2025-06-19 10:07:25
ᠤᠢ᠍ᠢᠷ᠎ᠠ᠎ᠶ᠋ᠢᠨ ᠵᠢᠯ᠎ᠡᠴᠡ᠂ ᠬᠥᠯᠥᠨ ᠪᠤᠢ᠌ᠷ ᠬᠤᠳᠠ᠎ᠶ᠋ᠢᠨ ᠬᠠᠢᠯᠠᠷ ᠲᠣᠭᠣᠷᠢᠭ᠎ᠤᠨ ᠬᠥᠯᠥᠨ ᠪᠠᠭ᠎ᠠ ᠰᠤᠷᠭᠠᠭᠤᠯᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠢ᠎ᠡ᠎ᠪᠡᠷ ᠳᠠᠮᠵᠢᠭᠤᠯᠤᠨ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠲᠡᠳᠡᠨ᠎ᠦ ᠦᠰᠦᠨ ᠪᠣᠢᠵᠢᠯᠲᠠ᠎ᠳᠤ ᠪᠠᠲᠤ ᠰᠠᠭᠤᠷᠢ ᠵᠢ ᠲᠠᠯᠪᠢᠵᠤ ᠥᠭ᠌ᠴᠡᠢ᠃
ᠬᠥᠯᠥᠨ ᠪᠠᠭ᠎ᠠ ᠰᠤᠷᠭᠠᠭᠤᠯᠢ ᠢᠮᠠᠭ᠍ᠲᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢ ᠰᠤᠷᠭᠠᠨ ᠬᠥᠮᠦᠵᠢᠯ᠎ᠦᠨ ᠠᠵᠢᠯ᠎ᠤᠨ ᠵᠠᠩᠭᠢᠯᠠᠭ᠎ᠠ᠎ᠶ᠋ᠢᠨ ᠪᠠᠢᠷᠢᠨ᠎ᠳᠤ ᠲᠠᠯᠪᠢᠵᠤ᠂ ᠡᠷᠲᠡᠨ᠎ᠦ ᠱᠢᠯᠦᠭ ᠳᠠᠭᠤᠯᠠᠯ᠂ ᠪᠤᠯᠪᠠᠰᠤᠷᠠᠯ ᠰᠤᠷᠢᠯᠳᠠ ᠪᠠ ᠶᠠᠷᠢᠶᠠᠨ᠎ᠤ ᠬᠡᠯᠡᠨ᠎ᠦ ᠬᠠᠷᠢᠯᠴᠠᠭ᠎ᠠ ᠵᠡᠷᠭᠡ ᠭᠣᠣᠯᠳᠠᠯᠭ᠎ᠠ᠎ᠲᠠᠶ ᠬᠢᠴᠢᠶᠡᠯ᠎ᠦᠨ ᠬᠡᠯᠪᠡᠷᠢ ᠳ᠋ᠡᠬᠢ ᠵᠢᠯᠣᠭᠣᠳᠭᠤ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠪ ᠪᠣᠯᠪᠠᠰᠤᠷᠠᠯ ᠪᠣᠯᠤᠨ ᠪᠣᠳᠠᠲᠠᠢ ᠬᠡᠷᠡᠭ᠌ᠯᠡᠭᠡᠨ᠎ᠦ ᠴᠢᠳᠠᠪᠤᠷᠢ᠎ᠶ᠋ᠢ ᠭᠣᠣᠯᠳᠠᠯᠭ᠎ᠠ᠎ᠲᠠᠶ ᠬᠥᠮᠦᠵᠢᠭᠦᠯᠪᠡ᠃
ᠭᠦᠨ ᠵᠤᠵᠠᠭᠠᠨ ᠰᠤᠷᠤᠯᠴᠠᠬᠤ ᠠᠭᠤᠷ ᠠᠮᠢᠰᠭᠤᠯ᠎ᠢ ᠪᠣᠶ ᠪᠣᠯᠭᠠᠬᠤ᠎ᠶ᠋ᠢᠨ ᠲᠥᠯᠥᠭᠡ᠂ ᠲᠣᠰ ᠰᠤᠷᠭᠠᠭᠤᠯᠢ ᠣᠯᠠᠨ ᠶᠠᠩᠵᠤ᠎ᠶ᠋ᠢᠨ ᠬᠥᠳᠡᠯᠭᠡᠭᠡᠨ ᠥᠷᠨᠢᠭᠦᠯᠪᠡ᠃ ᠰᠤᠷᠤᠯᠭ᠎ᠠ᠎ᠶ᠋ᠢᠨ ᠬᠤᠭᠤᠴᠠᠭ᠎ᠠ ᠪᠦᠷᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠤᠷᠠᠨ ᠪᠢᠴᠢᠯᠭᠡ᠎ᠶ᠋ᠢᠨ ᠦᠵᠡᠰᠭᠦᠯᠡᠩ᠂ ᠥᠪᠡᠷᠮᠢᠴᠡ ᠣᠨᠴᠠᠯᠢᠭ᠎ᠲᠠᠶ ᠳᠠᠰᠭᠠᠯ᠎ᠤᠨ ᠦᠵᠡᠭᠦᠯᠭᠡ᠂ ᠶᠠᠷᠢᠶ᠎ᠠ ᠢᠯᠡᠳᠭᠡᠯ᠂ ᠱᠢᠯᠦᠭ ᠳᠠᠭᠤᠯᠠᠯ᠎ᠤᠨ ᠤᠷᠠᠨ ᠤᠩᠱᠢᠯᠭ᠎ᠠ᠂ ᠪᠣᠯᠪᠠᠰᠤᠷᠠᠯ᠎ᠤᠨ ᠤᠷᠤᠯᠳᠤᠭᠠᠨ ᠵᠡᠷᠭᠡ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠬᠤ ᠳᠤᠷ᠎ᠠ ᠰᠣᠨᠢᠷᠬᠠᠯ᠎ᠢ ᠭᠦᠢᠴᠡᠳ ᠬᠥᠭ᠌ᠵᠢᠭᠡᠵᠠᠢ᠃ ᠰᠤᠷᠭᠠᠭᠤᠯᠢ᠎ᠶ᠋ᠢᠨ ᠰᠡᠳᠬᠦᠯ 《ᠬᠥᠯᠥᠨ ᠴᠣᠮᠣᠷᠯᠢᠭ》 ᠨᠢ ᠬᠤᠭᠤᠴᠠᠭ᠎ᠠ ᠪᠦᠷᠢ ᠭᠤᠷᠪᠠ᠎ᠠᠴᠠ ᠵᠢᠷᠭᠤᠳᠤᠭᠠᠷ ᠣᠨ᠎ᠤ ᠱᠢᠯᠢᠳᠡᠭ ᠵᠣᠬᠢᠶᠠᠯ᠎ᠢᠶᠠᠨ ᠨᠠᠷᠢᠨ ᠨᠢᠮᠪᠠᠶ ᠰᠣᠩᠭᠣᠨ ᠨᠡᠢᠲᠡᠯᠡᠵᠦ᠍᠂ ᠰᠤᠷᠤᠭ᠍ᠴᠢᠳ᠎ᠤᠨ ᠰᠤᠷᠤᠯᠴᠠᠬᠤ ᠢᠳᠡᠪᠬᠢᠵᠢᠯ᠎ᠢ ᠪᠦᠲᠦᠮᠵᠢᠲᠡᠶ ᠳᠠᠢᠴᠢᠯᠠᠭ᠍ᠰᠠᠨ ᠪᠠᠢᠨ᠎ᠠ᠃ ᠪᠠᠭ᠍ᠰᠢ᠎ᠶ᠋ᠢᠨ ᠡᠩᠨᠡᠭᠡᠨ᠎ᠦ ᠪᠠᠢᠭᠤᠯᠤᠯᠲᠠ ᠪᠣᠯᠤᠨ ᠵᠢᠭᠠᠨ ᠰᠤᠷᠭᠠᠯᠲᠠ᠎ᠶ᠋ᠢᠨ ᠲᠥᠯᠥᠪᠵᠢᠭᠦᠯᠭᠡ᠎ᠶ᠋ᠢᠨ ᠲᠠᠯ᠎ᠠ᠎ᠪᠠᠷ᠂ ᠬᠥᠯᠥᠨ ᠪᠠᠭ᠎ᠠ ᠰᠤᠷᠭᠠᠭᠤᠯᠢ ᠨᠢ ᠬᠠᠢᠯᠠᠷ ᠲᠣᠭᠣᠷᠢᠭ᠎ᠤᠨ ᠱᠧᠩ ᠯᠢ ᠵᠡᠭᠡᠯᠢ᠎ᠶ᠋ᠢᠨ ᠪᠠᠭ᠎ᠠ ᠰᠤᠷᠭᠠᠭᠤᠯᠢ᠂ ᠨᠠᠨ ᠺᠠᠶ ᠵᠠᠮ᠎ᠤᠨ ᠪᠠᠭ᠎ᠠ ᠰᠤᠷᠭᠠᠭᠤᠯᠢ᠎ᠲᠠᠶ ᠬᠠᠪᠰᠤᠷᠤᠨ ᠲᠡᠳᠬᠦᠬᠦ᠌ ᠬᠠᠷᠢᠴᠠᠭ᠎ᠠ ᠪᠠᠢᠭᠤᠯᠪᠠ᠃ ᠰᠤᠷᠤᠯᠭ᠎ᠠ᠎ᠶ᠋ᠢᠨ ᠬᠤᠭᠤᠴᠠᠭ᠎ᠠ ᠬᠤᠪᠢᠶᠠᠨ ᠠᠵᠢᠯᠯᠠᠭᠤᠯᠬᠤ 《ᠨᠡᠷᠡᠲᠦ ᠪᠠᠭ᠍ᠰᠢ》 ᠶ᠋ᠢᠨ ᠠᠵᠢᠯᠯᠠᠬᠤ ᠭᠠᠵᠠᠷ᠂ ᠨᠢᠭᠡ ᠴᠣᠭ᠍ᠴᠠᠵᠢᠭᠤᠯᠤᠭ᠍ᠰᠠᠨ ᠱᠢᠯᠭᠠᠨ ᠬᠢᠨᠠᠯᠳᠠ ᠵᠢᠴᠢ 《 ᠪᠠᠭ᠍ᠰᠢ ᠱᠠᠪᠢ᠎ᠶ᠋ᠢᠨ ᠳᠦᠷᠢᠮ 》 ᠵᠢᠡᠷ ᠬᠥᠮᠦᠵᠢᠭᠦᠯᠬᠦ᠌ ᠵᠡᠷᠭᠡ ᠠᠷᠭ᠎ᠠ ᠮᠠᠶᠢᠭ᠎ᠢ ᠬᠡᠷᠡᠭ᠌ᠵᠢᠭᠦᠯᠬᠦ᠌᠎ᠪᠡᠷ ᠳᠠᠮᠵᠢᠨ᠂ ᠬᠡᠯᠡ ᠪᠢᠴᠢᠭ᠎ᠦᠨ ᠪᠠᠭ᠍ᠰᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ ᠪᠠ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠠᠢ᠃ ᠡᠭᠦᠨ᠎ᠦ ᠬᠠᠮᠲᠤ᠂ ᠰᠤᠷᠭᠠᠭᠤᠯᠢ᠎ᠠᠴᠠ ᠰᠣᠷᠣᠭ᠍ᠴᠢ᠎ᠶ᠋ᠢᠨ ᠠᠳᠠᠯᠢ ᠪᠤᠰᠤ ᠰᠤᠷᠤᠯᠭ᠎ᠠ᠎ᠶ᠋ᠢᠨ ᠱᠠᠲᠤᠨ᠎ᠤ ᠣᠨᠴᠠᠯᠢᠭ᠎ᠢ ᠦᠨᠳᠦᠰᠦᠯᠡᠨ᠂ ᠬᠠᠨᠳᠤᠯᠭᠠᠲᠤ ᠴᠢᠨᠠᠷᠲᠠᠶ ᠵᠢᠭᠠᠨ ᠰᠤᠷᠭᠠᠯᠲᠠ᠎ᠶ᠋ᠢᠨ ᠲᠥᠯᠥᠪᠯᠡᠭᠡ᠎ᠶ᠋ᠢ ᠲᠣᠭ᠍ᠲᠠᠭᠠᠪᠠ᠄ ᠨᠢᠭᠡᠳᠦᠭᠡᠷ᠂ ᠬᠣᠶᠠᠳᠤᠭᠠᠷ ᠣᠨ ᠪᠦᠯᠬᠦᠮ ᠨᠡᠢᠲᠡ᠎ᠶ᠋ᠢᠨ ᠠᠵᠢᠯᠯᠠᠭ᠎ᠠ᠂ ᠬᠢᠴᠢᠶᠡᠯ᠎ᠦᠨ ᠭᠠᠳᠠᠨᠠᠬᠢ ᠤᠩᠱᠢᠯᠭ᠎ᠠ᠂ ᠦᠶ᠋ᠯᠡᠳᠦᠯᠭᠡ᠎ᠶ᠋ᠢᠨ ᠠᠵᠢᠯᠯᠠᠭ᠎ᠠ ᠪᠠ ᠭᠠᠷ ᠤᠷᠠᠯᠠᠯ᠎ᠤᠨ ᠠᠵᠢᠯᠯᠠᠭ᠎ᠠ ᠪᠡᠷ ᠭᠤᠤᠯᠳᠠᠭᠤᠯᠵᠤ; ᠭᠤᠷᠪᠠ᠎ᠠᠴᠠ ᠵᠢᠷᠭᠤᠳᠤᠭᠠᠷ ᠣᠨ ᠬᠢᠴᠢᠶᠡᠯ᠎ᠦᠨ ᠭᠠᠳᠠᠨᠠᠬᠢ ᠤᠩᠱᠢᠯᠭ᠎ᠠ᠂ ᠳᠠᠰᠭᠠᠯ᠎ᠤᠨ ᠬᠠᠪᠰᠤᠷᠤᠨ ᠵᠢᠯᠤᠭᠤᠳᠤᠯᠭ᠎ᠠ᠂ ᠪᠦᠯᠬᠦᠮ ᠨᠡᠢᠲᠡ᠎ᠶ᠋ᠢᠨ ᠠᠵᠢᠯᠯᠠᠭ᠎ᠠ ᠪᠠ ᠶᠡᠷᠦᠩᠬᠡᠢᠯᠡᠭ᠌ᠰᠡᠨ ᠦᠢᠯᠡᠳᠦᠯᠭᠡ᠎ᠶ᠋ᠢ ᠴᠢᠩᠭᠠᠳᠭᠠᠵᠤ᠂ ᠰᠤᠷᠤᠭ᠍ᠴᠢᠳ᠎ᠤᠨ ᠶᠠᠷᠢᠯᠴᠠᠭ᠎ᠠ᠂ ᠦᠰᠦᠭ ᠲᠠᠨᠢᠬᠤ᠂ ᠤᠩᠱᠢᠯᠭ᠎ᠠ ᠪᠠ ᠵᠣᠬᠢᠶᠠᠨ ᠪᠢᠴᠢᠯᠭᠡ᠎ᠶ᠋ᠢᠨ ᠲᠠᠯ᠎ᠠ᠎ᠶ᠋ᠢᠨ ᠪᠣᠯᠪᠠᠰᠤᠷᠠᠯ᠎ᠢ ᠪᠦᠬᠦ᠌ ᠲᠠᠯ᠎ᠠ᠎ᠪᠠᠷ ᠴᠢᠩᠭᠠᠳᠭᠠᠪᠠ᠃
ᠬᠥᠯᠥᠨ ᠪᠠᠭ᠎ᠠ ᠰᠤᠷᠭᠠᠭᠤᠯᠢ᠎ᠶ᠋ᠢᠨ ᠵᠠᠬᠢᠷᠤᠯ ᠠᠷᠪᠢᠨ᠂ ᠰᠤᠷᠭᠠᠭᠤᠯᠢ ᠡᠴᠡ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠠᠵᠢᠯ᠎ᠢ ᠦᠷᠭᠦᠯᠵᠢᠯᠡᠨ ᠠᠬᠢᠭᠤᠯᠵᠤ᠂ ᠵᠢᠭᠠᠨ ᠰᠤᠷᠭᠠᠬᠤ ᠠᠷᠭ᠎ᠠ ᠪᠣᠯᠤᠨ ᠠᠵᠢᠯᠯᠠᠭ᠎ᠠ᠎ᠶ᠋ᠢᠨ ᠬᠡᠯᠪᠡᠷᠢ᠎ᠪᠡᠨ ᠲᠠᠰᠤᠷᠠᠯᠲᠠ ᠦᠭᠡᠢ ᠱᠢᠨᠡᠴᠢᠯᠡᠵᠦ᠍᠂ ᠰᠤᠷᠤᠭ᠍ᠴᠢᠳ᠎ᠢ ᠮᠡᠷᠡᠢᠨ ᠴᠢᠷᠮᠠᠢᠬᠤ ᠰᠤᠷᠤᠯᠴᠠᠯᠭ᠎ᠠ ᠵᠢᠨ ᠠᠭᠤᠷ ᠠᠮᠢᠰᠭᠤᠯ ᠳᠤᠮᠳᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠨᠡᠩ ᠰᠠᠢᠲᠤᠷ ᠡᠵᠡᠮᠱᠢᠭᠦᠯᠵᠦ᠍᠂ ᠢᠷᠡᠭᠡᠳᠦᠢ᠎ᠶ᠋ᠢᠨ ᠬᠥᠭ᠌ᠵᠢᠯᠲᠡ ᠵᠢᠨ ᠵᠠᠮ᠎ᠢ ᠨᠢ ᠦᠷᠭᠡᠳᠭᠡᠨ᠎ᠡ ᠭᠡᠵᠦ᠍ ᠢᠯᠡᠳᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃