2025-05-17 18:26:45
《ᠬᠠᠮᠲᠦ ᠨᠦᠬᠦᠳ ᠠ᠋᠂ ᠲᠡᠢᠷᠦᠯᠲᠦ ᠰᠤᠮᠤ ᠵᠢ ᠤᠬᠲᠠᠷᠭᠤᠢ᠎ᠳᠤ ᠬᠠᠷᠪᠤᠬᠤ ᠵᠢ ᠦᠵᠡᠭᠰᠡᠨ ᠲᠡᠷᠡ᠎ᠬᠦ ᠭᠱᠠᠨ᠎ᠳᠤ᠂ ᠪᠢ ᠭᠡᠳᠤᠢ ᠰᠡᠳᠬᠢᠯ ᠲᠤᠬᠲᠤᠯᠤᠬᠰᠠᠨ ᠢ᠋ ᠲᠠ ᠨᠠᠷ ᠮᠡᠲᠡᠨᠡᠤᠤ?》
5 ᠰᠠᠷ᠎ᠠ᠎ᠶᠢᠨ 6᠎ᠤ᠋ ᠡᠳᠦᠷ᠂ ᠰᠢᠯᠢ᠎ᠶᠢᠨ ᠭᠣᠣᠯ ᠠᠢᠮᠠᠭ᠎ᠤᠨ ᠰᠢᠯᠢᠩᠬᠣᠲᠠ᠎ᠶᠢᠨ ᠠᠷᠪᠠᠳᠤᠭᠠᠷ ᠪᠠᠭ᠎ᠠ ᠰᠤᠷᠭᠠᠭᠤᠯᠢ᠎ᠶᠢᠨ ᠵᠢᠷᠭᠤᠳᠤᠭᠠᠷ ᠣᠨ᠎ᠤ ᠰᠤᠷᠤᠭ᠍ᠴᠢ ᠵᠠᠩ ᠰᠢᠶᠣᠣ ᠵᠢᠶᠧ ᠬᠢᠵᠠᠭᠠᠯᠠᠰᠢ ᠦᠭᠡᠢ ᠳᠣᠭᠳᠣᠯᠤᠭᠰᠠᠨ ᠰᠡᠳᠬᠢᠯᠭᠡ᠎ᠪᠡᠷ ᠲᠡᠭᠦᠨ᠎ᠦ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠂ ᠰᠤᠷᠭᠠᠨ ᠬᠥᠮᠦᠵᠢᠯ᠎ᠦᠨ ᠲᠢᠩᠬᠢᠮ᠎ᠦᠨ ᠭᠣᠣᠯᠯᠠᠨ ᠡᠷᠬᠢᠯᠡᠭᠰᠡᠨ 《ᠤᠯᠠᠭᠠᠨ ᠪᠦᠴᠡᠲᠡᠨ ᠡᠬᠡ ᠤᠯᠤᠰ᠎ᠢᠶᠠᠨ ᠬᠠᠢᠷᠠᠯᠠᠵᠦ ᠠᠨᠠᠷ᠎ᠤᠨ ᠦᠷ᠎ᠡ ᠨᠢᠭᠡ ᠬᠡᠷ᠎ᠤᠨ ᠬᠦᠮᠦᠨ ᠮᠡᠲᠦ ᠲᠤᠲᠤᠨᠤ》 ᠥᠪᠥᠷ ᠮᠣᠩᠭᠣᠯ ᠪᠣᠯᠣᠨ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠪᠠᠭᠠᠴᠤᠳ᠎ᠤᠨ ᠬᠣᠰᠢᠭᠤᠴᠢ ᠠᠩᠭᠢ᠎ᠶᠢᠨ ᠭᠡᠰᠢᠭᠦᠨ ᠭᠠᠷ ᠭᠠᠷ᠎ᠢᠶᠠᠨ ᠬᠣᠯᠪᠣᠯᠴᠠᠬᠤ ᠵᠢᠴᠢ ᠬᠤᠪᠢᠯᠭᠠᠨ ᠣᠩᠭᠣᠴᠠ ᠬᠣᠷᠢᠳᠤᠭᠠᠷᠢ ᠬᠠᠷᠪᠤᠬᠤ ᠶᠤᠰᠤᠯᠠᠯ ᠢ᠋ ᠦᠵᠡᠬᠦ ᠦᠢᠯᠡᠳᠦᠯᠭᠡ ᠬᠥᠮᠦᠵᠢᠯ᠎ᠦᠨ ᠠᠵᠢᠯᠯᠠᠭ᠎ᠠ᠎ᠳᠤ ᠣᠷᠣᠯᠴᠠᠭᠰᠠᠨ ᠥᠩᠭᠡᠷᠡᠯᠲᠡ᠎ᠪᠡᠨ ᠪᠦᠬᠦ ᠠᠩᠭᠢ᠎ᠶᠢᠨ ᠨᠥᠬᠥᠳ᠎ᠲᠠᠢ᠎ᠪᠡᠨ ᠬᠤᠪᠢᠶᠠᠯᠴᠠᠪᠠ᠃
《ᠰᠠᠶᠢᠬᠠᠨ ᠬᠠᠮᠳᠤ ᠨᠦᠬᠦᠳ᠎ᠤᠨ ᠲᠦᠷᠦᠭᠳᠡᠯ ᠵᠢᠡᠨ ᠬᠤᠪᠢᠶᠠᠯᠴᠠᠭᠰᠠᠨ ᠢ᠋ ᠰᠣᠨᠣᠰᠤᠭᠠᠳ ᠦᠨᠳᠦᠰᠦᠲᠡᠨ᠎ᠦ ᠣᠮᠣᠭ᠍ᠰᠢᠯ᠎ᠳᠦ ᠰᠡᠳᠬᠢᠯᠭᠡ ᠨᠡᠩ ᠴᠢᠩᠭ᠎ᠠ ᠪᠤᠯᠵᠠᠢ᠃ ᠬᠣᠢᠰᠢᠳᠠ ᠪᠢ ᠤᠯᠤᠰ᠎ᠤᠨ ᠨᠡᠢᠲᠡᠮ ᠬᠡᠷᠡᠭᠯᠡᠬᠦ ᠦᠭᠡ ᠬᠡᠯᠡ ᠪᠠᠨ ᠰᠠᠢᠬᠠᠨ ᠶᠠᠷᠢᠵᠦ᠂ ᠬᠠᠷᠠᠭ᠎ᠠ᠎ᠪᠠᠨ ᠲᠠᠰᠤᠷᠠᠯᠲᠠ ᠦᠭᠡᠢ ᠥᠷᠭᠡᠳᠬᠡᠨ᠂ ᠴᠢᠷᠮᠠᠢᠨ ᠲᠡᠮᠡᠴᠡᠵᠦ᠂ ᠲᠣᠮᠣ᠌ ᠪᠤᠯᠪᠠᠯ ᠡᠮᠡᠭᠲᠡᠢ ᠰᠠᠨᠰᠠᠷᠴᠢᠨ ᠪᠣᠯᠵᠤ᠂ ᠰᠠᠨᠰᠠᠷ᠎ᠲᠤ ᠲᠡᠭᠦᠯᠢᠨ᠂ ᠡᠬᠡ ᠣᠷᠣᠨ᠎ᠳᠠᠭᠠᠨ ᠥᠩᠭᠡ ᠭᠡᠷᠡᠯ ᠨᠡᠮᠡᠷᠢᠯᠡᠨ᠎ᠡ》 ᠭᠡᠵᠦ ᠰᠤᠷᠤᠬᠴᠢ ᠯᠢᠦ ᠽᠢ ᠬᠠᠨ ᠬᠡᠯᠡᠪᠡ᠃
ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠵᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠵᠢᠷᠤᠮᠵᠢᠭᠤᠯᠤᠨ ᠬᠡᠷᠡᠭᠯᠡᠬᠦ ᠭᠦᠨ ᠵᠤᠵᠠᠭᠠᠨ ᠠᠭᠤᠷ ᠠᠮᠢᠰᠬᠤᠯ᠎ᠢ ᠪᠤᠢ ᠪᠣᠯᠭᠠᠬᠤ᠎ᠶᠢᠨ ᠲᠥᠯᠥᠭᠡ᠂ ᠣᠢᠷ᠎ᠠ᠎ᠶᠢᠨ ᠵᠢᠯ᠎ᠳᠦ ᠰᠢᠯᠢᠩᠬᠣᠲᠠ᠎ᠶᠢᠨ ᠠᠷᠪᠠᠳᠤᠭᠠᠷ ᠪᠠᠭ᠎ᠠ ᠰᠤᠷᠭᠠᠭᠤᠯᠢ ᠤᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠰᠢᠷᠢᠰ ᠳᠡᠯᠭᠡᠷᠡᠭᠦᠯᠬᠦ ᠠᠵᠢᠯᠯᠠᠭ᠎ᠠ᠎ᠶᠢ ᠥᠷᠨᠢᠭᠦᠯᠵᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡᠨ᠎ᠦ ᠴᠡᠴᠡᠭᠡᠰ᠎ᠢ ᠰᠤᠷᠭᠠᠭᠤᠯᠢ᠎ᠶᠢᠨ ᠬᠦᠷᠢᠶᠡᠨ᠎ᠦ ᠳᠣᠲᠣᠨ᠎ᠠ ᠭᠠᠳᠠᠨ᠎ᠠ ᠳᠡᠯᠭᠡᠷᠡᠭᠦᠯᠪᠡ᠃ ᠰᠤᠷᠭᠠᠭᠤᠯᠢ ᠡᠴᠡ ᠪᠠᠭ᠍ᠰᠢ ᠨᠠᠷ ᠢ᠋ ᠪᠥᠬᠥ ᠶᠠᠪᠤᠴᠠ᠎ᠳᠤ ᠤᠯᠤᠰ᠎ᠤᠨ ᠨᠡᠢᠲᠡᠮ ᠬᠡᠷᠡᠭᠯᠡᠬᠦ ᠦᠭᠡ ᠬᠡᠯᠡ ᠪᠡᠷ ᠬᠢᠴᠢᠶᠡᠯᠯᠡᠵᠦ᠂ ᠬᠡᠯᠡᠨ᠎ᠦ ᠣᠷᠴᠢᠨ ᠲᠣᠭᠣᠷᠢᠨ ᠢ᠋ ᠪᠠᠷᠢᠮᠵᠢᠶᠠᠵᠢᠭᠤᠯᠤᠭᠰᠠᠨ ᠨᠡᠪᠴᠢᠯᠳᠡ ᠮᠠᠶᠢᠭ᠋᠎ᠤᠨ ᠰᠤᠷᠤᠯᠴᠠᠬᠤ ᠣᠷᠴᠢᠨ ᠲᠣᠭᠣᠷᠢᠨ ᠢ᠋ ᠪᠣᠶ ᠪᠣᠯᠭᠠᠬᠤ ᠬᠡᠷᠡᠭᠲᠡᠢ ᠭᠡᠵᠦ ᠱᠠᠭᠠᠷᠳᠠᠵᠠᠢ᠃
《ᠮᠠᠨ᠎ᠤ ᠰᠤᠷᠭᠠᠭᠤᠯᠢ ᠶ᠋ᠢᠨ ᠰᠤᠷᠤᠭ᠍ᠴᠢᠳ᠎ᠤᠨ ᠣᠯᠠᠩᠬᠢ ᠨᠢ ᠡᠷᠭᠢᠨ ᠲᠣᠭᠣᠷᠢᠨ᠎ᠤ ᠬᠣᠰᠢᠭᠤ ᠰᠢᠶᠠᠨ ᠠ᠋ᠴᠠ ᠢᠷᠡᠭᠰᠡᠨ ᠪᠣᠯᠬᠣᠷ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠰᠤᠷᠴᠤ ᠬᠡᠷᠡᠭᠯᠡᠪᠡᠯ᠂ ᠬᠡᠦᠬᠡᠳ᠎ᠦᠳ᠎ᠲᠦ 〈ᠭᠠᠳᠠᠭ᠍ᠰᠢ ᠭᠠᠷᠬᠤ〉 ᠪᠠᠲᠤ ᠰᠠᠭᠤᠷᠢ ᠶ᠋ᠢ ᠲᠠᠯᠪᠢᠵᠤ᠂ ᠲᠡᠳᠡᠨ ᠢ᠋ ᠨᠡᠩ ᠦᠷᠭᠡᠨ ᠠᠭᠤᠲᠠᠮ ᠲᠠᠪᠴᠠᠩ᠎ᠳᠤ ᠭᠠᠷᠭᠠᠵᠦ ᠪᠤᠯᠤᠨ᠎ᠠ᠃ ᠡᠨᠡ ᠨᠢ ᠲᠡᠳᠡᠨ᠎ᠦ ᠳᠤᠮᠳᠠᠳᠤ ᠶ᠋ᠢᠨ ᠰᠢᠯᠢᠳᠡᠭ ᠤᠯᠠᠮᠵᠢᠯᠠᠯᠲᠤ ᠰᠣᠶᠣᠯ ᠢ᠋ ᠤᠯᠠᠮ ᠴᠢᠨᠠᠭᠰᠢᠳᠠ ᠤᠯᠠᠮᠵᠢᠯᠠᠨ ᠵᠠᠯᠭᠠᠮᠵᠢᠯᠠᠬᠤ᠎ᠳᠤ ᠠᠯᠤᠰ ᠬᠡᠳᠦ ᠶ᠋ᠢᠨ ᠨᠥᠯᠥᠭᠡ ᠦᠵᠡᠭᠦᠯᠬᠦ ᠪᠣᠯᠣᠨ᠎ᠠ》 ᠭᠡᠵᠦ ᠪᠠᠭ᠍ᠰᠢ ᠮᠸᠩ ᠵᠢᠩ ᠷᠦ ᠬᠡᠯᠡᠪᠡ᠃
ᠡᠭᠦᠨ᠎ᠦ ᠬᠠᠮᠲᠤ᠂ ᠲᠣᠰ ᠰᠤᠷᠭᠠᠭᠤᠯᠢ ᠪᠠᠰᠠ 《ᠪᠢᠴᠢᠬᠠᠨ ᠪᠢᠴᠢᠭ᠎ᠦᠨ ᠬᠥᠮᠥᠨ》᠂ 《ᠤᠩᠰᠢᠵᠠᠭᠠᠶᠠ᠂ ᠪᠠᠭᠠᠴᠤᠳ ᠡ ! 》 ᠭᠡᠬᠦ ᠮᠡᠲᠦ ᠶᠢᠨ ᠪᠠᠶᠠᠯᠢᠬ ᠰᠠᠢᠬᠠᠨ ᠠᠵᠢᠯᠯᠠᠭ᠎ᠠ ᠨᠤᠭᠤᠳ ᠢ᠋ ᠦᠷᠨᠢᠭᠦᠯᠵᠦ᠂ ᠠᠵᠢᠯᠯᠠᠭ᠎ᠠ᠎ᠪᠠᠷ ᠳᠠᠮᠵᠢᠨ ᠤᠯᠤᠰ᠎ᠤᠨ ᠨᠡᠢᠲᠡᠮ ᠬᠡᠷᠡᠭᠯᠡᠬᠦ ᠦᠭᠡ ᠬᠡᠯᠡ᠎ᠶᠢ ᠳᠡᠯᠭᠡᠷᠡᠭᠦᠯᠦᠨ ᠲᠦᠭᠡᠮᠡᠯᠵᠢᠭᠦᠯᠵᠡᠢ᠃ ᠠᠩᠭᠢ᠎ᠶᠢᠨ ᠰᠣᠶᠣᠯ᠎ᠤᠨ ᠬᠠᠨ᠎ᠠ᠂ ᠫᠠᠢᠰᠠ ᠢᠯᠡᠷᠬᠡᠢᠯᠡᠯ᠂ ᠪᠠᠭ᠍ᠰᠢ᠎ᠶᠢᠨ ᠣᠶᠢᠨ ᠪᠢᠷ᠎ᠦᠨ ᠦᠰᠦᠭ᠎ᠦᠨ ᠦᠵᠡᠭᠦᠯᠭᠡ᠂ ᠤᠷᠠᠨ ᠪᠢᠴᠢᠯᠭᠡ᠎ᠶᠢᠨ ᠦᠵᠡᠭᠦᠯᠭᠡ᠎ᠶᠢᠨ ᠰᠠᠮᠪᠠᠷ᠎ᠠ ᠨᠢ ᠨᠢᠭᠡᠨᠲᠡ ᠰᠤᠷᠭᠠᠭᠤᠯᠢ᠎ᠶᠢᠨ ᠬᠦᠷᠢᠶᠡᠨ᠎ᠦ ᠰᠣᠶᠣᠯ᠎ᠤᠨ ᠬᠢᠯᠠᠰ ᠴᠡᠭ ᠪᠣᠯᠵᠤ᠂ ᠪᠠᠭ᠍ᠰᠢ ᠰᠤᠷᠤᠭ᠍ᠴᠢᠳ᠎ᠤᠨ ᠳᠤᠮᠳᠠᠳᠤ᠎ᠶᠢᠨ ᠰᠢᠯᠢᠳᠡᠭ ᠰᠣᠶᠣᠯ᠎ᠤᠨ ᠣᠮᠣᠭ ᠪᠠᠬᠠᠳᠤᠯᠲᠤ ᠰᠡᠳᠬᠢᠯᠭᠡ ᠢᠯᠡᠳᠲᠡ ᠨᠡᠮᠡᠭᠳᠡᠵᠦ᠂ 《ᠨᠡᠢᠲᠡᠯᠢᠭ ᠬᠡᠯᠡ᠎ᠪᠡᠷ ᠶᠠᠷᠢᠵᠤ᠂ ᠳᠦᠷᠢᠮᠵᠢᠭᠰᠡᠨ ᠦᠰᠦᠭ᠎ᠢᠶᠡᠷ ᠪᠢᠴᠢᠬᠦ》 ᠨᠢ ᠲᠡᠳᠡᠨ᠎ᠦ ᠤᠬᠠᠮᠰᠠᠷᠲᠤ ᠠᠵᠢᠯᠯᠠᠭ᠎ᠠ ᠪᠣᠯᠵᠠᠢ᠃ ᠰᠤᠷᠤᠭ᠍ᠴᠢᠳ ᠪᠠᠰᠠ 《ᠴᠠᠭᠳᠠᠨ ᠪᠠᠢᠴᠠᠭᠠᠬᠤ ᠪᠠᠭ᠎ᠠ ᠠᠩᠭᠢ》 ᠪᠠᠢᠭᠤᠯᠵᠤ᠂ ᠰᠤᠷᠭᠠᠭᠤᠯᠢ᠎ᠶᠢᠨ ᠬᠦᠷᠢᠶᠡᠨ᠎ᠦ ᠡᠷᠬᠢᠨ ᠲᠣᠭᠣᠷᠢᠨ᠎ᠤ ᠵᠢᠷᠤᠮᠵᠢᠭᠤᠨ ᠪᠤᠰᠤ ᠬᠡᠷᠡᠭᠯᠡᠭᠡᠨ᠎ᠦ ᠥᠰᠥᠭ᠎ᠢ ᠵᠢᠭ᠍ᠰᠠᠭᠠᠨ ᠪᠠᠢᠴᠠᠭᠠᠨ ᠲᠡᠮᠲᠡᠭᠯᠡᠵᠦ᠂ ᠨᠡᠢᠭᠡᠮ ᠲᠣᠭᠣᠷᠢᠭ᠋᠂ ᠬᠤᠳᠠᠯᠳᠤᠭᠠᠨ᠎ᠤ ᠡᠷᠦᠬᠡ᠎ᠳᠤ ᠬᠠᠷᠢᠭᠤ ᠲᠤᠰᠬᠠᠬᠤ ᠵᠡᠷᠭᠡ ᠬᠡᠯᠪᠡᠷᠢ᠎ᠪᠡᠷ ᠳᠠᠮᠵᠢᠨ᠂ ᠲᠡᠳᠡᠨ᠎ᠦ ᠨᠡᠢᠭᠡᠮ᠎ᠦᠨ ᠬᠠᠷᠢᠭᠤᠴᠠᠯᠭᠠᠲᠤ ᠰᠡᠳᠬᠢᠯᠭᠡ ᠪᠠ ᠦᠭᠡ ᠬᠡᠯᠡᠨ᠎ᠦ ᠮᠡᠳᠡᠷᠡᠮᠵᠢ ᠵᠢ ᠲᠠᠰᠤᠷᠠᠯᠲᠠ ᠦᠭᠡᠢ ᠴᠢᠩᠭᠠᠷᠠᠭᠤᠯᠵᠤ᠂ 《ᠨᠢᠭᠡ ᠰᠣᠷᠣᠭ᠍ᠴᠢ᠎ᠶᠢ ᠬᠥᠮᠥᠵᠢᠭᠦᠯᠪᠡᠯ ᠨᠢᠭᠡ ᠵᠡᠭᠡᠯᠢ ᠲᠣᠭᠣᠷᠢᠭ᠋ ᠢ ᠨᠥᠯᠥᠭᠡᠯᠡᠬᠦ》 ᠳᠠᠢᠴᠢᠯᠠᠬᠤ ᠦᠢᠯᠡᠳᠦᠯ ᠢ ᠪᠣᠶ ᠪᠣᠯᠭᠠᠭᠰᠠᠨ ᠪᠠᠢᠨ᠎ᠠ᠃
《ᠬᠣᠢᠰᠢᠳᠠ ᠪᠢᠳᠡ ᠬᠢᠴᠢᠶᠡᠯ᠎ᠦᠨ ᠲᠠᠩᠬᠢᠮ᠎ᠤᠨ ᠰᠤᠷᠤᠯᠴᠠᠯᠭ᠎ᠠ ᠪᠠ ᠬᠢᠴᠢᠶᠡᠯ᠎ᠦᠨ ᠭᠠᠳᠠᠨᠠᠬᠢ ᠠᠵᠢᠯᠯᠠᠭ᠎ᠠ᠎ᠶᠢ ᠳᠡᠯᠭᠡᠷᠡᠭᠦᠯᠬᠦ᠎ᠶᠢ ᠬᠦᠴᠦᠯᠡᠨ ᠤᠶᠠᠯᠳᠤᠭᠤᠯᠵᠤ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠰᠤᠷᠭᠠᠭᠤᠯᠢ᠎ᠶᠢᠨ ᠬᠦᠷᠢᠶᠡᠨ᠎ᠦ ᠦᠭᠡ ᠬᠡᠯᠡ ᠪᠣᠯᠭᠠᠬᠤ᠎ᠶᠢᠨ ᠬᠠᠮᠲᠤ ᠭᠡᠷ ᠪᠦᠯᠢ᠎ᠶᠢ ᠢᠳᠡᠭ ᠢᠳᠡᠭ᠎ᠢᠶᠡᠷ ᠳᠠᠶ᠋ᠢᠴᠢᠯᠠᠨ᠂ ᠭᠡᠷ᠎ᠦᠨ ᠠᠬᠠᠮᠠᠳ᠎ᠢ ᠴᠤ᠌ ᠤᠯᠤᠰ᠎ᠤᠨ ᠨᠡᠢᠲᠡᠮ ᠬᠡᠷᠡᠭᠯᠡᠬᠦ ᠦᠭᠡ ᠬᠡᠯᠡ᠎ᠶᠢ ᠰᠠᠢᠲᠤᠷ ᠶᠠᠷᠢᠭᠤᠯᠵᠤ᠂ ᠤᠯᠤᠰ᠎ᠤᠨ ᠨᠡᠢᠲᠡᠮ ᠬᠡᠷᠡᠭᠯᠡᠬᠦ ᠦᠭᠡ ᠬᠡᠯᠡ ᠵᠢ ᠪᠣᠯᠪᠠᠰᠤᠨ᠎ᠢ ᠤᠯᠠᠮᠵᠢᠯᠠᠬᠤ᠂ ᠬᠦᠴᠦᠨ ᠴᠢᠳᠠᠯ᠎ᠢ ᠨᠢᠭ᠍ᠲᠠᠷᠠᠭᠤᠯᠬᠤ ᠰᠣᠶᠣᠯ᠎ᠤᠨ ᠬᠣᠯᠪᠣᠭᠠᠰᠤ ᠪᠣᠯᠭᠠᠵᠤ᠂ ᠰᠤᠷᠤᠭ᠍ᠴᠢᠳ᠎ᠢ ᠦᠭᠡ ᠬᠡᠯᠡᠨ᠎ᠦ ᠢᠲᠡᠭᠡᠯ᠎ᠲᠠᠢ᠂ ᠰᠣᠶᠣᠯ᠎ᠤᠨ ᠢᠳᠡ ᠬᠦᠴᠦᠨ᠎ᠲᠠᠢ ᠴᠠᠭ ᠦᠶ᠎ᠡ᠎ᠶᠢᠨ ᠰᠢᠨ᠎ᠡ ᠬᠥᠮᠥᠨ ᠪᠣᠯᠭᠠᠨ ᠬᠦᠮᠦᠵᠢᠬᠦᠯᠬᠦ᠎ᠳᠤ ᠬᠦᠴᠦᠨ ᠨᠡᠮᠡᠷᠢᠯᠡᠨ᠎ᠡ》 ᠬᠡᠵᠦ ᠰᠢᠯᠢᠩᠬᠣᠲᠠ᠎ᠶᠢᠨ ᠠᠷᠪᠠᠳᠤᠭᠠᠷ ᠪᠠᠭ᠎ᠠ ᠰᠤᠷᠭᠠᠭᠤᠯᠢ᠎ᠶᠢᠨ ᠵᠠᠬᠢᠷᠤᠯ ᠵᠠᠩ ᠠᠢ ᠫᠢᠩ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃