᠯ ᠬᠠᠩᠭᠠᠵᠤ᠂ ᠰᠤᠷᠭᠠᠭᠤᠯᠢ ᠵᠢᠨ ᠨᠠᠰᠤᠨ᠎ᠡᠴᠡ ᠡᠮᠦᠨᠡᠬᠢ ᠬᠡᠯᠡᠨ᠎ᠦ ᠰᠤᠷᠭᠠᠨ ᠬᠥᠮᠦᠵᠢᠯ᠎ᠦᠨ ᠵᠢᠷᠤᠮᠵᠢᠭ᠍ᠰᠠᠨ ᠬᠥᠭ᠌ᠵᠢᠯᠲᠡ᠎ᠳᠦ ᠬᠦᠴᠦᠨ ᠨᠡᠮᠡᠷᠢᠯᠡᠪᠡ᠃

ᠤᠯᠤᠰ᠎ᠤᠨ ᠲᠠᠰ᠎ᠤᠨ ᠦᠭᠡ ᠬᠡᠯᠡ ᠥᠰᠥᠭ ᠪᠢᠴᠢᠭ᠎ᠦᠨ ᠲᠤᠰᠭᠠᠶ ᠮᠡᠷᠭᠡᠵᠢᠯᠲᠡᠨ ᠶᠢᠩ ᠵᠢᠶᠦ᠋ᠨ᠂ ᠴᠧᠩ ᠶᠦᠩ ᠮᠢᠩ ᠬᠣᠶᠠᠷ ᠫᠷᠤᠹᠧᠰᠰᠤᠷ ᠬᠢᠴᠢᠶᠡᠯ ᠵᠢᠭᠠᠵᠤ᠂ ᠬᠢᠴᠢᠶᠡᠯ ᠲᠥᠷᠥᠯ᠎ᠢ ᠬᠡᠦᠬᠡᠳ᠎ᠦᠨ ᠴᠡᠴᠡᠷᠯᠢᠭ᠎ᠦᠨ ᠵᠢᠭᠠᠨ ᠰᠤᠷᠭᠠᠯᠲᠠ᠎ᠶ᠋ᠢᠨ ᠠᠬᠤᠶ ᠪᠠᠢᠳᠠᠯ᠎ᠲᠠᠶ ᠤᠶᠠᠯᠳᠤᠭᠤᠯᠤᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠲᠣᠳᠣ ᠤᠩᠱᠢᠯᠭ᠎ᠠ᠎ᠶ᠋ᠢᠨ ᠠᠪᠢᠶᠠᠨ᠎ᠤ ᠱᠠᠭᠠᠷᠳᠠᠯᠭ᠎ᠠ᠂ ᠦᠭᠡ ᠬᠡᠯᠡᠨ᠎ᠦ ᠬᠦᠴᠢᠷ ᠠᠰᠠᠭᠤᠳᠠᠯ᠎ᠢ ᠵᠠᠳᠠᠯᠬᠤ᠂ ᠠᠪᠢᠶᠠᠨ᠎ᠤ ᠬᠠᠵᠠᠭᠠᠶ᠎ᠶ᠋ᠢ ᠵᠠᠯᠠᠷᠠᠭᠤᠯᠬᠤ ᠠᠷᠭ᠎ᠠ ᠵᠢᠴᠢ ᠲᠣᠳᠣ ᠤᠩᠱᠢᠬᠤ ᠤᠷ᠎ᠠ ᠮᠡᠷᠭᠡᠵᠢᠯ ᠵᠡᠷᠭᠡ᠎ᠵᠢᠨ ᠲᠤᠭᠤᠷᠢᠨ᠎ᠳᠤ ᠥᠷᠨᠢᠭᠦᠯᠵᠦ᠍᠂ ᠡᠭᠡᠱᠢᠭ᠎ᠭᠡᠢᠭᠦᠯᠦᠭᠴᠢ᠎ᠵᠢ ᠠᠪᠢᠶᠠᠯᠠᠬᠤ ᠪᠠᠷᠢᠮᠵᠢᠶ᠎ᠠ᠂ ᠵᠦᠭᠡᠯᠡᠷᠡᠭᠰᠡᠨ ᠠᠪᠢᠶᠠᠨ᠎ᠤ ᠵᠢᠷᠤᠮᠵᠢᠯ᠂ ᠠᠨᠢᠷᠲᠤ ᠠᠪᠢᠶ᠎ᠠ᠎ᠵᠢᠨ ᠰᠤᠯᠠᠷᠠᠯᠲᠠ ᠵᠡᠷᠭᠡ ᠭᠤᠤᠯ ᠠᠭᠤᠯᠭ᠎ᠠ᠎ᠶ᠋ᠢ ᠱᠢᠰᠲ᠋ᠧᠮ᠎ᠲᠡᠶ ᠲᠠᠢᠯᠪᠤᠷᠢᠯᠠᠬᠤ᠎ᠶ᠋ᠢᠨ ᠬᠠᠮᠲᠤ᠂ ᠪᠠᠭ᠍ᠰᠢ᠎ᠳ᠋ᠤ ᠪᠠᠢᠩᠭᠤ ᠲᠣᠬᠢᠶᠠᠯᠳᠤᠳᠠᠭ ᠲᠠᠩᠨᠠᠢ ᠵᠢᠨ ᠠᠪᠢᠶ᠎ᠠ ᠪᠠ ᠲᠡᠭᠰᠢ ᠠᠪᠢᠶ᠎ᠠ᠎ᠶ᠋ᠢ ᠬᠤᠳᠭᠤᠯᠳᠤᠭᠤᠯᠬᠤ᠂ ᠬᠠᠮᠠᠷ᠎ᠤᠨ ᠡᠮᠦᠨ᠎ᠡ ᠠᠪᠢᠶ᠎ᠠ ᠪᠠ ᠬᠠᠮᠠᠷ᠎ᠤᠨ ᠬᠤᠢᠨ᠎ᠠ ᠠᠪᠢᠶ᠎ᠠ ᠵᠢᠨ ᠢᠯᠭᠠᠭ᠎ᠠ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠪᠠᠭ᠍ᠰᠢ᠎ᠶ᠋ᠢ ᠬᠠᠪᠰᠤᠷᠤᠨ ᠳᠤᠲᠠᠭᠤᠳᠠᠯ᠎ᠢ ᠨᠢ ᠨᠦᠬᠦᠪᠦᠷᠢᠯᠡᠪᠡ᠃ ᠠᠪᠢᠶᠠᠨ᠎ᠤ ᠰᠠᠭᠤᠷᠢ᠎ᠠᠴᠠ ᠬᠢᠴᠢᠶᠡᠯ᠎ᠦᠨ ᠲᠠᠩᠬᠢᠮ᠎ᠤᠨ ᠬᠡᠷᠡᠭ᠌ᠯᠡᠯᠲᠡ ᠬᠦᠷᠲᠡᠯ᠎ᠡ᠂ ᠬᠡᠦᠬᠡᠳ᠎ᠦᠨ ᠴᠡᠴᠡᠷᠯᠢᠭ᠎ᠦᠨ ᠪᠠᠭ᠍ᠰᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠵᠢᠭᠠᠨ ᠰᠤᠷᠭᠠᠯᠲᠠ᠎ᠶ᠋ᠢᠨ ᠬᠦᠴᠢᠷᠳᠡᠯ᠎ᠢ ᠱᠢᠭᠤᠳ ᠲᠤᠰᠭᠠᠪᠠ᠃

ᠪᠣᠯᠪᠠᠰᠤᠷᠠᠯ ᠬᠦᠷᠳᠡᠭᠰᠡᠨ᠎ᠤ ᠳᠠᠷᠠᠭ᠎ᠠ᠂ ᠪᠢᠶᠠᠨ ᠵᠢᠶᠠ ᠨᠢᠩ ᠡᠳᠦᠷ ᠪᠦᠷᠢ ᠰᠣᠨᠢᠨ ᠮᠡᠳᠡᠭᠡ ᠳᠠᠭᠠᠵᠤ ᠤᠩᠱᠢᠬᠤ᠂ ᠵᠢᠭᠠᠨ ᠰᠤᠷᠭᠠᠯᠲᠠ᠎ᠶ᠋ᠢᠨ ᠦᠭᠡ ᠬᠡᠯᠡ᠎ᠶ᠋ᠢ ᠥᠪᠡᠰᠦᠪᠡᠨ ᠪᠠᠢᠴᠠᠭᠠᠬᠤ᠂ ᠬᠠᠮᠲᠤ ᠠᠵᠢᠯᠯᠠᠭ᠍ᠴᠢ᠎ᠲᠠᠶ᠎ᠪᠠᠨ ᠠᠪᠢᠶ᠎ᠠ ᠵᠠᠯᠠᠷᠠᠭᠤᠯᠬᠤ ᠳᠤᠭᠤᠢᠯᠠᠩ ᠪᠠᠢᠭᠤᠯᠬᠤ ᠵᠡᠷᠭᠡ᠎ᠶ᠋ᠢ ᠪᠠᠭ᠍ᠲᠠᠭᠠᠭ᠍ᠰᠠᠨ ᠥᠪᠡᠷ᠎ᠢ᠎ᠪᠡᠨ ᠳᠡᠭᠡᠭ᠌ᠰᠢᠯᠡᠭᠦᠯᠬᠦ᠌ ᠨᠠᠷᠢᠨ ᠲᠥᠯᠥᠪᠯᠡᠭᠡ᠎ᠶ᠋ᠢ ᠲᠣᠭ᠍ᠲᠠᠭᠠᠵᠤ᠂ ᠤᠳᠠᠭ᠎ᠠ ᠪᠦᠷᠢ᠎ᠶ᠋ᠢᠨ ᠵᠢᠯᠤᠭᠤᠳᠤᠯᠭ᠎ᠠ ᠵᠢᠴᠢ ᠬᠠᠷᠢᠯᠴᠠᠨ ᠬᠦᠳᠡᠯᠦᠯᠴᠡᠬᠦ ᠲᠤᠮᠳᠠ ᠴᠥᠮ ᠬᠡᠦᠬᠡᠳ᠎ᠦᠨ ᠦᠭᠡ ᠬᠡᠯᠡᠨ᠎ᠦ ᠬᠥᠭ᠌ᠵᠢᠯᠲᠡ᠎ᠶ᠋ᠢᠨ 《ᠵᠢᠱ᠌ᠢᠶ᠎ᠡ ᠦᠵᠡᠭᠦᠯᠬᠦ᠌ ᠠᠪᠢᠶ᠎ᠠ》 ᠪᠣᠯᠭᠠᠬᠤ᠎ᠪᠠᠷ ᠴᠢᠷᠮᠠᠢᠪᠠ᠃

《ᠮᠠᠨ᠎ᠤ ᠴᠡᠴᠡᠷᠯᠢᠭ ᠲᠣᠰ ᠤᠳᠠᠭᠠᠨ᠎ᠤ ᠪᠣᠯᠪᠠᠰᠤᠷᠠᠯ᠎ᠢᠶᠠᠷ ᠡᠬᠢᠯᠡᠯᠲᠡ ᠪᠣᠯᠭᠠᠵᠤ᠂ ᠪᠠᠭ᠍ᠰᠢ᠎ᠨᠠᠷ᠎ᠢ ᠵᠢᠯᠣᠭᠣᠳᠤᠨ ᠠᠪᠢᠶᠠᠯᠠᠬᠤ ᠮᠡᠷᠭᠡᠵᠢᠯ᠎ᠢ ᠵᠢᠷᠤᠮᠵᠢᠭᠤᠯᠬᠤ᠎ᠶ᠋ᠢ ᠬᠡᠦᠬᠡᠳ᠎ᠦᠨ ᠦᠭᠡ ᠬᠡᠯᠡᠨ᠎ᠦ ᠴᠢᠳᠠᠪᠤᠷᠢ᠎ᠶ᠋ᠢ ᠬᠥᠮᠦᠵᠢᠭᠦᠯᠬᠦ᠌ ᠠᠵᠢᠯᠯᠠᠭ᠎ᠠ᠎ᠳᠤ ᠠᠭᠤᠰᠤᠯᠴᠠᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠶᠠᠷᠢᠬᠤ᠎ᠶ᠋ᠢ ᠬᠡᠦᠬᠡᠳ᠎ᠦᠨ ᠦᠭᠡ ᠬᠡᠯᠡᠨ᠎ᠦ ᠴᠢᠳᠠᠪᠤᠷᠢ᠎ᠶ᠋ᠢ ᠬᠥᠮᠦᠵᠢᠭᠦᠯᠬᠦ᠌ ᠬᠠᠷᠠᠯᠲᠠ ᠪᠣᠯᠭᠠᠵᠤ᠂ ᠬᠡᠦᠬᠡᠳ᠎ᠦᠨ ᠦᠭᠡ ᠬᠡᠯᠡᠨ᠎ᠦ ᠰᠡᠬᠡᠭᠡᠷᠡᠭᠦᠯᠬᠦ᠌ ᠰᠠᠭᠤᠷᠢ᠎ᠶ᠋ᠢ ᠪᠠᠲᠤ ᠴᠣᠭ᠍ᠴᠠᠯᠠᠵᠤ᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠨ᠎ᠡ》ᠭᠡᠵᠦ ᠬᠣᠲᠣᠩ ᠠᠷᠠᠳ᠎ᠤᠨ ᠲᠣᠭᠣᠷᠢᠭ᠎ᠤᠨ ᠭᠤᠷᠪᠠᠳᠤᠭᠠᠷ ᠬᠡᠦᠬᠡᠳ᠎ᠦᠨ ᠴᠡᠴᠡᠷᠯᠢᠭ᠎ᠦᠨ ᠳᠡᠳ᠋ ᠳᠠᠷᠤᠭ᠎ᠠ ᠪᠦᠦ ᠯᠸ ᠪᠣᠯᠪᠠᠰᠤᠷᠠᠯ᠎ᠤᠨ ᠠᠵᠢᠯᠯᠠᠭ᠎ᠠ᠎ᠶ᠋ᠢᠨ ᠳᠠᠷᠠᠭ᠎ᠠ ᠲᠦᠷᠦᠭᠳᠡᠯ᠎ᠢᠶᠡᠨ ᠢᠯᠡᠳᠭᠡᠪᠡ᠃

《ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠪᠠᠭ᠍ᠰᠢ᠎ᠶ᠋ᠢ ᠵᠣᠬᠢᠶᠠᠨ ᠪᠠᠢᠭᠤᠯᠵᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠣᠯᠪᠠᠰᠤᠷᠠᠯ᠎ᠳᠤ ᠣᠷᠣᠯᠴᠠᠭᠤᠯᠬᠤ ᠨᠢ ᠲᠤᠢᠯ᠎ᠤᠨ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠱᠠᠲᠤ ᠪᠣᠯ ᠬᠡᠦᠬᠡᠳ᠎ᠦᠨ ᠰᠣᠶᠣᠯ᠎ᠤᠨ ᠲᠠᠨᠢᠨ ᠮᠡᠳᠡᠬᠦᠶ᠎ᠶ᠋ᠢᠨ ᠰᠣᠶᠣᠭᠠᠯᠠᠯ᠎ᠤᠨ ᠬᠤᠭᠤᠴᠠᠭ᠎ᠠ᠂ 3 ᠡᠴᠡ 6 ᠨᠠᠰᠤ ᠪᠣᠯ ᠬᠡᠦᠬᠡᠳ᠎ᠦᠨ ᠬᠡᠯᠡᠨ᠎ᠦ ᠬᠥᠭ᠌ᠵᠢᠯᠲᠡ᠎ᠶ᠋ᠢᠨ ᠰᠡᠷᠭᠡᠭ ᠬᠤᠭᠤᠴᠠᠭ᠎ᠠ᠂ ᠪᠠᠭ᠍ᠰᠢ᠎ᠶ᠋ᠢᠨ ᠪᠠᠷᠢᠮᠵᠢᠶᠠᠲᠤ᠂ ᠵᠢᠷᠤᠮᠵᠢᠭᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠵᠢᠭᠠᠨ ᠰᠤᠷᠭᠠᠯᠳᠠ ᠨᠢ ᠬᠡᠦᠬᠡᠳ᠎ᠦᠨ ᠨᠠᠰᠤᠨ ᠲᠤᠷᠱᠢᠳᠠ᠎ᠶ᠋ᠢᠨ ᠬᠡᠯᠡᠨ᠎ᠦ ᠴᠢᠳᠠᠪᠤᠷᠢ᠎ᠶ᠋ᠢᠨ ᠰᠠᠭᠤᠷᠢ᠎ᠶ᠋ᠢ ᠲᠠᠯᠪᠢᠵᠤ ᠥᠭ᠌ᠭᠦ ᠪᠤᠯᠤᠨ᠎ᠠ》᠃ ᠬᠣᠲᠣᠩ ᠠᠷᠠᠳ᠎ᠤᠨ ᠲᠣᠭᠣᠷᠢᠭ᠎ᠤᠨ ᠰᠤᠷᠭᠠᠨ ᠬᠥᠮᠦᠵᠢᠯ᠎ᠦᠨ ᠲᠣᠪᠴᠢᠶ᠎ᠠ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠠᠵᠢᠯ᠎ᠤᠨ ᠬᠠᠷᠢᠭᠤᠴᠠᠯᠭᠠᠲᠠᠨ ᠵᠠᠩ ᠬᠣᠩ ᠢᠦᠶ᠂ ᠰᠤᠷᠭᠠᠭᠤᠯᠢ ᠵᠢᠨ ᠨᠠᠰᠤᠨ᠎ᠡᠴᠡ ᠡᠮᠦᠨᠡᠬᠢ ᠰᠤᠷᠭᠠᠨ ᠬᠥᠮᠦᠵᠢᠯ ᠪᠣᠯ ᠰᠠᠭᠤᠷᠢ ᠰᠤᠷᠭᠠᠨ ᠬᠥᠮᠦᠵᠢᠯ᠎ᠦᠨ ᠡᠬᠢᠯᠡᠯᠲᠡ ᠮᠥᠨ᠂ ᠪᠠᠭ᠍ᠰᠢ᠎ᠶ᠋ᠢᠨ ᠬᠡᠯᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠣᠯ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠳᠠᠲᠤ ᠠᠵᠢᠯᠯᠠᠭ᠎ᠠ ᠮᠥᠨ ᠭᠡᠵᠡᠶ᠃

ᠲᠠᠨᠢᠯᠴᠠᠭᠤᠯᠤᠭ᠍ᠰᠠᠨ᠎ᠢᠶᠠᠷ᠂ ᠬᠣᠲᠣᠩ ᠠᠷᠠᠳ᠎ᠤᠨ ᠲᠣᠭᠣᠷᠢᠭ᠎ᠤᠨ ᠰᠤᠷᠭᠠᠨ ᠬᠥᠮᠦᠵᠢᠯ᠎ᠦᠨ ᠲᠣᠪᠴᠢᠶ᠎ᠠ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠪᠠᠭ᠍ᠰᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠣᠷᠣᠨ᠎ᠤ ᠲᠠᠰ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠥᠷᠥᠯ ᠵᠦᠶ᠋ᠯ᠂《ᠰᠡᠳᠭᠢᠯ ᠵᠢᠷᠦᠬᠡ᠎ᠪᠡᠨ ᠬᠣᠯᠪᠣᠨ ᠶᠤᠰᠤ ᠰᠤᠷᠳᠠᠬᠤᠨ᠎ᠢᠶᠡᠷ ᠤᠮᠠᠷᠠᠲᠤ ᠬᠢᠯᠢ᠎ᠶ᠋ᠢ ᠭᠡᠢᠭᠦᠯᠬᠦ᠌》 ᠳᠤᠮᠳᠠᠳᠤ᠎ᠶ᠋ᠢᠨ ᠰᠣᠩᠭᠣᠳᠠᠭ ᠨᠣᠮ ᠤᠩᠱᠢᠬᠤ ᠤᠷᠤᠯᠳᠤᠭᠠᠨ ᠵᠡᠷᠭᠡ ᠠᠵᠢᠯ ᠪᠠ ᠠᠵᠢᠯᠯᠠᠭ᠎ᠠ᠎ᠶ᠋ᠢ ᠠᠬᠢᠭᠤᠯᠬᠤ᠎ᠪᠠᠷ ᠳᠠᠮᠵᠢᠨ᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠪᠠᠭ᠍ᠰᠢ᠎ᠶ᠋ᠢᠨ ᠡᠩᠨᠡᠭᠡ᠎ᠶ᠋ᠢᠨ ᠲᠤᠰᠭᠠᠶ ᠮᠡᠷᠭᠡᠵᠢᠯ᠎ᠦᠨ ᠬᠡᠪ ᠪᠣᠯᠪᠠᠰᠤᠷᠠᠯ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面